ᠯᠢ ᠶᠢᠩ ᠳᠤᠭᠤᠶᠢᠯᠠᠩ ᠳᠠᠭᠠᠭᠤᠯᠤᠨ ᠴᠢ ᠰᠢᠶᠠ ᠶᠢᠩ ᠪᠠᠯᠭᠠᠰᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠤᠶᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-03-09
    2 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠂ ᠰᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢ ᠶᠢᠩ ᠪᠦᠯᠬᠦᠮ ᠳᠠᠭᠠᠭᠤᠯᠤᠨ ᠴᠢ ᠰᠢᠶᠠ ᠶᠢᠩ ᠪᠠᠯᠭᠠᠰᠤᠨ ᠳᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠤᠶᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠲᠤᠬᠠᠶ ᠶᠢᠨ ᠭᠠᠵᠠᠷ   ᠳᠤᠨᠢ ᠪᠠᠶᠢᠴᠠᠭᠠᠨ ᠵᠢᠯᠣᠭᠤᠳᠪᠠ᠃
   ᠰᠢᠶᠠᠨ ᠤ ᠤᠳᠤᠷᠢᠳᠤᠯᠭ᠎ᠠ ᠵᠤᠤ ᠵᠢᠶᠠᠨ ᠵᠢᠶᠦ᠋ᠨ᠂ ᠸᠠᠩ ᠢᠦᠢ ᠸᠧᠢ᠂ ᠵᠠᠩ ᠸᠧᠨ ᠺᠦᠢ᠂ ᠸᠠᠩ ᠸᠧᠢ᠂ ᠳ᠋ᠤᠸᠠᠨ ᠰᠢᠶᠦᠩ᠊ ᠲᠤᠤ᠂ ᠷᠧᠨ ᠴᠠᠩ ᠸᠠᠩ ᠵᠢᠴᠢ  ᠴᠢ ᠰᠢᠶᠠ ᠶᠢᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠠᠮᠲᠤ ᠪᠠᠶᠢᠴᠠᠭᠠᠪᠠ᠃    ᠲᠡᠷᠡ ᠴᠢᠬᠤᠯᠠᠴᠢᠯᠠᠭᠰᠠᠨ ᠨᠢ᠂ ᠮᠢᠨᠴᠦᠭᠦᠷᠡᠬᠦ ᠦᠵᠡᠯ ᠰᠠᠨᠠᠭ᠎ᠠ᠂ ᠭᠤᠷᠢᠳᠠᠬᠤ ᠪᠣᠳᠣᠯ᠂ ᠳᠠᠶᠢᠨ ᠠᠴᠠ  ᠬᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭ᠎ᠠ  ᠨᠠᠶᠢᠳᠠᠪᠦᠷᠢᠵᠢᠭᠦᠯᠵᠦ᠂ ᠬᠢᠵᠢᠭ ᠡᠪᠡᠳᠴᠢᠨ ᠣᠷᠣᠭᠤᠯᠬᠤ ᠶᠢ ᠴᠢᠩᠭ᠎ᠠ ᠰᠡᠷᠭᠡᠶᠢᠯᠡᠵᠦ᠂ ᠠᠵᠤ ᠠᠬᠤᠶᠢᠯᠠᠯ ᠤᠨ  ᠠᠵᠢᠯ ᠢᠶᠠᠨ ᠰᠡᠷᠭᠦᠭᠡᠬᠦ ᠶᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠪᠠᠷ ᠠᠬᠢᠭᠤᠯᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠠᠵᠤ ᠠᠬᠤᠶ ᠨᠡᠶᠢᠭᠡᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠶ ᠭᠡᠵᠡᠶ᠃
   ᠴᠢ ᠰᠢᠶᠠ ᠶᠢᠩ ᠪᠠᠯᠭᠠᠰᠤᠨ ᠤ ᠬᠤᠲᠠ ᠶᠢᠨ ᠲᠣᠭᠤᠷᠢᠭ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡ ᠳᠤ᠂ ᠯᠢ ᠶᠢᠩ ᠪᠣᠭᠤᠮᠲᠠ ᠶᠢᠨ ᠬᠥᠮᠦᠰ ᠤᠨ ᠵᠢᠵᠢᠭᠦᠷᠯᠡᠨ ᠰᠠᠬᠢᠬᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠪᠠ ᠬᠥᠮᠦᠰ ᠢ ᠵᠢᠭᠰᠠᠭᠠᠨ ᠪᠠᠶᠢᠴᠠᠭᠠᠵᠤ ᠳᠡᠩᠰᠡᠯᠡᠨ ᠲᠡᠮᠳᠡᠭᠯᠡᠬᠦ ᠵᠡᠷᠭᠡ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ︽ᠥᠯᠵᠡᠶ︾ ᠬᠠᠮᠢᠶᠠᠷᠤᠯᠲᠠ ᠶᠢᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠢ ᠲᠦᠷᠭᠡᠳᠬᠡᠵᠦ᠂ ᠨᠡᠭᠦᠳᠡᠯ ᠬᠥᠮᠦᠰ ᠢ ᠵᠢᠭᠰᠠᠭᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠡᠵᠡᠮᠳᠡᠯ ᠢ ᠬᠠᠤᠯᠢ ᠶᠣᠰᠣᠭᠠᠷ ᠥᠷᠨᠢᠭᠦᠯᠵᠦ᠂ ᠲᠡᠷᠭᠡ ᠳᠠᠭᠠᠷᠠᠪᠠᠯ ᠵᠠᠪᠠᠯ ᠪᠠᠶᠢᠴᠠᠭᠠᠬᠤ᠂ ᠬᠥᠮᠦᠨ ᠳᠠᠭᠠᠷᠠᠪᠠᠯ ᠵᠠᠪᠠᠯ ᠪᠠᠶᠢᠴᠠᠭᠠᠬᠤ ᠶᠢ ᠪᠠᠲᠤᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠬᠤ ᠬᠡᠷᠡᠭᠲᠡᠶ᠃
   ᠢ ᠳ᠋ᠦᠩ ᠳ᠋ᠦᠩ ᠰᠢᠩ ᠬᠢᠮᠢ ᠶᠢᠨ ᠠᠵᠤ ᠤᠶᠢᠯᠡᠳᠪᠦᠷᠢ ᠶᠢᠨ ᠺᠣᠮᠫᠠᠨᠢ ᠳᠤ᠂ ᠯᠢ ᠶᠢᠩ ᠨᠡᠷ ᠠᠵᠢᠯᠲᠠᠨ ᠤ ᠬᠤᠭᠤᠯᠠᠨ ᠭᠡᠷ ᠲᠤ ᠣᠷᠣᠵᠤ᠂ ᠲᠡᠷᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠬᠤᠭᠤᠯᠠᠨ ᠬᠡᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠵᠢᠷᠤᠮᠵᠢᠯ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠬᠤᠭᠤᠯᠠᠨ ᠬᠡᠷ ᠤᠨ ᠰᠠᠯᠬᠢ ᠨᠡᠪᠲᠡᠷᠡᠭᠦᠯᠦᠨ ᠠᠷᠢᠭᠤᠳᠬᠠᠬᠤ ᠶᠢ ᠴᠢᠩᠭᠠᠳᠬᠠᠨ᠂ ᠬᠤᠭᠤᠯᠠᠨ ᠬᠤᠪᠢᠶᠠᠵᠤ ᠬᠤᠭᠤᠯᠠ ᠢᠳᠡᠬᠦ ᠵᠡᠷᠭᠡ ᠲᠦᠷᠢᠮ ᠢ ᠰᠠᠶᠢᠲᠤᠷ ᠬᠡᠷᠡᠭᠵᠢᠭᠦᠯᠵᠦ᠂ ᠠᠵᠢᠯᠲᠠᠨ ᠠᠵᠢᠯᠴᠢᠨ ᠤ ᠬᠠᠮᠳᠦ ᠪᠠᠷ ᠬᠤᠭᠤᠯᠠ ᠢᠳᠡᠬᠦ ᠠᠴᠠ ᠵᠠᠶᠢᠯᠠᠰᠬᠢᠬᠦ ᠬᠡᠷᠡᠭᠲᠡᠶ ᠭᠡᠵᠦ ᠵᠠᠬᠢᠪᠠ᠃
   ᠰᠠᠭᠤᠭᠠᠯᠢ ᠠᠷᠠᠳ ᠤᠨ ᠠᠮᠢᠳᠤᠷᠠᠯ ᠤᠨ ᠡᠳ᠋ ᠪᠣᠳᠠᠰ ᠤᠨ ᠬᠠᠩᠭᠠᠯᠭ᠎ᠠ ᠭᠦᠢᠴᠡᠳ ᠡᠰᠡᠬᠦ᠂ ᠬᠥᠮᠦᠨ ᠣᠯᠠᠨ ᠴᠤᠭᠯᠠᠷᠠᠵᠤ ᠪᠠᠶᠢᠭ᠎ᠠ ᠭᠠᠵᠠᠷ ᠲᠤ ᠰᠠᠯᠬᠢ ᠨᠡᠪᠲᠡᠷᠡᠭᠦᠯᠦᠨ ᠤᠰᠠᠳᠬᠠᠬᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ ᠴᠢᠳᠠᠬᠤ ᠡᠰᠡᠬᠦ ᠶᠢ ᠯᠢ ᠶᠢᠩ ᠮᠠᠰᠢ ᠠᠩᠬᠠᠷᠴᠤ ᠪᠠᠶᠢᠨ᠎ᠠ᠃ ᠲᠡᠷᠡ ᠹᠦ᠋ ᠸᠠᠨ ᠵᠢᠶᠠ ᠬᠡᠲᠦ ᠳᠡᠯᠭᠡᠭᠦᠷ ᠲᠤ ᠬᠦᠷᠴᠦ᠂ ᠠᠮᠤ ᠪᠤᠳᠠᠭ᠎ᠠ ᠲᠣᠰᠣ ᠵᠡᠷᠭᠡ ᠠᠮᠢᠳᠤᠷᠠᠯ ᠤᠨ ᠡᠳ᠋ ᠪᠤᠳᠠᠰ ᠤᠨ ᠨᠥᠭᠡᠴᠡ ᠵᠢᠴᠢ ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠬᠡᠲᠦ ᠳᠡᠯᠭᠡᠭᠦᠷ ᠤᠨ ᠬᠠᠮᠲᠤᠷᠠᠭᠰᠠᠨ ᠬᠥᠮᠦᠰ ᠤᠨ ᠳᠤᠯᠠᠭᠠᠨ ᠤ ᠬᠡᠮᠵᠢᠯᠲᠡ ᠶᠢᠨ ᠲᠡᠮᠳᠡᠭᠯᠡᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠬᠠᠮᠲᠤ ᠶᠠᠪᠤᠵᠤ ᠪᠠᠶᠢᠭ᠎ᠠ ᠰᠢᠶᠠᠨ ᠤ ᠤᠳᠤᠷᠢᠳᠤᠯᠭ᠎ᠠ ᠯᠤᠭ᠎ᠠ ᠲᠤᠬᠠᠶ ᠶᠢᠨ ᠭᠠᠵᠠᠷ ᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ  ᠰᠢᠢᠳᠪᠦᠷᠢᠯᠡᠪᠡ᠃                                ᠤᠷᠴᠢᠭᠤᠯᠤᠭᠴᠢ ᠨᠠᠶᠢᠷᠠᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2