4 ᠰᠠᠷ᠎ᠠ ᠶᠢᠨ 13 ᠤ ᠡᠳᠦᠷ᠂ ᠮᠠᠨ ᠤ ᠰᠢᠶᠠᠨ 2020 ᠣᠨ ᠤ ᠰᠢᠶᠠᠨ ᠤ ᠨᠠᠮ ᠤᠨ ᠬᠤᠷᠢᠶᠠᠨ ᠤ | ᠠᠵᠢᠯ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠪᠠᠶᠢᠭᠤᠯᠤᠯᠲᠠ ᠶᠢᠨ ᠰᠢᠨ᠎ᠡ | ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠯᠢ ᠣᠯᠠᠨ | ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2019 ᠣᠨ ᠤ ᠪᠥᠬᠦ | ᠰᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ | ᠣᠯᠠᠨ ᠲᠦᠮᠡᠨ ᠤ ᠪᠦᠯᠬᠦᠮ ᠤᠨ ᠠᠵᠢᠯ ᠢ ᠡᠷᠭᠢᠴᠡᠭᠦᠯᠦᠨ ᠳ᠋ᠦᠩᠨᠡᠵᠦ᠂ ᠡᠨᠡ ᠵᠢᠯ ᠤᠨ ᠠᠵᠢᠯ ᠤᠨ ᠡᠭᠦᠷᠭᠡ ᠶᠢ | ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ | ᠳᠠᠷᠤᠭ᠎ᠠ ᠯᠢ ᠶᠢᠩ ᠬᠤᠷᠠᠯ ᠡᠷᠭᠢᠯᠡᠪᠡ᠃ | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠵᠣᠣ ᠵᠢᠶᠠᠨ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠹᠦ᠋ ᠯᠢᠶᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠶ ᡁᠢ ᠫᠢᠩ᠂ ᠰᠢᠶᠠᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠯᠢᠨ ᠴᠦᠨ ᠵᠡᠷᠭᠡ ᠲᠣᠰ ᠲᠣᠰ ᠤᠯᠤᠰ ᠲᠥᠷᠥ | ᠬᠠᠤᠯᠢ ᠴᠠᠭᠠᠵᠠ᠂ ᠣᠯᠠᠨ ᠲᠦᠮᠡᠨ ᠤ ᠪᠦᠯᠬᠦᠮ᠂ ᠵᠣᠬᠢᠶᠠᠨ ᠪᠠᠶᠢᠭᠤᠯᠤᠯᠲᠠ᠂ ᠨᠢᠭᠡᠳᠦᠮᠡᠯ ᠹᠷᠣᠨᠲ᠂ | ᠤᠬᠠᠭᠤᠯᠭ᠎ᠠ ᠶᠢᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ | | ᠸᠠᠩ ᠰᠢᠶᠤᠤ ᠵᠢᠶᠦ᠋ᠨ ᠱᠦᠵᠢ ᠥᠩᠭᠡᠷᠡᠭᠰᠡᠨ ᠨᠢᠭᠡ ᠵᠢᠯ ᠤᠨ ᠰᠢᠶᠠᠨ ᠤ ᠨᠠᠮ ᠤᠨ ᠬᠤᠷᠢᠶᠠᠨ ᠤ ᠡᠯ᠎ᠡ | ᠹᠷᠣᠨᠲ ᠤᠨ ᠠᠵᠢᠯ ᠤᠨ ᠠᠮᠵᠢᠯᠲᠠ ᠶᠢ ᠨᠤᠲᠠᠯᠠᠭᠰᠠᠨ ᠪᠥᠭᠡᠳ ᠰᠢᠶᠠᠨ ᠤ ᠨᠠᠮ ᠤᠨ ᠬᠤᠷᠢᠶᠠᠨ ᠤ ᠡᠮᠦᠨ᠎ᠡ ᠠᠴᠠ | ᠤᠯᠠᠨ ᠤ ᠨᠢᠭᠡ ᠵᠢᠯ ᠤᠨ ᠰᠢᠷᠭᠠᠭᠤ ᠠᠵᠢᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ | ᠸᠠᠩ ᠰᠢᠶᠤᠤ ᠵᠢᠶᠦ᠋ᠨ ᠱᠦᠵᠢ ᠵᠢᠭᠠᠵᠤ ᠭᠠᠷᠭᠠᠭᠰᠠᠨ ᠨᠢ᠂ ᠨᠢᠳᠤᠨᠤᠨ ᠵᠢᠯ ᠠᠴᠠ ᠨᠠᠰᠢ᠂ ᠪᠥᠬᠦ ᠰᠢᠶᠠᠨ ᠤ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠶᠢᠨ | ᠲᠣᠭᠤᠷᠢᠨ ᠳᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ ᠶᠡᠭᠡ ᠲᠠᠯ᠎ᠠ ᠳᠤ ᠤᠶᠢᠯᠡᠴᠢᠯᠡᠨ᠂ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ᠂ ᠬᠥᠭᠵᠢᠯᠲᠡ ᠶᠢᠨ ᠠᠭᠤᠷ ᠠᠮᠢᠰᠬᠤᠯ ᠢ ᠪᠤᠢ ᠪᠣᠯᠭᠠᠬᠤ᠂ ᠡᠯ᠎ᠡ | ᠲᠠᠯ᠎ᠠ ᠶᠢᠨ ᠬᠦᠴᠦᠨ ᠢ ᠨᠢᠭᠲᠠᠷᠠᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠲᠠᠯ᠎ᠠ ᠪᠠᠷ | ᠶᠡᠭᠡ ᠬᠡᠮᠵᠢᠶᠡᠨ ᠤ ᠭᠠᠷᠮᠠᠭᠠᠶ ᠪᠦᠲᠦᠮᠵᠢᠲᠡᠶ ᠠᠵᠢᠯ ᠬᠢᠵᠡᠶ᠂ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ | ᠂ ᠤᠯᠤᠰ ᠲᠥᠷᠥ ᠬᠠᠤᠯᠢ ᠴᠠᠭᠠᠵᠠ᠂ ᠣᠯᠠᠨ ᠲᠦᠮᠡᠨ ᠤ ᠪᠦᠯᠬᠦᠮ ᠤᠨ ᠰᠢᠰᠲ᠋ᠧᠮ ᠰᠠᠨᠠᠭᠠᠴᠢᠯᠠᠭ᠎ᠠ ᠠᠴᠠ ᠪᠠᠨ | ᠲᠤᠰᠢᠶᠠᠯ ᠢᠶᠠᠨ ᠭᠦᠢᠴᠡᠳᠬᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠵᠣᠷᠢᠭᠵᠢᠭᠤᠯᠵᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠭᠠᠯ ᠤᠯᠠᠭᠠᠨ | ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠥᠨᠳᠥᠷ ᠨᠠᠮᠢᠷᠠᠭᠤᠯᠵᠤ᠂ | ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠦᠯᠤᠪᠯᠡᠨ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ | | ᠡᠨᠡ ᠵᠢᠯ ᠤᠨ ᠠᠵᠢᠯ ᠢ ᠰᠠᠶᠢᠲᠤᠷ ᠬᠢᠬᠦ ᠲᠤᠬᠠᠶ ᠸᠠᠩ ᠰᠢᠶᠤᠤ ᠵᠢᠶᠦ᠋ᠨ ᠱᠦᠵᠢ ᠴᠢᠬᠤᠯᠠᠴᠢᠯᠠᠭᠰᠠᠨ ᠨᠢ᠂ ᠡᠨᠡ | ᠵᠢᠯ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽13 · 5︾ ᠶᠢᠨ | ᠲᠦᠯᠦᠪᠵᠢᠭᠦᠯᠭᠡ ᠶᠢᠨ ᠡᠴᠦᠰ ᠤᠨ ᠵᠢᠯ ᠮᠥᠨ᠂ ᠰᠢᠶᠠᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠳ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠭᠤᠷᠪᠠᠨ ᠵᠢᠯ ᠳᠤ ᠰᠠᠭᠤᠷᠢ ᠲᠠᠯᠪᠢᠵᠤ᠂ ᠲᠠᠪᠤᠨ | ᠵᠢᠯ ᠳᠤ ᠲᠡᠷᠢᠭᠦᠨ ᠳᠤ ᠲᠠᠯᠪᠢᠬᠤ︾ ᠶᠡᠷᠦᠩᠬᠡᠶ ᠬᠠᠷᠠᠯᠲᠠ ᠶᠢ ᠪᠠᠲᠤ ᠡᠵᠡᠮᠳᠡᠵᠦ᠂ ︽ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠤᠶᠢᠯᠡᠳᠤᠯ ᠴᠢᠳᠠᠪᠤᠷᠢ ᠶᠢᠨ ᠪᠠᠶᠢᠭᠤᠯᠤᠯᠲᠠ ︾ ᠢᠶᠠᠷ ᠭᠠᠷᠳᠠᠴᠠ ᠪᠣᠯᠭᠠᠵᠤ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠪᠥᠬᠦ ᠰᠢᠶᠠᠩ ᠢᠶᠠᠷ ᠨᠢ ᠠᠬᠢᠭᠤᠯᠬᠤ᠂ ᠪᠥᠬᠦ | ᠰᠢᠶᠠᠨ ᠢᠶᠠᠷ ᠨᠢ ᠳᠡᠭᠡᠭᠰᠢᠯᠡᠭᠦᠯᠬᠦ︾ ᠵᠢᠱᠢᠶ᠎ᠡ ᠦᠵᠡᠭᠦᠯᠬᠦ ᠰᠢᠶᠠᠨ ᠰᠢᠶᠠᠩ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠵᠦ᠂ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠶᠢᠯᠡᠰ ᠤᠨ ᠬᠥᠭᠵᠢᠯᠲᠡ ᠳᠤ ᠪᠠᠲᠤ ᠴᠢᠩᠭ᠎ᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠰᠤᠷᠲᠠᠯ ᠤᠬᠠᠭᠤᠯᠭ᠎ᠠ ᠶᠢᠨ ᠰᠠᠯᠠᠭ᠎ᠠ ᠮᠥᠴᠢᠷ ᠣᠳᠣᠬᠠᠨ ᠤ | ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ | ᠭᠦᠨᠵᠡᠭᠡᠢ ᠲᠠᠨᠢᠨ ᠡᠵᠡᠮᠳᠡᠵᠦ᠂ ︽ᠲᠤᠭ ᠢ ᠮᠠᠨᠳᠤᠭᠤᠯᠤᠨ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠰᠢᠨ᠎ᠡ | ᠬᠥᠮᠦᠨ ᠢ ᠬᠥᠮᠦᠵᠢᠭᠦᠯᠵᠦ᠂ ᠰᠣᠶᠣᠯ ᠢ ᠮᠠᠨᠳᠤᠭᠤᠯᠤᠨ ᠳᠦᠷᠢ ᠲᠥᠷᠬᠦ ᠪᠠᠨ ᠪᠠᠳᠠᠷᠠᠭᠤᠯᠬᠤ︾ ᠡᠭᠦᠷᠭᠡ | ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠲᠠᠢ ᠨᠢᠭᠲᠠ ᠤᠶᠠᠯᠳᠤᠭᠤᠯᠵᠤ᠂ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠰᠤᠷᠲᠠᠯ | ᠤᠬᠠᠭᠤᠯᠭ᠎ᠠ ᠶᠢᠨ ᠠᠵᠢᠯ ᠤᠨ ᠨᠢᠭᠲᠠᠷᠠᠯ ᠤᠨ ᠬᠦᠴᠦᠨ ᠢ ᠮᠠᠨ ᠤ ᠰᠢᠶᠠᠨ ᠤ ᠥᠭᠡᠷᠡᠴᠢᠯᠡᠯᠲᠡ ᠬᠥᠭᠵᠢᠯᠲᠡ | ᠲᠣᠭᠲᠠᠭᠤᠨ ᠪᠠᠶᠢᠳᠠᠯ ᠢ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠳ ᠨᠢᠭᠡᠳᠦᠮᠡᠯ ᠹᠷᠣᠨᠲ ᠤᠨ ᠠᠵᠢᠯ ᠳᠠᠬᠢ | ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠴᠢᠩᠭᠠᠳᠬᠠᠬᠤ ᠡᠨᠡ ᠬᠦ ᠦᠨᠳᠦᠰᠦᠨ ᠵᠦᠢᠯ ᠲᠠᠢ ᠨᠢᠭᠲᠠ | ᠤᠶᠠᠯᠳᠤᠭᠤᠯᠤᠨ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠳᠠᠶᠢᠴᠢᠯᠠᠵᠤ ᠪᠣᠯᠬᠤ ᠢᠳᠡᠪᠬᠢ | ᠬᠦᠴᠦᠨ ᠵᠦᠢᠯ ᠪᠦᠬᠦᠨ ᠢ ᠳᠠᠶᠢᠴᠢᠯᠠᠵᠤ᠂ ᠬᠠᠮᠤᠭ ᠤᠨ ᠶᠡᠭᠡ ᠶᠡᠷᠦᠩᠬᠡᠶ ᠬᠤᠷᠢᠶᠠᠭᠴᠢ ᠲᠤᠭ᠎ᠠ ᠶᠢ ᠡᠷᠢᠯᠬᠢᠯᠡᠵᠦ᠂ | ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠰᠠᠶᠢᠲᠤᠷ ᠵᠢᠷᠤᠬᠤ ᠬᠡᠷᠡᠭᠲᠡᠶ᠃ ᠤᠯᠤᠰ ᠲᠦᠷᠦ ᠬᠠᠤᠯᠢ | ᠴᠠᠭᠠᠵᠠ ᠶᠢᠨ ᠰᠠᠯᠠᠭ᠎ᠠ ᠮᠥᠴᠢᠷ ᠤᠳ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ | ᠪᠠᠶᠢᠭᠤᠯᠭ᠎ᠠ ᠳᠤ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠ ᠡᠭᠦᠷᠭᠡ ᠪᠠᠨ ᠦᠨᠡᠨ ᠬᠦ ᠰᠠᠶᠢᠲᠤᠷ ᠭᠦᠢᠴᠡᠳᠬᠡᠵᠦ᠂ | ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠪᠦᠬᠦ ᠰᠢᠶᠠᠨ ᠤ ᠤᠯᠤᠰ ᠲᠦᠷᠦ ᠶᠢᠨ ᠠᠮᠤᠷ ᠲᠣᠭᠲᠠᠭᠤᠨ᠂ ᠨᠡᠶᠢᠭᠡᠮ ᠤᠨ ᠲᠣᠭᠲᠠᠭᠤᠨ | ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ᠃ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠤᠯᠤᠰ | ᠲᠦᠷᠦᠴᠢ ᠴᠢᠨᠠᠷ᠂ ᠲᠡᠷᠢᠭᠦᠨ ᠤ ᠴᠢᠨᠠᠷ ᠪᠠ ᠤᠯᠠᠨ ᠲᠦᠮᠡᠨᠴᠢ ᠴᠢᠨᠠᠷ ᠢᠶᠠᠨ ᠴᠢᠩᠭᠠᠳᠬᠠᠵᠤ᠂ ᠪᠠᠶᠢᠷᠢ | ᠲᠣᠭᠲᠠᠭᠠᠯᠲᠠ ᠪᠠᠨ ᠣᠨᠣᠪᠴᠢᠲᠠᠢ ᠲᠣᠭᠲᠠᠭᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠤᠰ ᠲᠤᠰ ᠤᠨ | ᠲᠠᠪᠴᠠᠩ ᠳᠤ ᠲᠡᠷᠢᠭᠦᠨ ᠤ ᠪᠠᠶᠢᠷᠢ ᠶᠢ ᠲᠡᠮᠡᠴᠡᠨ ᠣᠯᠵᠤ᠂ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠭᠠᠷᠮᠠᠭᠠᠢ ᠬᠤᠪᠢ ᠨᠡᠮᠡᠷᠢ ᠦᠵᠡᠭᠦᠯᠬᠦ ᠬᠡᠷᠡᠭᠲᠡᠢ᠃ | | ᠸᠠᠩ ᠰᠢᠶᠤᠤ ᠵᠢᠶᠦ᠋ᠨ ᠱᠠᠭᠠᠷᠳᠠᠭᠰᠠᠨ ᠨᠢ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠣᠬᠢᠶᠠᠨ | ᠪᠠᠶᠢᠭᠤᠯᠤᠯᠲᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠣᠯᠠᠨ ᠲᠦᠮᠡᠨᠴᠢ | ᠪᠦᠯᠬᠦᠮ ᠤᠨ ᠰᠢᠰᠲ᠋ᠧᠮ ᠤᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠪᠥᠬᠦ ᠬᠦᠴᠦᠨ ᠢᠶᠠᠷ ᠢᠶᠠᠨ ᠳᠡᠮᠵᠢᠵᠦ᠂ | ᠪᠠᠯᠠ ᠮᠥᠩᠭᠦ᠂ ᠴᠢᠳᠠᠪᠤᠷᠢᠲᠠᠨ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠡᠯ᠎ᠡ ᠵᠦᠢᠯ ᠤᠨ | ᠠᠵᠢᠯ ᠢ ᠬᠦᠴᠦᠲᠡᠶ ᠡᠮᠬᠢ ᠵᠢᠷᠤᠮ ᠲᠠᠢ ᠪᠦᠲᠦᠮᠵᠢᠲᠡᠶ ᠠᠬᠢᠭᠤᠯᠬᠤ ᠶᠢ ᠪᠠᠲᠤᠯᠠᠬᠤ ᠬᠡᠷᠡᠭᠲᠡᠶ᠃ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠣᠯᠣᠰ ᠲᠥᠷᠥ ᠬᠠᠤᠯᠢ | ᠴᠠᠭᠠᠵᠠ᠂ ᠣᠯᠠᠨ ᠲᠦᠮᠡᠨ ᠤ ᠪᠦᠯᠬᠦᠮ ᠤᠨ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠶ᠋ᠴᠡᠳ | ᠲᠠᠨᠢᠵᠤ᠂ ︽ᠱᠦᠵᠢ ᠠᠳᠬᠤᠬᠤ᠂ ᠱᠦᠵᠢ ᠠᠳᠬᠤᠬᠤ︾ ᠶᠢ ᠪᠠᠷᠢᠮᠲᠠᠯᠠᠨ᠂ ᠭᠤᠤᠯ ᠤᠳᠤᠷᠢᠳᠤᠯᠭ᠎ᠠ ᠲᠦᠷᠦᠭᠦᠯᠡᠨ | ᠠᠳᠬᠤᠬᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠶ ᠠᠳᠬᠤᠬᠤ᠂ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠲᠦᠷᠦᠭᠦᠯᠡᠨ ᠠᠳᠬᠤᠬᠤ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ ᠠᠳᠬᠤᠬᠤ | ᠠᠵᠢᠯ ᠤᠨ ᠲᠣᠭᠲᠠᠴᠠ ᠶᠢ ᠪᠤᠢ ᠪᠣᠯᠭᠠᠵᠤ᠂ ᠬᠠᠷᠠᠯᠲᠠ ᠲᠣᠳᠣᠷᠬᠠᠶ᠂ ᠠᠷᠭ᠎ᠠ ᠬᠡᠮᠵᠢᠶ᠎ᠡ ᠬᠦᠴᠦᠲᠡᠶ᠂ | ᠬᠠᠷᠢᠭᠤᠴᠠᠯᠭ᠎ᠠ ᠶᠢ ᠨᠠᠶᠢᠳᠠᠪᠦᠷᠢᠵᠢᠭᠦᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠪᠠᠶᠢᠭᠠᠳ ᠨᠠᠮ ᠤᠨ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ | ᠬᠠᠤᠯᠢ ᠴᠠᠭᠠᠵᠠ᠂ ᠤᠯᠠᠨ ᠲᠦᠮᠡᠨ ᠤ ᠪᠦᠯᠬᠦᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠲᠡᠳᠡᠨ ᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ᠂ ᠬᠦᠭᠵᠢᠯᠲᠡ ᠳᠤ | ᠤᠶᠢᠯᠡᠴᠢᠯᠡᠬᠦ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠡᠯ᠎ᠡ ᠬᠠᠮᠢᠶ᠎ᠠ ᠪᠦᠬᠦᠢ ᠠᠵᠢᠯ ᠢ | ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ ᠲᠠᠢ ᠤᠶᠠᠯᠳᠤᠭᠤᠯᠵᠤ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ | ᠬᠠᠷᠠᠯᠲᠠ ᠳᠡᠭᠡᠷ᠎ᠡ ᠪᠠᠨ ᠨᠢᠭᠡ ᠬᠦᠭ ᠠᠶᠠᠰ ᠢ ᠴᠤᠤᠷᠢᠶᠠᠲᠤᠭᠤᠯᠵᠤ᠂ ᠠᠵᠢᠯ ᠤᠨ ᠲᠠᠯ᠎ᠠ ᠪᠠᠷ ᠨᠢᠭᠡ ᠬᠥᠯᠭᠡ ᠰᠢᠳᠠᠷ᠎ᠠ | ᠲᠠᠯᠪᠢᠵᠤ᠂ ᠬᠦᠴᠦᠨ ᠴᠢᠳᠠᠯ ᠤᠨ ᠲᠠᠯ᠎ᠠ ᠪᠠᠷ ᠨᠢᠭᠲᠠᠷᠠᠨ ᠪᠦᠯᠬᠦᠮᠳᠡᠵᠦ᠂ ᠪᠦᠬᠦᠯᠢ ᠴᠣᠭᠴᠠ ᠶᠢᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠦᠨᠡᠨᠬᠦ ᠠᠳᠬᠤᠨ ᠪᠣᠳᠠᠲᠠᠢ ᠠᠵᠢᠯᠯᠠᠬᠤ ᠰᠤᠷᠲᠠᠯ ᠢ ᠶᠡᠬᠡᠪᠡᠷ | ᠪᠠᠳᠠᠷᠠᠭᠤᠯᠵᠤ᠂ ᠭᠠᠷ ᠳᠠᠮᠵᠢᠭᠰᠠᠨ ᠠᠵᠢᠯ ᠨᠢᠭᠡᠪᠦᠷᠢ᠂ ᠤᠴᠢᠷ ᠶᠠᠪᠤᠳᠠᠯ ᠪᠣᠯᠭᠠᠨ ᠳᠤ ᠴᠥᠮ ᠨᠠᠷᠢᠯᠢᠭ ᠲᠠᠷᠢᠶᠠᠯᠠᠵᠤ | ᠂ ᠪᠣᠳᠠᠲᠠᠢ ᠬᠢᠵᠦ ᠰᠠᠶᠢᠲᠤᠷ ᠬᠢᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ᠃ | | ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠨᠠᠶᠢᠳᠠᠪᠤᠷᠢᠵᠢᠭᠤᠯᠬᠤ ᠲᠤᠬᠠᠶ ᠯᠢ ᠶᠢᠩ ᠰᠢᠶᠠᠨ ᠤ | ᠳᠠᠷᠤᠭ᠎ᠠ ᠱᠠᠭᠠᠷᠳᠠᠭᠰᠠᠨ ᠨᠢ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ | ᠪᠣᠯᠤᠨ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠳᠡᠭᠡᠷ᠎ᠡ ᠦᠨᠡᠨ ᠬᠦ ᠨᠢᠭᠡᠳᠬᠡᠵᠦ᠂ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠲᠠᠪᠤᠳᠤᠭᠠᠷ ᠤᠳᠠᠭᠠᠨ ᠤ ᠪᠦᠬᠦ ᠭᠡᠰᠢᠭᠦᠳ ︵ᠥᠷᠭᠡᠳᠬᠡᠭᠰᠡᠨ︶ ᠤᠨ ᠬᠤᠷᠠᠯ ᠠᠴᠠ ᠲᠣᠭᠲᠠᠭᠠᠭᠰᠠᠨ ᠬᠠᠷᠠᠯᠲᠠ | ᠡᠭᠦᠷᠭᠡ ᠶᠢᠨ ᠶᠣᠰᠣᠭᠠᠷ ᠰᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠬᠤ | ᠬᠡᠷᠡᠭᠲᠡᠶ᠃ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ | ᠣᠯᠠᠨ ᠲᠦᠮᠡᠨ ᠤ ᠪᠦᠯᠬᠦᠮ ᠵᠡᠷᠭᠡ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠹᠷᠣᠨᠲ ᠤᠨ ᠠᠵᠢᠯ ᠢ ᠪᠥᠬᠦ ᠲᠠᠯ᠎ᠠ ᠪᠠᠷ | ᠰᠠᠶᠢᠳᠤᠷ ᠬᠢᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠤᠳᠤᠷᠢᠳᠬᠤ | ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠣᠯᠠᠨ ᠲᠦᠮᠡᠨ ᠤ ᠵᠣᠬᠢᠶᠠᠨ ᠪᠠᠶᠢᠭᠤᠯᠬᠤ | ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢ ᠲᠠᠰᠤᠷᠠᠯᠲᠠ ᠥᠬᠡᠶ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ | ᠬᠠᠩᠭᠠᠨ᠎ᠠ᠃ | ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ᠂ ᠰᠢᠶᠡᠨ ᠤ ᠰᠢᠭᠤᠳ ᠬᠠᠷᠢᠶ᠎ᠠ ᠰᠢᠶᠠᠨ ᠤ ᠡᠯ᠎ᠡ ᠨᠢᠭᠡᠴᠢ᠂ ᠰᠢᠶᠠᠨ ᠤ ᠰᠢᠭᠤᠳ | ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ | ᠨᠠᠮ ᠤᠨ ᠬᠤᠷᠢᠶᠠᠨ ᠤ ᠱᠦᠵᠢ᠂ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂ | ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ | ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠳᠤᠷᠢᠳᠬᠤ ᠪᠠᠭ ᠤᠨ ᠪᠦᠬᠦ ᠪᠦᠷᠢᠯᠳᠦᠬᠦᠨ᠂ | ᠬᠡᠰᠡᠭ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |