ᠡᠨᠡ ᠵᠢᠯ ᠮᠠᠨ ᠤ ᠰᠢᠶᠠᠨ ᠳᠤ ᠪᠠᠷᠤᠭ 3512 ᠲᠣᠨ ᠬᠢᠮᠢ ᠶᠢᠨ ᠪᠤᠷᠳᠤᠭᠤᠷ᠂ 488 ᠲᠣᠨ ᠲᠠᠷᠢᠶᠠᠯᠠᠩ ᠤᠨ | ᠬᠠᠯᠢᠰᠤ᠂ 31 ᠲᠣᠨ ᠲᠠᠷᠢᠶᠠᠨ ᠡᠮ ᠬᠡᠷᠡᠭᠰᠡᠨ᠎ᠡ᠃ ᠣᠳᠣᠬᠠᠨ ᠳᠤ᠂ ᠮᠠᠨ ᠤ ᠰᠢᠶᠠᠨ ᠤ ᠲᠤᠰᠬᠠᠶ ᠠᠵᠢᠯ ᠤᠨ | ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠰᠢᠭᠤᠳ ᠤᠶᠢᠯᠡᠳᠪᠦᠷᠢᠯᠡᠯ ᠤᠨ ᠤᠶᠢᠯᠡᠳᠪᠦᠷᠢ ᠲᠠᠢ ᠬᠠᠷᠢᠯᠴᠠᠵᠤ | ᠬᠢᠮᠢ ᠶᠢᠨ ᠪᠤᠷᠳᠤᠭᠤᠷ 2000 ᠲᠣᠨ᠂ ᠰᠦᠯᠢᠶᠣᠣ ᠪᠦᠷᠬᠦᠪᠴᠢ 280 ᠲᠣᠨ᠂ 13 ᠲᠣᠨ ᠲᠠᠷᠢᠶᠠᠨ ᠡᠮ | ᠵᠠᠬᠢᠶᠠᠯᠠᠪᠠ ᠃ 4 ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠨᠡᠶᠢᠲᠡ 1000 ᠲᠣᠨ ᠬᠢᠮᠢ ᠶᠢᠨ ᠪᠣᠷᠳᠣᠭᠤᠷ᠂ | 100 ᠲᠣᠨ ᠰᠦᠯᠢᠶᠣᠣ ᠪᠦᠷᠬᠦᠪᠴᠢ᠂ 12 ᠲᠣᠨ ᠲᠠᠷᠢᠶᠠᠨ ᠡᠮ ᠬᠠᠳᠠᠭᠠᠯᠠᠵᠤ ᠪᠠᠶᠢᠨ᠎ᠠ᠃ ᠪᠥᠬᠦ | ᠰᠢᠶᠠᠨ ᠢᠶᠠᠷ ᠢᠶᠠᠨ ᠨᠡᠶᠢᠲᠡ 1.4 ᠲᠦᠮᠡᠨ ᠲᠣᠨ ᠰᠠᠶᠢᠨ ᠡᠭᠦᠯᠳᠡᠷ ᠨᠥᠭᠡᠴᠡᠯᠡᠵᠦ᠂ ᠡᠭᠦᠨ ᠳᠤ ᠲᠥᠮᠥᠰᠥ ᠶᠢᠨ | ᠦᠷ᠎ᠡ ᠶᠢᠨ ᠲᠥᠮᠥᠰᠥ 1.3 ᠲᠦᠮᠡᠨ ᠲᠣᠨ᠂ ᠤᠤᠯ ᠡᠭᠦᠯᠳᠡᠷ ᠨᠢ 0.8 ᠲᠦᠮᠡᠨ ᠲᠣᠨ᠂ ᠢᠳᠡᠰᠢᠨ | ᠨᠣᠭᠤᠭ᠎ᠠ ᠶᠢᠨ ᠦᠷ᠎ᠡ ᠨᠢ 10 ᠲᠣᠨ ᠪᠠᠶᠢᠵᠤ᠂ ᠪᠤᠰᠤᠳ ᠲᠠᠷᠢᠮᠠᠯ ᠤᠨ ᠦᠷ᠎ᠡ ᠲᠠᠷᠢᠶᠠᠴᠢᠨ ᠡᠷᠦᠬᠡ ᠴᠥᠮ | ᠦᠯᠡᠳᠡᠭᠡᠵᠡᠶ᠃ ᠪᠦᠬᠦᠯᠢ ᠴᠣᠭᠴᠠ ᠠᠴᠠ ᠨᠢ ᠦᠵᠡᠪᠡᠯ᠂ ᠪᠥᠬᠦ ᠰᠢᠶᠠᠨ ᠤ ᠲᠠᠷᠢᠶᠠᠯᠠᠩ ᠤᠨ ᠤᠶᠢᠯᠡᠳᠪᠦᠷᠢᠯᠡᠯ ᠤᠨ | ᠬᠡᠷᠡᠭᠰᠡᠯ ᠨᠢ ᠬᠠᠪᠤᠷ ᠲᠠᠷᠢᠶᠠᠯᠠᠭ᠎ᠠ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | | | ᠤᠷᠴᠢᠭᠤᠯᠤᠭᠴᠢ ᠨᠠᠶᠢᠷᠠᠭᠤᠯᠤᠭᠴᠢ ᠪᠠᠶᠠᠨᠪᠠᠲᠦ |