ᠣᠶᠢᠷ᠎ᠠ ᠳᠤ ᠵᠦᠸᠧᠽᠢ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠪᠠᠶᠠᠨᠰᠢᠯᠢ ᠶᠢᠨ ᠬᠠᠤᠯᠢ ᠴᠠᠭᠠᠵᠠ | ᠶᠢᠨ ᠭᠠᠵᠠᠷ ᠤᠨ ᠠᠵᠢᠯᠲᠠᠳ ᠪᠠᠶᠠᠨᠰᠢᠯᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ ᠪᠦᠬᠦᠢ | ᠤᠳᠤᠷᠢᠳᠤᠯᠭ᠎ᠠ ᠨᠠᠷ ᠲᠠᠢ ᠬᠠᠮᠲᠤ ᠺᠤᠸᠠᠢ ᠯᠧ ᠪᠣᠯᠤᠨ ᠰᠢ ᠹᠠᠩ ᠽᠢ ᠵᠡᠷᠭᠡ ᠵᠠᠰᠠᠭ ᠵᠠᠬᠢᠷᠭᠠᠨ ᠤ ᠲᠣᠰᠬᠤᠨ ᠳᠤ | ᠭᠦᠨᠵᠡᠭᠡᠶᠢᠷᠡᠨ᠂ ᠣᠯᠠᠨ ᠲᠦᠮᠡᠨ ᠤ ᠲᠤᠰᠬᠠᠭᠰᠠᠨ ᠵᠠᠷᠢᠮ ᠠᠰᠠᠭᠤᠳᠠᠯ ᠤᠨ ᠲᠤᠬᠠᠶ ᠬᠠᠨᠳᠤᠯᠭᠠᠲᠦ ᠴᠢᠨᠠᠷ ᠲᠠᠢ ᠪᠠᠷ | ᠪᠠᠶᠢᠴᠠᠭᠠᠨ ᠵᠢᠭᠰᠠᠭᠠᠵᠤ᠂ ᠰᠤᠷᠪᠤᠯᠵᠢᠯᠠᠵᠤ᠂ ᠵᠠᠷᠢᠮ ᠵᠥᠷᠢᠴᠡᠯ ᠵᠢᠭᠤᠷᠠᠯᠳᠤᠭᠠᠨ ᠤ ᠰᠦᠪᠡᠭᠴᠢ ᠶᠢ ᠡᠮᠬᠢᠯᠡᠵᠦ | ᠭᠠᠷᠭᠠᠪᠠ᠃ | ᠣᠯᠠᠨ ᠲᠦᠮᠡᠨ ᠢ ᠣᠶᠢᠯᠭᠠᠨ ᠪᠠᠶᠢᠴᠠᠭᠠᠵᠤ ᠰᠤᠷᠪᠤᠯᠵᠢᠯᠠᠬᠤ ᠪᠠᠷ ᠳᠠᠮᠵᠢᠭᠠᠳ᠂ ᠪᠠᠶᠠᠨᠰᠢᠯᠢ ᠬᠠᠤᠯᠢ ᠴᠠᠭᠠᠵᠠ | ᠶᠢᠨ ᠭᠠᠵᠠᠷ ᠤᠨ ᠠᠵᠢᠯᠲᠠᠨ ᠣᠶᠢᠯᠠᠭᠠᠵᠤ ᠮᠡᠳᠡᠭᠰᠡᠨ ᠨᠢ᠂ ᠺᠤᠸᠠᠢ ᠯᠧ ᠵᠠᠰᠠᠭ ᠵᠠᠬᠢᠷᠭᠠᠨ ᠤ ᠲᠣᠰᠬᠤᠨ ᠤ ᠠᠷᠠᠳ | ᠵᠠᠩ ᠣᠪᠣᠭᠲᠤ ᠵᠡᠷᠭᠡ ᠬᠥᠮᠦᠨ ᠢᠶᠠᠷ ᠲᠦᠷᠦᠭᠦᠯᠡᠭᠦᠯᠦᠭᠰᠡᠨ ᠬᠡᠳᠦᠨ ᠲᠣᠰᠬᠤᠨ ᠤ ᠠᠷᠠᠳ᠂ ᠭᠠᠵᠠᠷ ᠰᠢᠷᠦᠢ ᠶᠢᠨ | ᠡᠷᠬᠡ ᠶᠢ ᠨᠤᠲᠠᠯᠠᠨ ᠲᠣᠭᠲᠠᠭᠠᠬᠤ ᠡᠨᠡ ᠬᠦ ᠠᠵᠢᠯ ᠤᠨ ᠳᠤᠮᠳᠠ᠂ ᠵᠠᠰᠠᠭ ᠵᠠᠬᠢᠷᠭᠠᠨ ᠤ ᠲᠣᠰᠬᠤᠨ ᠤ ᠺᠠᠳ᠋ᠷ | ᠭᠤᠤᠯᠴᠢ ᠪᠤᠰᠤ᠂ ᠠᠰᠠᠭᠤᠳᠠᠯ ᠣᠷᠣᠰᠢᠵᠤ ᠪᠠᠶᠢᠨ᠎ᠠ ᠭᠡᠵᠦ ᠦᠵᠡᠵᠦ᠂ ᠦᠨᠡᠨ ᠪᠠᠶᠢᠳᠠᠯ ᠢ ᠮᠡᠳᠡᠬᠦ ᠥᠬᠡᠶ ᠣᠯᠠᠨ | ᠲᠦᠮᠡᠨ ᠢ ᠵᠣᠬᠢᠶᠠᠨ ᠪᠠᠶᠢᠭᠤᠯᠵᠤ ᠥᠳᠥᠭᠡᠨ ᠵᠠᠰᠠᠭ ᠵᠠᠬᠢᠷᠭᠠᠨ ᠤ ᠲᠣᠰᠬᠤᠨ ᠪᠠ ᠵᠠᠰᠠᠭ ᠵᠠᠬᠢᠷᠭᠠᠨ ᠤ ᠺᠠᠳ᠋ᠷ ᠢ | ᠪᠦᠰᠡᠯᠡᠨ ᠳᠠᠭᠠᠷᠢᠭᠰᠠᠨ ᠪᠠᠶᠢᠨ᠎ᠠ᠃ ᠵᠠᠩ ᠣᠪᠣᠭᠲᠤ ᠢᠶᠠᠷ ᠲᠣᠯᠣᠭᠠᠶᠢᠯᠠᠭᠤᠯᠤᠭᠰᠠᠨ ᠬᠡᠳᠦᠨ ᠰᠤᠯᠠ ᠰᠡᠯᠡᠭᠦᠦ | ᠭᠠᠴᠠᠭᠠᠨ ᠤ ᠠᠷᠠᠳ ᠤᠯᠠᠭᠠᠨᠴᠠᠪ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠳᠤ ᠬᠦᠷᠴᠦ ᠳᠡᠭᠡᠭᠰᠢ | ᠰᠤᠷᠪᠤᠯᠵᠢᠯᠠᠭᠠᠳ ᠮᠠᠰᠢ ᠮᠠᠭᠤ ᠨᠦᠯᠦᠭᠡ ᠭᠠᠷᠭᠠᠭᠰᠠᠨ ᠪᠠᠶᠢᠨ᠎ᠠ᠃ | ᠪᠠᠶᠠᠨᠰᠢᠯᠢ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠬᠥᠮᠦᠰ ᠲᠠᠢ ᠬᠠᠮᠵᠢᠯᠴᠠᠨ ᠪᠠᠰᠠ ᠶᠡᠭᠡ ᠬᠡᠮᠵᠢᠶᠡᠨ ᠤ ᠰᠤᠷᠪᠤᠯᠵᠢᠯᠠᠭ᠎ᠠ ᠬᠢᠬᠦ᠂ | ᠪᠠᠶᠢᠴᠠᠭᠠᠯᠲᠠ ᠬᠢᠬᠦ᠂ ᠭᠡᠷᠡᠴᠢ ᠠᠪᠬᠤ ᠠᠵᠢᠯ ᠬᠢᠭᠰᠡᠨ ᠪᠥᠭᠡᠳ ᠵᠠᠩ ᠣᠪᠣᠭᠲᠤ ᠶᠢᠨ ᠲᠤᠰ ᠪᠡᠶ᠎ᠡ ᠶᠢ ᠪᠣᠯᠵᠣᠨ | ᠶᠠᠷᠢᠯᠴᠠᠪᠠ᠃ ᠶᠡᠭᠡ ᠬᠡᠮᠵᠢᠶᠡᠨ ᠤ ᠪᠣᠳᠠᠲᠤ ᠬᠡᠷᠡᠭ ᠪᠠ ᠭᠡᠷᠡᠴᠢ ᠪᠠᠷᠢᠮᠲᠠ ᠶᠢᠨ ᠡᠮᠦᠨ᠎ᠡ᠂ ᠵᠠᠩ ᠣᠪᠣᠭᠲᠤ | ᠥᠪᠡᠷ ᠤᠨ ᠬᠠᠤᠯᠢ ᠪᠠᠷ ᠵᠠᠰᠠᠬᠤ ᠤᠬᠠᠮᠰᠠᠷ ᠳᠤᠲᠠᠮᠠᠭ ᠪᠠᠶᠢᠵᠤ᠂ ᠭᠠᠷᠭᠠᠭᠰᠠᠨ ᠪᠤᠷᠤᠭᠤ ᠦᠢᠯᠡ ᠠᠵᠢᠯᠯᠠᠭ᠎ᠠ ᠪᠠᠨ | ᠲᠠᠨᠢᠵᠦ ᠠᠷᠢᠬᠢᠨ ᠤ ᠬᠦᠴᠦᠨ ᠳᠤ ᠥᠪᠡᠷ ᠢᠶᠠᠷ ᠵᠠᠮ ᠵᠠᠭᠤᠷ᠎ᠠ ᠶᠢᠨ ᠦᠭᠡ ᠶᠠᠷᠢᠶ᠎ᠠ ᠶᠢᠨ ᠦᠨᠡᠨ ᠪᠠᠶᠢᠳᠠᠯ ᠨᠢ | ᠲᠣᠳᠣᠷᠬᠠᠶ ᠦᠭᠡᠢ ᠳᠡᠭᠡᠷ᠎ᠡ ᠲᠠᠷᠢᠬᠢ ᠲᠣᠯᠣᠭᠠᠶ ᠬᠥᠭᠡᠷᠴᠦ᠂ ᠪᠤᠷᠤᠭᠤ ᠦᠢᠯᠡ ᠠᠵᠢᠯᠯᠠᠭ᠎ᠠ ᠬᠢᠭᠰᠡᠨ ᠳᠡᠭᠡᠨ | ᠭᠡᠮᠰᠢᠵᠤ ᠬᠤᠶᠢᠰᠢᠳᠠ ᠵᠠᠪᠠᠯ ᠬᠠᠤᠯᠢ ᠴᠠᠭᠠᠵᠠ ᠶᠢᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠰᠠᠬᠢᠯᠭ᠎ᠠ | ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠬᠤ ᠰᠠᠶᠢᠨ ᠭᠠᠴᠠᠭᠠᠨ ᠤ ᠠᠷᠠᠳ ᠪᠤᠯᠤᠨ᠎ᠠ ᠭᠡᠪᠡ᠃ | |