ᠵᠦᠸᠧᠽᠢ ᠰᠢᠶᠠᠨ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠢᠴᠢ ᠦᠷ᠎ᠡ ᠪᠦᠲᠦᠮᠵᠢ ᠶᠢ ᠰᠢᠯᠭᠠᠨ ᠬᠢᠨᠠᠬᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-14
    4 ᠰᠠᠷ᠎ᠠ ᠶᠢᠨ 8 ᠤ ᠡᠳᠦᠷ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠢᠴᠢ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ  ᠤᠷᠳᠤᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ ᠬᠤᠷᠠᠯ ᠳᠤ ᠣᠷᠣᠯᠴᠠᠵᠤ᠂ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ  ᠸᠠᠨ ᠺᠦᠶ ᠬᠤᠷᠠᠯ ᠡᠷᠭᠢᠯᠡᠪᠡ᠃    ᠬᠤᠷᠠᠯ ᠳᠡᠭᠡᠷ᠎ᠡ ᠲᠠᠷᠢᠶᠠᠯᠠᠩ ᠤᠨ ᠪᠠᠩᠬᠢ ᠶᠢᠨ ᠵᠦᠸᠧᠽᠢ ᠰᠠᠯᠪᠤᠷᠢ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠵᠦᠸᠧᠽᠢ ᠰᠠᠯᠪᠤᠷᠢ ᠪᠠᠩᠬᠢ᠂ ᠵᠦᠸᠧᠽᠢ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠵᠦᠸᠧᠽᠢ ᠮᠤᠩ ᠶᠢᠨ ᠲᠣᠰᠬᠤᠨ ᠪᠠᠯᠭᠠᠰᠤ ᠶᠢᠨ ᠪᠠᠩᠬᠢ ᠲᠣᠰ ᠲᠣᠰ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠦᠷ᠎ᠡ ᠪᠦᠲᠦᠮᠵᠢ ᠶᠢ ᠬᠢᠨᠠᠨ ᠰᠢᠯᠭᠠᠭᠰᠠᠨ ᠠᠰᠠᠭᠤᠳᠠᠯ ᠤᠨ ᠬᠠᠷᠢᠭᠤ ᠲᠤᠰᠬᠠᠯ ᠪᠠ  ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠤᠳᠠᠭ᠎ᠠ ᠪᠦᠷᠢ ᠶᠢᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠯᠲᠠ ᠵᠢᠴᠢ ᠪᠠᠶᠢᠴᠠᠭᠠᠨ ᠰᠤᠳᠤᠯᠤᠯᠲᠠ ᠬᠢᠵᠦ ᠢᠯᠡᠷᠡᠭᠦᠯᠦᠭᠰᠡᠨ  ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠪᠣᠶ ᠪᠥᠬᠦᠶ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠪᠣᠳᠠᠲᠤ ᠦᠷ᠎ᠡ ᠪᠦᠲᠦᠮᠵᠢ ᠤᠯᠪᠠ᠃    ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠪᠥᠬᠦ ᠰᠢᠶᠠᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ︔ ᠰᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ ︽ᠤᠯᠠᠭᠠᠨᠴᠠᠪ ᠬᠤᠲᠠ ᠶᠢᠨ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠫᠠᠶᠢᠰᠠ ᠡᠯᠭᠦᠨ ᠲᠡᠶᠢᠨ ᠢ ᠬᠢᠨᠠᠨ ᠪᠠᠶᠢᠴᠠᠭᠠᠬᠤ ᠠᠵᠢᠯ ᠤᠨ ᠲᠥᠰᠦᠯ︾ ︵ ᠤᠯᠠᠭᠠᠨᠴᠠᠪ ᠬᠤᠲᠠ ᠶᠢᠨ ᠠᠯᠪᠠᠨ ᠲᠠᠷᠬᠠᠭᠠᠭᠰᠠᠨ ︹ 2020 ︺ 9 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠵᠢᠷᠭᠤᠭᠠᠨ ᠲᠠᠯ᠎ᠠ ᠪᠠᠷ ᠮᠠᠨ ᠤ ᠰᠢᠶᠠᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠫᠠᠶᠢᠰᠠ ᠡᠯᠭᠦᠨ ᠪᠠᠶᠢᠯᠳᠤᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠂ ᠨᠢᠭᠡ ᠳᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠵᠢᠭᠡᠯᠡᠯᠭᠡ ᠲᠠᠯᠪᠢᠭᠰᠠᠨ ᠪᠠᠶᠢᠳᠠᠯ ᠢ ᠡᠵᠡᠮᠰᠢᠨ᠎ᠡ︔ ᠬᠤᠶᠠᠷ ᠲᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ︽ᠡᠷᠬᠢᠨ ᠬᠠᠷᠠᠬᠤ︾  ᠠᠵᠢᠯ ᠢ ᠥᠷᠨᠢᠭᠦᠯᠵᠦ᠂ 6 ᠵᠦᠢᠯ ᠤᠨ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠪᠥᠬᠦ ᠲᠠᠯ᠎ᠠ ᠪᠠᠷ  ᠨᠠᠶᠢᠳᠠᠪᠦᠷᠢᠵᠢᠭᠤᠯᠤᠨ᠎ᠠ︔ ᠭᠤᠷᠪᠠ ᠳᠤ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠬᠤᠭᠤᠴᠠᠭ᠎ᠠ ᠬᠡᠲᠦᠷᠡᠭᠰᠡᠨ ᠪᠠ ᠡᠷᠡᠭᠦᠯ ᠪᠤᠰᠤ ᠵᠢᠭᠡᠯᠡᠯᠭᠡ ᠶᠢ ᠲᠣᠬᠢᠲᠠᠶ ᠰᠢᠢᠳᠪᠦᠷᠢᠯᠡᠨ᠎ᠡ︔ ᠳᠥᠷᠪᠡ ᠳᠤ ︽ᠡᠷᠦᠬᠡ ᠠᠮᠠ ᠶᠢᠨ ᠵᠢᠭᠡᠯᠡᠯᠭᠡ ᠶᠢᠨ ᠠᠵᠤ ᠠᠬᠤᠶᠢᠯᠠᠯ ᠢ ᠬᠡᠷᠡᠭᠯᠡᠬᠦ︾ ᠪᠠᠶᠢᠳᠠᠯ ᠢ ᠤᠶᠢᠯᠭᠠᠵᠤ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠤᠨ᠎ᠠ︔ ᠲᠠᠪᠤ ᠳᠤ ᠠᠰᠠᠭᠤᠳᠠᠯ ᠢ ᠢᠯᠡᠷᠡᠭᠦᠯᠦᠨ ᠡᠮᠬᠢᠯᠡᠬᠦ ᠪᠠ ᠴᠡᠭᠴᠡᠯᠡᠨ ᠰᠠᠶᠢᠵᠢᠷᠠᠭᠤᠯᠬᠤ︔ ᠵᠢᠷᠭᠤᠭ᠎ᠠ ᠳᠤ ᠬᠢᠵᠢᠭ ᠤᠨ ᠨᠥᠯᠥᠭᠡ ᠶᠢ ᠲᠣᠬᠢᠲᠠᠶ ᠠᠷᠭᠠᠴᠠᠨ᠎ᠠ᠃
   ᠬᠤᠷᠠᠯ ᠳᠡᠭᠡᠷ᠎ᠡ᠂ ᠸᠠᠩ ᠢᠦᠶ ᠸᠧᠶ ᠳᠡᠳ᠋ ᠰᠢᠶᠠᠨ ᠤ ᠳᠠᠷᠤᠭ᠎ᠠ ᠴᠢᠬᠤᠯᠠᠴᠢᠯᠠᠭᠰᠠᠨ ᠨᠢ᠂ ᠲᠠᠷᠢᠶᠠᠯᠠᠩ ᠤᠨ ᠪᠠᠩᠭᠢ ᠶᠢᠨ ᠵᠦᠸᠧᠽᠢ ᠰᠠᠯᠪᠤᠷᠢ ᠪᠠᠩᠬᠢ᠂ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠵᠦᠸᠧᠽᠢ ᠰᠠᠯᠪᠤᠷᠢ ᠪᠠᠩᠬᠢ᠂ ᠵᠦᠸᠧᠽᠢ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠵᠦᠸᠧᠽᠢ ᠮᠤᠩ ᠶᠢᠨ ᠲᠣᠰᠬᠤᠨ ᠪᠠᠯᠭᠠᠰᠦᠨ ᠤ ᠪᠠᠩᠬᠢ ᠦᠵᠡᠯ ᠰᠠᠨᠠᠭ᠎ᠠ ᠪᠠᠨ ᠨᠢᠭᠡᠳᠬᠡᠨ᠂ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ︔ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠦᠸᠧᠽᠢ ᠬᠢᠨᠠᠨ ᠬᠠᠮᠢᠶᠠᠷᠬᠤ ᠳᠤᠭᠤᠶᠢᠯᠠᠩ ᠨᠢ ᠵᠢᠭᠡᠯᠡᠯᠭᠡ ᠳᠠᠭᠠᠭᠠᠭᠰᠠᠨ 4 ᠪᠠᠩᠬᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠵᠢᠭᠡᠯᠡᠯᠭᠡ ᠶᠢᠨ ᠴᠤᠪᠤᠷᠠᠯ ᠢ ᠵᠢᠷᠤᠮᠵᠢᠭᠤᠯᠤᠨ᠂ ᠱᠠᠭᠠᠷᠳᠠᠯᠭ᠎ᠠ ᠶᠣᠰᠣᠭᠠᠷ ᠵᠢᠭᠡᠯᠡᠯᠭᠡ ᠲᠠᠯᠪᠢᠬᠤ ᠠᠴᠠ ᠡᠮᠦᠨ᠎ᠡ ᠪᠠᠶᠢᠴᠠᠭᠠᠬᠤ᠂ ᠵᠢᠭᠡᠯᠡᠯᠭᠡ ᠲᠠᠯᠪᠢᠬᠤ ᠶᠢᠨ ᠳᠤᠮᠳᠠ ᠬᠢᠨᠠᠨ ᠪᠠᠶᠢᠴᠠᠭᠠᠬᠤ᠂ ᠵᠢᠭᠡᠯᠡᠯᠭᠡ ᠲᠠᠯᠪᠢᠭᠰᠠᠨ ᠤ ᠳᠠᠷᠠᠭ᠎ᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠵᠢᠭᠡᠯᠡᠯᠭᠡ ᠲᠠᠯᠪᠢᠬᠤ ᠠᠵᠢᠯ ᠢ ᠴᠠᠭ ᠲᠤᠬᠠᠶ ᠳᠤᠨᠢ᠂ ᠨᠠᠷᠢᠯᠢᠭ  ᠤᠨᠤᠪᠴᠢᠲᠠᠢ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠠᠲᠤᠯᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ  ᠤᠶᠢᠯᠡᠳᠪᠦᠷᠢᠯᠡᠯ ᠤᠨ ᠪᠠᠯᠠ ᠮᠥᠩᠭᠦ ᠶᠢ ᠬᠥᠭᠵᠢᠭᠦᠯᠬᠦ ︽ᠪᠣᠭᠤᠮᠢ︾ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ︔ ᠡᠯ᠎ᠡ ᠰᠢᠶᠠᠩ ᠪᠠᠯᠭᠠᠰᠤ ᠨᠤᠭᠤᠳ ᠲᠣᠰᠬᠤᠨ ᠤ ᠠᠷᠠᠳ ᠤᠨ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ  ᠭᠦᠢᠴᠡᠳ ᠳᠠᠶᠢᠴᠢᠯᠠᠨ ᠰᠢᠶᠠᠩ ᠪᠠᠯᠭᠠᠰᠤ ᠶᠢᠨ ᠪᠠᠩᠬᠢ ᠶᠢ ᠬᠠᠮᠵᠢᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠠᠵᠢᠯ ᠢ ᠥᠷᠨᠢᠭᠦᠯᠬᠦ ᠶᠢᠨ ᠬᠠᠮᠲᠤ᠂ ᠡᠯ᠎ᠡ ᠪᠠᠩᠬᠢ ᠨᠤᠭᠤᠳ ᠠᠵᠢᠯ ᠤᠨ ᠤᠷ᠎ᠠ ᠮᠡᠷᠭᠡᠵᠢᠯ ᠢ ᠠᠩᠬᠠᠷᠴᠦ᠂ ᠠᠮᠢᠳᠤᠯᠢᠭ ᠣᠯᠠᠨ ᠶᠠᠩᠵᠤ ᠶᠢᠨ ᠠᠵᠢᠯᠯᠠᠬᠤ ᠠᠷᠭ᠎ᠠ ᠶᠢ ᠬᠡᠷᠡᠭᠯᠡᠨ ᠠᠵᠢᠯ ᠢᠶᠠᠨ ᠥᠷᠨᠢᠭᠦᠯᠵᠦ᠂  ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠡᠷᠦᠬᠡ ᠳᠤ ︽ᠵᠢᠭᠡᠯᠡᠯᠭᠡ ᠠᠪᠤᠪᠠᠯ ᠵᠣᠬᠢᠬᠤ ᠶᠢ ᠨᠢ ᠪᠦᠬᠦᠨ ᠢ ᠵᠢᠭᠡᠯᠡᠭᠦᠯᠬᠦ︾ ᠶᠢ ᠪᠡᠶᠡᠯᠡᠭᠦᠯᠵᠦ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠥᠬᠡᠶ ᠶᠠᠳᠠᠭᠤ ᠬᠦᠴᠢᠷᠳᠡᠯᠲᠡᠶ ᠡᠷᠦᠬᠡ ᠳᠤ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠵᠢᠭᠡᠯᠡᠯᠭᠡ ᠲᠠᠯᠪᠢᠬᠤ ᠬᠠᠷᠢᠴᠠᠯ ᠳᠣᠤᠷ᠎ᠠ᠂ ᠬᠤᠷᠳᠤᠴᠠ ᠤᠳᠠᠭᠠᠨ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠰᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ ᠨᠢ ᠡᠯ᠎ᠡ ᠬᠤᠯᠪᠣᠭᠳᠠᠯ ᠪᠦᠬᠦᠢ ᠨᠢᠭᠡᠴᠢ ᠪᠠ ᠵᠢᠭᠡᠯᠡᠯᠭᠡ ᠳᠠᠭᠠᠭᠠᠬᠤ ᠪᠠᠩᠬᠢ ᠶᠢ ᠵᠣᠬᠢᠴᠠᠭᠤᠯᠤᠨ ᠠᠬᠢᠭᠤᠯᠵᠤ ᠪᠠᠶᠢᠭᠠᠳ ᠮᠠᠨ ᠤ ᠰᠢᠶᠠᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠮᠠᠨ ᠤ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳᠡᠮᠵᠢᠬᠦ ᠰᠢᠯᠭᠠᠨ ᠦᠨᠡᠯᠡᠬᠦ ᠠᠷᠭ᠎ᠠ ᠶᠢ ᠲᠣᠭᠲᠠᠭᠠᠬᠤ ᠬᠡᠷᠡᠭᠲᠡᠢ᠃     ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2