ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠡᠬᠢᠯᠡᠭᠰᠡᠨ ᠠᠴᠠ | ᠨᠠᠰᠢ᠂ ᠪᠦᠬᠦ ᠰᠢᠶᠠᠨ ᠢᠶᠠᠷ ᠢᠶᠠᠨ ᠨᠠᠮ ᠤᠨ ᠲᠥᠪ ᠬᠤᠷᠢᠶᠠᠨ ᠤ ︽ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ | ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ︾ ᠠᠷᠭ᠎ᠠ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠦᠷᠢᠵᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠣᠨᠳᠣᠣ ᠭᠠᠵᠠᠷ ᠲᠤ ᠨᠡᠭᠦᠯᠭᠡᠬᠦ᠂ ᠰᠤᠷᠭᠠᠨ | ᠬᠦᠮᠦᠵᠢᠯ᠊ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠠᠷᠭ᠎ᠠ ᠬᠡᠮᠵᠢᠶ᠎ᠡ ᠶᠢᠨ | ᠶᠡᠷᠦᠩᠬᠡᠶᠢᠯᠡᠭᠰᠡᠨ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠵᠤ᠂ 2019 ᠣᠨ ᠤ ᠡᠴᠦᠰ ᠲᠤ ᠪᠦᠬᠦ ᠰᠢᠶᠠᠨ ᠤ | ᠶᠠᠳᠠᠭᠤ ᠬᠦᠴᠢᠷᠳᠡᠯ ᠡᠭᠦᠰᠬᠦ ᠨᠤᠷᠮ᠎ᠠ 0.265% ᠪᠣᠯᠲᠠᠯ᠎ᠠ ᠪᠠᠭᠤᠷᠠᠬᠤ ᠶᠢᠨ ᠬᠠᠮᠲᠤ ᠤᠯᠤᠰ ᠤᠨ ᠲᠡᠰ ᠤᠨ | ᠶᠠᠳᠠᠭᠤ ᠬᠦᠴᠢᠷᠳᠡᠯᠲᠡᠢ ᠰᠢᠶᠠᠨ ᠤ ᠮᠠᠯᠠᠭᠠᠢ ᠶᠢ ᠤᠷᠤᠭᠰᠢᠲᠠᠢ ᠪᠠᠷ ᠲᠠᠶᠠᠭᠳᠠᠨ ᠬᠠᠶᠠᠪᠠ᠃ ᠡᠨᠡ ᠵᠢᠯ ᠪᠣᠯ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠠᠮᠤᠭ ᠰᠡᠭᠦᠯᠴᠢ ᠶᠢᠨ ᠨᠢᠭᠡ ᠵᠢᠯ | ᠪᠣᠯᠤᠨ᠎ᠠ᠂ ᠰᠡᠭᠦᠯ ᠬᠤᠷᠢᠶᠠᠬᠤ ᠵᠢᠯ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠶᠢᠨ ᠨᠥᠯᠥᠭᠡ ᠳᠤ | ᠤᠴᠠᠷᠠᠵᠤ᠂ ᠦᠯᠡᠳᠡᠭᠰᠡᠨ 434 ᠶᠠᠳᠠᠭᠤ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ | ᠡᠭᠦᠷᠭᠡ ᠶᠢ ᠪᠡᠶᠡᠯᠡᠭᠦᠯᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ | ᠲᠠᠬᠢᠨ ᠶᠠᠳᠠᠭᠤᠷᠠᠬᠤ ᠪᠠ ᠰᠢᠨ᠎ᠡ ᠪᠠᠷ ᠨᠡᠮᠡᠭᠳᠡᠨ ᠶᠠᠳᠠᠭᠤᠷᠠᠬᠤ ᠶᠢ ᠰᠡᠷᠭᠡᠶᠢᠯᠡᠵᠦ᠂ ᠡᠭᠦᠷᠭᠡ ᠨᠡᠩ ᠬᠦᠨᠳᠦ᠂ | ᠱᠠᠭᠠᠷᠳᠠᠯᠭ᠎ᠠ ᠨᠡᠩ ᠥᠨᠳᠥᠷ ᠪᠣᠯᠪᠠ᠃ 3 ᠰᠠᠷ᠎ᠠ ᠶᠢᠨ 6 ᠤ ᠡᠳᠦᠷ ᠶᠡᠷᠦᠩᠬᠡᠢ ᠱᠦᠵᠢ ᠰᠢ ᠶᠢᠨ ᠫᠢᠩ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠡᠷᠴᠢ | ᠵᠣᠷᠢᠭ ᠢᠶᠠᠨ ᠰᠤᠯᠠᠷᠠᠭᠤᠯᠵᠤ ᠬᠤᠶᠢᠷᠭᠤᠰᠢᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠢᠲᠡᠭᠡᠯ ᠵᠣᠷᠢᠭ ᠢᠶᠠᠨ | ᠪᠠᠲᠤᠳᠬᠠᠨ᠂ ᠡᠷᠴᠢ ᠵᠣᠷᠢᠭ ᠢᠶᠠᠨ ᠳᠠᠬᠢᠨᠲᠠ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠨᠠᠷᠢᠯᠢᠭ ᠪᠣᠳᠠᠲᠠᠢ | ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ | ᠤᠯᠬᠤ ᠬᠡᠷᠡᠭᠲᠡᠢ᠃ | | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ | ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠣᠳᠣᠷᠬᠠᠶ ᠲᠠᠨᠢᠵᠤ᠂ ︽ᠬᠤᠶᠠᠷ ᠲᠤ ᠵᠣᠪᠠᠭ᠋ᠤ ᠥᠬᠡᠶ᠂ | ᠭᠤᠷᠪᠠ ᠶᠢ ᠪᠠᠲᠤᠯᠠᠬᠤ︾ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠶᠢ ᠴᠢᠩᠭ᠎ᠠ ᠠᠩᠬᠠᠷᠴᠤ᠂ ᠰᠠᠭᠤᠷᠢ | ᠲᠤᠭ᠎ᠠ ᠶᠢ ᠪᠥᠬᠦ ᠲᠠᠯ᠎ᠠ ᠪᠠᠷ ᠡᠵᠡᠮᠰᠢᠵᠦ᠂ ᠨᠠᠷᠢᠨ ᠬᠢᠨᠠᠮᠠᠭᠠᠶ ᠵᠠᠳᠠᠯᠤᠨ ᠰᠤᠳᠤᠯᠤᠨ ᠮᠠᠭᠠᠳᠯᠠᠵᠤ᠂ ᠠᠰᠠᠭᠤᠳᠠᠯ ᠤᠨ | ᠬᠡᠮ ᠰᠣᠭᠤᠭ ᠢ ᠡᠷᠢᠨ ᠣᠯᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠲᠥᠪ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ | ᠬᠠᠷᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ | ᠰᠢᠯᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ᠨᠢᠭᠡ ᠶᠢ ᠵᠦᠢᠴᠢᠯᠡᠵᠦ | ᠭᠤᠷᠪᠠ ᠢ ᠮᠡᠳᠡᠬᠦ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ | ᠣᠷᠣᠰᠢᠵᠤ ᠪᠠᠶᠢᠭ᠎ᠠ ᠡᠯ᠎ᠡ ᠲᠦᠷᠦᠯ ᠤᠨ ᠠᠰᠠᠭᠤᠳᠠᠯ ᠢ ᠭᠦᠨᠵᠡᠭᠡᠢ ᠡᠷᠢᠵᠦ᠂ ᠠᠰᠠᠭᠤᠳᠠᠯ ᠤᠨ ᠡᠬᠡ ᠲᠠᠩᠰᠠ ᠶᠢ | ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠲᠤᠲᠠᠭᠳᠠᠯ ᠪᠠ ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠨᠥᠬᠦᠪᠥᠷᠢᠯᠡᠬᠦ ᠬᠡᠷᠡᠭᠲᠡᠢ᠃ ᠡᠯ᠎ᠡ ᠰᠢᠶᠠᠩ | ᠪᠠᠯᠭᠠᠰᠤ᠂ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠵᠢᠴᠢ ᠲᠣᠰᠬᠤᠨ ᠢ ᠳᠠᠭᠠᠭᠠᠴᠢᠯᠠᠭᠰᠠᠨ ᠭᠤᠣᠯ | ᠬᠠᠷᠢᠭᠤᠴᠠᠯᠭᠠᠲᠠᠨ ᠨᠥᠬᠦᠳ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠦᠪᠡᠷ ᠤᠨ | ᠪᠡᠶ᠎ᠡ ᠪᠠᠷ ᠢᠶᠠᠨ ᠠᠰᠠᠭᠤᠳᠠᠯ ᠢ ᠰᠤᠳᠤᠯᠵᠤ᠂ ᠥᠪᠡᠷ ᠤᠨ ᠪᠡᠶ᠎ᠡ ᠪᠠᠷ ᠢᠶᠠᠨ ᠬᠦᠴᠢᠷ ᠠᠰᠠᠭᠤᠳᠠᠯ ᠢ ᠵᠤᠬᠢᠴᠠᠭᠤᠯᠤᠨ᠂ | ᠥᠪᠡᠷ ᠤᠨ ᠪᠡᠶ᠎ᠡ ᠪᠠᠷ ᠢᠶᠠᠨ ᠡᠭᠦᠷᠭᠡ ᠶᠢ ᠨᠢ ᠠᠰᠠᠭᠤᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠤᠤᠱᠢᠲᠠᠢ ᠠᠳᠬᠤᠬᠤ ᠶᠢ ᠪᠠᠲᠤᠯᠠᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠲᠡᠦᠬᠡ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ | ᠪᠣᠯᠭᠠᠬᠤ ᠬᠡᠷᠡᠭᠲᠡᠢ᠃ | | | ᠬᠤᠷᠠᠯ ᠠᠴᠠ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠨᠤᠷᠠᠬᠤ ᠠᠶᠤᠯᠲᠠᠢ ᠭᠡᠷ | ᠪᠠᠶᠢᠰᠢᠩ ᠢ ᠥᠭᠡᠷᠡᠴᠢᠯᠡᠨ ᠵᠠᠰᠠᠬᠤ᠂ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠤᠭᠳᠠᠭᠤᠯᠬᠤ᠂ ᠣᠨᠳᠣᠣ | ᠭᠠᠵᠠᠷ ᠲᠤ ᠨᠡᠭᠦᠯᠭᠡᠵᠦ ᠨᠡᠭᠦᠵᠦ ᠭᠠᠷᠬᠤ ᠣᠷᠣᠨ ᠤ ᠰᠤᠯᠠ ᠪᠠᠶᠢᠬᠤ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ | ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠲᠠᠯ ᠠ ᠪᠠᠷ ᠶᠠᠳᠠᠭᠤ ᠠᠴᠠ | ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ | ᠦᠷᠭᠦᠯᠵᠢᠯᠡᠨ ᠠᠬᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠲᠥᠷᠥᠯ ᠬᠤᠪᠢᠶᠠᠨ ᠬᠡᠷᠡᠭᠵᠢᠭᠦᠯᠵᠦ᠂ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠨ᠂ ᠠᠵᠢᠯ ᠢᠶᠠᠨ ᠪᠣᠳᠠᠲᠠᠶ ᠨᠠᠷᠢᠯᠢᠭ ᠬᠢᠵᠦ᠂ | ᠬᠥᠳᠡᠭᠡ ᠲᠣᠰᠬᠤᠨ ᠤ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ | ᠤᠶᠢᠯᠡᠴᠢᠯᠡᠭᠡᠨ ᠤ ᠳᠤᠲᠠᠭᠤᠳᠠᠯ ᠢ ᠲᠦᠷᠭᠡᠪᠴᠢᠯᠡ ᠨᠥᠬᠦᠪᠥᠷᠢᠯᠡᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠥᠬᠦ | ᠲᠠᠯ᠎ᠠ ᠶᠢᠨ ᠢᠯᠠᠯᠲᠠ ᠶᠢ ᠲᠡᠮᠡᠴᠡᠨ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ | ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |