ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠵᠦᠸᠧᠽᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠶᠤᠯᠭᠦᠢ ᠤᠶᠢᠯᠡᠳᠪᠦᠷᠢᠯᠡᠯ ᠤᠨ  ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2020-03-09
    2020 ᠣᠨ ᠤ 2 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠠᠶᠤᠯᠭᠦᠢ ᠤᠶᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠰᠢᠩ ᠭᠦᠸᠧ ᠰᠢᠶᠠᠨ ᠵᠡᠷᠭᠡ ᠬᠥᠮᠦᠰ ᠵᠦᠸᠧᠽᠢ ᠰᠢᠶᠠᠨ ᠤ ᠰᠢᠶᠠᠩ ᠶᠦᠨ ᠲᠡᠮᠦᠷ ᠬᠠᠶᠢᠯᠤᠰᠢ ᠶᠢᠨ  ᠬᠢᠵᠠᠭᠠᠷᠲᠦ ᠺᠣᠮᠫᠠᠨᠢ ᠪᠣᠯᠤᠨ ᠰᠦ ᠰᠢᠨ ᠬᠠᠶᠢᠯᠤᠰᠢ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠤᠶᠢᠯᠡᠳᠪᠦᠷᠢᠯᠡᠯ ᠤᠨ ᠠᠵᠢᠯ ᠢ ᠦᠷᠨᠢᠭᠦᠯᠦᠭᠰᠡᠨ ᠪᠠᠶᠢᠳᠠᠯ ᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠤ ᠲᠤᠰᠢᠶᠠᠯ ᠬᠠᠷᠢᠴᠠᠭᠤᠯᠭ᠎ᠠ ᠪᠠᠨ ᠭᠦᠢᠴᠡᠳᠬᠡᠭᠰᠡᠨ ᠪᠠᠶᠢᠳᠠᠯ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ᠂ ᠠᠵᠢᠯᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠵᠡᠷᠭᠡ ᠶᠢ ᠭᠤᠤᠯᠳᠠᠯᠭ᠎ᠠ ᠲᠠᠢ ᠨᠠᠷᠢᠨ ᠨᠢᠮᠪᠠᠶ ᠪᠠᠶᠢᠴᠠᠭᠠᠪᠠ᠃    ᠪᠠᠶᠢᠴᠠᠭᠠᠬᠤ ᠳᠤᠭᠤᠶᠢᠯᠠᠩ ᠤᠨ ᠬᠢᠨ ᠵᠦᠸᠧᠽᠢ ᠰᠢᠶᠠᠨ ᠤ ᠠᠵᠤ ᠠᠬᠤᠶᠢᠯᠠᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠶᠤᠯᠭᠦᠶ ᠤᠶᠢᠯᠡᠳᠪᠦᠷᠢᠯᠡᠯ ᠵᠡᠷᠭᠡ ᠲᠠᠯ᠎ᠠ ᠶᠢᠨ ᠠᠵᠢᠯ ᠢ ᠨᠤᠲᠠᠯᠠᠵᠤ᠂ ᠡᠭᠦᠨ ᠤ ᠬᠠᠮᠲᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠂ ᠵᠢᠷᠤᠮᠵᠢᠯ ᠢᠶᠠᠷ ᠬᠦᠷᠦᠯᠴᠡᠬᠦ ᠥᠬᠡᠶ ᠪᠠᠶᠢᠬᠤ᠂ ᠠᠵᠢᠯ ᠤᠨ ᠪᠢᠯᠧᠲ ᠢ ᠲᠠᠭᠯᠠᠨ ᠪᠢᠴᠢᠬᠦ ᠨᠢ ᠵᠢᠷᠤᠮᠵᠢᠯ ᠥᠬᠡᠶ ᠪᠠᠶᠢᠬᠤ ᠵᠡᠷᠭᠡ ᠠᠰᠠᠭᠤᠳᠠᠯ ᠢ ᠵᠢᠭᠠᠵᠤ ᠭᠠᠷᠭᠠᠪᠠ᠃ ᠳᠤᠷᠠᠳᠤᠭᠰᠠᠨ ᠰᠠᠨᠠᠯ ᠰᠠᠨᠠᠭᠤᠯᠭ᠎ᠠ ᠶᠣᠰᠣᠭᠠᠷ᠂ ᠵᠦᠸᠧᠽᠢ ᠰᠢᠶᠠᠨ ᠤ ᠱᠠᠭᠠᠷᠳᠠᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠤᠨ ᠬᠠᠮᠢᠶ᠎ᠠ ᠪᠦᠬᠦᠢ ᠠᠵᠤ ᠠᠬᠤᠶᠢᠯᠠᠯ ᠲᠣᠰ ᠲᠣᠰ ᠤᠨ ᠡᠭᠦᠷᠭᠡ ᠬᠠᠷᠢᠴᠠᠭᠤᠯᠭ᠎ᠠ ᠳᠠᠭᠠᠨ ᠰᠠᠭᠤᠷᠢᠯᠠᠨ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠠᠵᠢᠯ ᠤᠨ ᠲᠣᠭᠲᠠᠴᠠ ᠪᠣᠯᠤᠨ  ᠣᠯᠠᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠳᠡᠭᠡᠲᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠤᠶᠢᠯᠡᠳᠪᠦᠷᠢᠯᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ  ᠶᠤᠰᠤᠭᠠᠷ᠂ ᠡᠯ᠎ᠡ ᠵᠦᠢᠯ ᠤᠨ ᠠᠵᠢᠯ ᠢ ᠲᠡᠷᠡ ᠶᠣᠰᠣᠭᠠᠷ ᠨᠢ ᠰᠠᠶᠢᠲᠤᠷ ᠬᠢᠵᠦ᠂ ᠠᠵᠢᠯᠲᠠᠨ ᠤ ᠡᠷᠡᠭᠦᠯ ᠮᠡᠨᠳᠦ ᠪᠠ ᠤᠶᠢᠯᠡᠳᠪᠦᠷᠢᠯᠡᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃                               ᠤᠷᠴᠢᠭᠤᠯᠤᠭᠴᠢ ᠨᠠᠶᠢᠷᠠᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2