3 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠲᠡᠯᠡᠶ ᠲᠠᠩᠭᠢᠰ ᠤᠨ ᠴᠢᠯᠠᠭᠤᠨ ᠲᠣᠰᠣᠨ ᠤ | ᠪᠦᠯᠦᠭᠯᠡᠯ ᠤᠨ ᠬᠢᠵᠠᠭᠠᠷᠲᠦ ᠺᠣᠮᠫᠠᠨᠢ ᠶᠢᠨ ᠬᠤᠶᠠᠳᠤᠭᠠᠷ ᠪᠦᠯᠦᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ | ᠬᠠᠨᠳᠢᠪ ᠬᠦᠷᠭᠡᠭᠰᠡᠨ ᠡᠳ᠋ ᠪᠣᠳᠠᠰ ᠵᠦᠸᠧᠽᠢ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠥᠪ ᠲᠤ ᠬᠦᠷᠴᠦ ᠢᠷᠡᠪᠡ᠃ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ | ᠡᠭᠦᠰᠦᠭᠰᠡᠨ ᠠᠴᠠ ᠨᠠᠰᠢ᠂ ᠳᠤᠮᠳᠠᠳᠦ ᠤᠯᠤᠰ ᠤᠨ ᠲᠡᠯᠡᠶ ᠲᠠᠩᠭᠢᠰ ᠤᠨ ᠴᠢᠯᠠᠭᠤᠨ ᠲᠣᠰᠣᠨ ᠤ ᠪᠦᠯᠦᠭᠯᠡᠯ ᠤᠨ | ᠬᠢᠵᠠᠭᠠᠷᠲᠤ ᠺᠣᠮᠫᠠᠨᠢ ᠠᠵᠤ ᠠᠬᠤᠶᠢᠯᠠᠯ ᠶᠢᠨ ᠳᠠᠪᠠᠭᠤᠯᠢᠭ ᠢ ᠠᠰᠢᠭᠯᠠᠨ᠂ ᠡᠯ᠎ᠡ ᠲᠠᠯ᠎ᠠ ᠶᠢᠨ ᠡᠬᠢ ᠪᠠᠶᠠᠯᠢᠭ ᠢ | ᠢᠳᠡᠪᠬᠢᠲᠡᠶ ᠵᠣᠬᠢᠴᠠᠭᠤᠯᠵᠤ᠂ ᠮᠠᠨ ᠤ ᠰᠢᠶᠡᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠵᠤ ᠪᠠᠴᠢᠮ | ᠪᠠᠶᠢᠳᠠᠯ ᠢ ᠠᠷᠭᠠᠴᠠᠬᠤ ᠡᠳ᠋ ᠪᠣᠳᠠᠰ ᠪᠡᠯᠡᠭᠯᠡᠨ ᠬᠦᠷᠭᠡᠵᠦ᠂ ᠵᠦᠸᠧᠽᠢ ᠰᠢᠶᠠᠨ ᠤ ᠰᠡᠷᠭᠡᠶᠢᠯᠡᠨ ᠡᠵᠡᠮᠳᠡᠬᠦ ᠠᠵᠢᠯ ᠢ | ᠳᠡᠮᠵᠢᠵᠦ᠂ ᠠᠵᠢᠯᠲᠠᠳ ᠲᠤ ᠡᠳ᠋ ᠪᠣᠳᠠᠰ ᠤᠨ ᠪᠠᠲᠤᠯᠠᠭ᠎ᠠ ᠬᠠᠩᠭᠠᠪᠠ᠃ | ᠳᠤᠮᠳᠠᠳᠤ ᠤᠯᠤᠰ ᠤᠨ ᠲᠡᠯᠡᠶ ᠶᠢᠨ ᠲᠣᠰᠣ ᠲᠣᠰ ᠤᠳᠠᠭ᠎ᠠ 500 ᠢᠵᠢ ᠬᠠᠮᠠᠭᠠᠯᠠᠯᠲᠠ ᠶᠢᠨ ᠬᠤᠪᠴᠠᠰᠤ | ᠬᠠᠨᠳᠢᠪᠯᠠᠪᠠ ︵ᠥᠷᠲᠡᠭ ᠨᠢ ᠪᠠᠷᠤᠭ 1.8 ᠲᠦᠮᠡᠨ ᠲᠥᠭᠦᠷᠢᠭ︶᠃ ᠣᠳᠣᠬᠠᠨ ᠪᠣᠯᠲᠠᠯ᠎ᠠ᠂ ᠳᠤᠮᠳᠠᠳᠤ | ᠤᠯᠤᠰ ᠤᠨ ᠳᠠᠯᠠᠶ ᠶᠢᠨ ᠲᠣᠰᠣ ᠮᠠᠨ ᠤ ᠰᠢᠶᠠᠨ ᠳᠤ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ | ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠬᠠᠨᠳᠢᠪᠯᠠᠪᠠ᠄ 84 ᠠᠷᠢᠭᠤᠳᠬᠠᠬᠤ ᠰᠢᠩᠭᠡᠨ ︵ᠤᠭ ᠰᠢᠩᠭᠡᠨ︶ 10 | ᠲᠣᠨ᠂ ᠰᠡᠷᠭᠡᠶᠢᠯᠡᠨ ᠬᠠᠮᠠᠭᠠᠯᠠᠬᠤ ᠠᠮᠠᠪᠴᠢ 400᠂ ᠰᠡᠷᠭᠡᠶᠢᠯᠡᠨ ᠬᠠᠮᠠᠭᠠᠯᠠᠬᠤ ᠬᠤᠪᠴᠠᠰᠤ 1000 ᠢᠵᠢ᠂ | ᠰᠡᠷᠭᠡᠶᠢᠯᠡᠨ ᠬᠠᠮᠠᠭᠠᠯᠠᠬᠤ ᠨᠢᠳᠦᠨ ᠰᠢᠯ 300 ᠪᠠᠶᠢᠵᠤ᠂ ᠶᠡᠷᠦᠩᠬᠡᠶ ᠥᠷᠲᠡᠭ ᠨᠢ ᠪᠠᠷᠤᠭ 59.5 ᠲᠦᠮᠡᠨ | ᠲᠥᠭᠦᠷᠢᠭ ᠪᠣᠯᠤᠨ᠎ᠠ᠃ | | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |