3 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠶᠢᠩ᠂ | ᠰᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠢ ᠶᠢᠩ ᠪᠦᠯᠬᠦᠮ ᠳᠠᠭᠠᠭᠤᠯᠤᠨ ᠢ ᠹᠦ᠋ ᠰᠤᠷᠭᠠᠭᠤᠯᠢ᠂ ᠵᠦᠸᠧᠽᠢ | ᠨᠢᠭᠡᠳᠦᠭᠡᠷ ᠳᠤᠮᠳᠠᠳᠤ ᠰᠤᠷᠭᠠᠭᠤᠯᠢ᠂ ᠵᠦᠸᠧᠽᠢ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ᠂ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠤᠨ᠂ ᠥᠨᠳᠥᠷ ᠵᠡᠷᠭᠡ ᠶᠢᠨ ᠭᠤᠷᠪᠠᠳᠤᠭᠠᠷ ᠣᠨ ᠤ | ᠰᠤᠷᠤᠭᠴᠢᠳ ᠤᠨ ᠬᠢᠴᠢᠶᠡᠯ ᠰᠡᠷᠭᠦᠭᠡᠬᠦ ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠤᠨ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ | ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠦᠨᠡᠨ ᠪᠣᠳᠠᠲᠠᠶ ᠨᠠᠷᠢᠯᠢᠭ ᠰᠠᠶᠢᠲᠤᠷ ᠬᠢᠵᠦ᠂ | ᠤᠷᠤᠭᠰᠢᠲᠠᠶ ᠪᠠᠷ ᠰᠤᠷᠭᠠᠭᠤᠯᠢ ᠡᠬᠢᠯᠡᠬᠦ᠂ ᠠᠮᠤᠷ ᠲᠦᠪᠰᠢᠨ ᠢᠶᠠᠷ ᠰᠤᠷᠭᠠᠭᠤᠯᠢ ᠡᠬᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠴᠢᠬᠤᠯᠠᠴᠢᠯᠠᠪᠠ᠃ | | | ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠷᠧᠨ ᠴᠠᠩ ᠸᠠᠩ ᠪᠠᠶᠢᠴᠠᠭᠠᠯᠲᠠ ᠳᠤ ᠣᠷᠣᠯᠴᠠᠵᠤ᠂ | ᠰᠢᠶᠡᠨ ᠤ ᠵᠠᠰᠠᠭ ᠤᠨ ᠣᠷᠳᠣᠨ ᠤ ᠠᠯᠪᠠᠨ ᠬᠡᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠵᠢᠴᠢ ᠡᠯ᠎ᠡ | ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠪᠠ᠃ | | | ᠬᠦᠷᠦᠭᠰᠡᠨ ᠭᠠᠵᠠᠷ ᠪᠣᠯᠭᠠᠨ ᠳᠤ᠂ ᠯᠢ ᠶᠢᠩ ᠴᠥᠮ ᠰᠤᠷᠭᠠᠭᠤᠯᠢ ᠶᠢᠨ ᠬᠠᠷᠢᠭᠤᠴᠠᠯᠭᠠᠲᠠᠨ ᠲᠠᠢ ᠳᠣᠲᠣᠨᠣ ᠪᠠᠷ | ᠶᠠᠷᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠬᠢᠴᠢᠶᠡᠯ | ᠰᠡᠷᠭᠦᠭᠡᠬᠦ ᠪᠡᠯᠡᠳᠬᠡᠯ᠂ ᠰᠡᠷᠭᠡᠶᠢᠯᠡᠨ ᠬᠠᠮᠠᠭᠠᠯᠠᠬᠤ ᠡᠳ᠋ ᠪᠠᠷᠠᠭ᠎ᠠ ᠨᠥᠭᠡᠴᠡᠯᠡᠬᠦ ᠪᠠᠲᠤᠯᠠᠭ᠎ᠠ ᠵᠡᠷᠭᠡ ᠪᠠᠶᠢᠳᠠᠯ ᠢ ᠨᠠᠷᠢᠨ | ᠣᠶᠢᠯᠠᠭᠠᠵᠤ᠂ ᠬᠢᠴᠢᠶᠡᠯ ᠤᠨ ᠬᠡᠷ᠂ ᠬᠤᠭᠤᠯᠠᠨ ᠬᠡᠷ᠂ ᠰᠣᠷᠣᠭᠴᠢ ᠶᠢᠨ ᠪᠠᠶᠢᠷᠢ ᠵᠡᠷᠭᠡ ᠬᠥᠮᠦᠨ ᠣᠯᠠᠨ ᠴᠤᠭᠯᠠᠷᠠᠬᠤ ᠭᠠᠵᠠᠷ | ᠲᠠᠯᠠᠪᠤᠷ ᠤᠨ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠬᠢᠴᠢᠶᠡᠯ | ᠰᠡᠷᠭᠦᠭᠡᠬᠦ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠯᠠᠪᠯᠠᠨ ᠠᠰᠠᠭᠤᠵᠤ᠂ ᠪᠣᠳᠠᠲᠠᠶ ᠰᠠᠨᠠᠯ ᠰᠠᠨᠠᠭᠤᠯᠭ᠎ᠠ | ᠳᠤᠷᠠᠳᠪᠠ᠃ | | | ᠯᠢ ᠶᠢᠩ ᠳᠠᠭᠠᠵᠤ ᠶᠠᠪᠤᠭ᠎ᠠ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ | ᠨᠥᠬᠦᠳ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠥᠰᠦᠯ ᠲᠣᠭᠲᠠᠭᠠᠵᠤ᠂ ᠰᠡᠷᠭᠡᠶᠢᠯᠡᠨ ᠡᠵᠡᠮᠳᠡᠵᠦ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠵᠢᠯ ᠤᠨ ᠴᠤᠪᠤᠷᠠᠯ ᠢ | ᠲᠣᠳᠣᠷᠬᠠᠶᠢᠯᠠᠵᠤ᠂ ᠰᠡᠷᠭᠡᠶᠢᠯᠡᠨ ᠡᠵᠡᠮᠳᠡᠬᠦ ᠰᠣᠷᠢᠯᠲᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠠᠯᠳᠠᠰᠢ | ᠭᠠᠷᠬᠤ ᠶᠢ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃ ᠪᠠᠭᠰᠢ ᠪᠣᠯᠤᠨ ᠰᠤᠷᠤᠭᠴᠢᠳ ᠢ ᠵᠣᠬᠢᠶᠠᠨ ᠪᠠᠶᠢᠭᠤᠯᠤᠨ | ᠰᠡᠷᠭᠡᠶᠢᠯᠡᠨ ᠡᠵᠡᠮᠳᠡᠬᠦ ᠮᠡᠳᠡᠯᠭᠡ ᠪᠣᠯᠤᠨ ᠰᠡᠷᠭᠡᠶᠢᠯᠡᠨ ᠡᠵᠡᠮᠳᠡᠬᠦ ᠳᠦᠷᠢᠮ ᠤᠨ ᠪᠣᠯᠪᠠᠰᠤᠷᠠᠭᠤᠯᠤᠯ ᠰᠤᠷᠤᠯᠴᠠᠯᠭ᠎ᠠ ᠶᠢ | ᠥᠷᠨᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠤᠨ ᠨᠠᠷᠢᠯᠢᠭ ᠵᠢᠷᠤᠮᠵᠢᠯ ᠤᠨ ᠪᠠᠷᠢᠮᠵᠢᠶ᠎ᠠ ᠶᠢ ᠪᠡᠶᠡᠯᠡᠭᠦᠯᠵᠦ᠂ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠵᠢᠯᠯᠠᠭ᠎ᠠ ᠶᠢ ᠤᠷᠤᠭᠰᠢᠲᠠᠶ ᠥᠷᠨᠢᠭᠦᠯᠬᠦ ᠶᠢ ᠪᠠᠲᠤᠯᠠᠬᠤ | ᠬᠡᠷᠡᠭᠲᠡᠶ᠃ ᠲᠡᠷᠡ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠳ ᠢ ᠰᠤᠷᠤᠭᠴᠢᠳ ᠤᠨ ᠴᠠᠭ ᠵᠦᠷᠢᠨ ᠬᠢᠴᠢᠶᠡᠯ ᠳᠤ ᠭᠠᠷᠴᠤ | ᠬᠢᠴᠢᠶᠡᠯ ᠪᠠᠭᠤᠬᠤ᠂ ᠲᠣᠭᠲᠠᠭᠰᠠᠨ ᠴᠠᠭ ᠲᠤ ᠠᠷᠢᠭᠤᠳᠬᠠᠬᠤ᠂ ᠲᠣᠭᠲᠠᠭᠰᠠᠨ ᠴᠠᠭ ᠲᠠᠭᠠᠨ ᠳᠤᠯᠠᠭᠠᠨ ᠢ ᠬᠡᠮᠵᠢᠬᠦ᠂ | ᠬᠤᠭᠤᠯᠠ ᠬᠤᠪᠢᠶᠠᠬᠤ ᠳᠦᠷᠢᠮ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ | ᠪᠤᠲᠠᠲᠦ ᠪᠠᠶᠢᠳᠠᠯ ᠲᠠᠢ ᠪᠠᠨ ᠤᠶᠠᠯᠳᠤᠭᠤᠯᠤᠨ ᠵᠢᠭᠠᠨ ᠰᠤᠷᠭᠠᠬᠤ ᠲᠥᠰᠦᠯ ᠢᠶᠠᠨ ᠲᠤᠬᠢᠷᠠᠭᠤᠯᠤᠨ᠂ ᠵᠢᠭᠠᠨ ᠰᠤᠷᠭᠠᠬᠤ ᠶᠠᠰᠤ | ᠴᠢᠨᠠᠷ ᠢᠶᠠᠨ ᠳᠡᠭᠡᠭᠰᠢᠯᠡᠭᠦᠯᠵᠦ᠂ ᠵᠢᠭᠠᠨ ᠰᠤᠷᠭᠠᠬᠤ ᠬᠡᠪ ᠤᠨ ᠡᠮᠬᠢ ᠵᠢᠷᠤᠮ ᠢ ᠲᠦᠷᠭᠡᠬᠡᠨ ᠰᠡᠷᠭᠦᠭᠡᠵᠦ᠂ ᠬᠢᠵᠢᠭ ᠤᠨ | ᠪᠠᠶᠢᠳᠠᠯ ᠪᠠᠷ ᠰᠠᠭᠠᠲᠠᠭᠠᠭᠰᠠᠨ ᠬᠢᠴᠢᠶᠡᠯ ᠢᠶᠠᠨ ᠨᠥᠬᠦᠪᠥᠷᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ | | | | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |