ᠵᠦᠸᠧᠽᠢ ᠰᠢᠶᠠᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠬᠤ᠂ ᠲᠤᠷᠤᠢ ᠪᠠᠭᠤᠷᠠᠢ | ᠰᠤᠯᠠ ᠵᠠᠳᠠᠭᠠᠢ ᠵᠣᠬᠢᠶᠠᠨ ᠪᠠᠶᠢᠭᠤᠯᠤᠯᠲᠠ ᠶᠢ ᠴᠡᠭᠴᠡᠯᠡᠨ ᠬᠤᠪᠢᠷᠠᠭᠤᠯᠬᠤ᠂ ᠵᠥᠷᠢᠴᠡᠯ ᠢ ᠴᠠᠭ ᠲᠤᠬᠠᠢ ᠳᠤᠨᠢ | ᠲᠣᠬᠢᠲᠠᠢ ᠰᠢᠢᠳᠪᠦᠷᠢᠯᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠢᠳᠡᠪᠬᠢᠲᠡᠢ ᠤᠬᠠᠭᠤᠯᠤᠨ ᠵᠢᠯᠣᠭᠤᠳᠬᠤ ᠵᠡᠷᠭᠡ | ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠦᠨᠡᠨ ᠬᠦ ᠰᠠᠶᠢᠲᠤᠷ ᠬᠢᠵᠤ ᠪᠠᠶᠢᠨ᠎ᠠ᠃ | | ᠪᠠᠶᠢᠳᠠᠯ ᠢ ᠣᠶᠢᠯᠠᠭᠠᠵᠤ ᠪᠠᠶᠢᠴᠠᠭᠠᠨ ᠰᠤᠳᠤᠯᠤᠯᠲᠠ ᠬᠢᠵᠦ᠂ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ | ᠡᠵᠡᠮᠰᠢᠪᠡ᠃ ᠲᠤᠰᠬᠠᠢ ᠬᠥᠮᠦᠨ ᠢ ᠲᠠᠲᠠᠵᠤ ᠦᠨᠳᠦᠰᠦᠨ ᠪᠠᠶᠢᠳᠠᠯ ᠢ ᠣᠶᠢᠯᠠᠭᠠᠬᠤ ᠪᠠᠶᠢᠴᠠᠭᠠᠨ ᠰᠤᠳᠤᠯᠬᠤ | ᠳᠤᠭᠤᠶᠢᠯᠠᠩ ᠪᠠᠶᠢᠭᠤᠯᠵᠤ᠂ ᠪᠦᠬᠦ ᠰᠢᠶᠠᠨ ᠤ 109 ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ᠂ | ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠷᠢᠯᠳᠦᠬᠦᠨ ᠪᠣᠯᠤᠨ ᠲᠣᠰᠬᠤᠨ ᠤ ᠱᠠᠲᠤᠨ ᠤ | ᠪᠡᠯᠡᠳᠬᠡᠯ ᠺᠠᠳ᠋ᠷ ᠢ ᠨᠠᠷᠢᠨ ᠬᠢᠨᠠᠮᠠᠭᠠᠢ ᠣᠶᠢᠯᠠᠭᠠᠵᠤ᠂ ᠲᠡᠳᠡᠨ ᠤ ᠨᠠᠰᠤᠨ ᠤ ᠪᠦᠲᠦᠴᠡ᠂ ᠰᠤᠷᠤᠯᠭ᠎ᠠ ᠶᠢᠨ ᠨᠠᠮᠲᠠᠷ᠂ | ᠲᠤᠰᠢᠶᠠᠯ ᠡᠭᠦᠷᠭᠡᠯᠡᠬᠦ ᠨᠦᠬᠦᠴᠡᠯ᠊ ᠢ ᠪᠦᠷᠢᠯᠳᠦᠭᠦᠯᠦᠭᠰᠡᠨ ᠲᠣᠰᠬᠤᠨ ᠤ ᠺᠠᠳ᠋ᠷ ᠤᠨ ᠪᠠᠶᠢᠳᠠᠯ᠂ ︽ᠨᠢᠭᠡ ᠮᠥᠷᠥ︾ | ᠶᠢᠨ ᠵᠢᠱᠢᠭᠳᠡᠭᠴᠢ ᠶᠢᠨ ᠪᠠᠶᠢᠳᠠᠯ᠂ ᠪᠡᠯᠡᠳᠬᠡᠯ ᠺᠠᠳ᠋ᠷ ᠢ ᠲᠣᠮᠢᠯᠠᠨ ᠬᠡᠷᠡᠭᠯᠡᠭᠰᠡᠨ ᠪᠠᠶᠢᠳᠠᠯ ᠵᠡᠷᠭᠡ ᠶᠢ ᠪᠦᠬᠦ ᠲᠠᠯ᠎ᠠ ᠪᠠᠷ | ᠡᠵᠡᠮᠰᠢᠨ᠎ᠡ᠃ ᠣᠳᠣᠬᠠᠨ ᠳᠤ᠂ ᠪᠥᠬᠦ ᠰᠢᠶᠠᠨ ᠳᠤ 109 ᠲᠣᠰᠬᠤᠨ ᠬᠠᠷᠢᠶᠠᠯᠠᠭᠳᠠᠵᠤ᠂ 105 ᠲᠣᠰᠬᠤᠨ ᠤ | ᠨᠠᠮ ᠤᠨ ᠡᠭᠦᠷ ︵ᠡᠭᠦᠨ ᠳᠤ ᠬᠠᠮᠲᠤᠷᠠᠭᠰᠠᠨ ᠲᠣᠰᠬᠤᠨ ᠤ ᠨᠠᠮ ᠤᠨ ᠡᠭᠦᠷ 4 ᠪᠣᠶ︶ ᠪᠣᠶ᠃ ᠤᠳᠤ ᠭᠠᠴᠠᠭᠠᠨ ᠤ | ︽ᠬᠤᠶᠠᠷ ᠵᠥᠪᠯᠡᠯ︾ ᠤᠨ ᠺᠠᠳ᠋ᠷ ᠨᠡᠶᠢᠳᠡ 625 ᠬᠥᠮᠦᠨ ᠪᠠᠶᠢᠨ᠎ᠠ᠂ ᠡᠭᠦᠨ ᠳᠤ ᠭᠠᠴᠠᠭᠠᠨ ᠤ ᠨᠠᠮ ᠤᠨ | ᠡᠭᠦᠷ ᠤᠨ ᠱᠦᠵᠢ 105 ᠬᠥᠮᠦᠨ᠂ ᠭᠠᠴᠠᠭᠠᠨ ᠤ ᠵᠥᠪᠯᠡᠯ ᠤᠨ ᠡᠷᠬᠢᠯᠡᠭᠴᠢ 107 ᠬᠥᠮᠦᠨ᠂ ︽ᠨᠢᠭᠡ ᠮᠥᠷᠥ︾ | 34 ᠬᠦᠮᠦᠨ ᠪᠠᠭᠲᠠᠨ᠎ᠠ︔ ᠭᠠᠴᠠᠭᠠᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠭᠡᠰᠢᠭᠦᠨ 378 | ᠬᠥᠮᠦᠨ︔ ᠭᠠᠴᠠᠭᠠᠨ ᠤ ᠱᠠᠲᠤᠨ ᠤ ᠪᠡᠯᠡᠳᠬᠡᠯ ᠺᠠᠳ᠋ᠷ 313 ᠬᠥᠮᠦᠨ ᠪᠠᠶᠢᠨ᠎ᠠ᠃ | ᠴᠡᠭᠴᠡᠯᠡᠨ ᠬᠤᠪᠢᠷᠠᠭᠤᠯᠵᠤ᠂ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ | ᠬᠦᠴᠦᠨ ᠢ ᠳᠡᠭᠡᠭᠰᠢᠯᠡᠭᠦᠯᠦᠨ᠎ᠡ᠃ ︽ᠪᠥᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠭᠤᠷᠠᠶ ᠭᠤᠭᠴᠤᠭ᠎ᠠ ᠪᠠ | ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︿ | ᠡᠷᠬᠢᠨ ᠬᠠᠷᠠᠬᠤ﹀ ᠠᠰᠠᠭᠤᠳᠠᠯ ᠢ ᠢᠯᠡᠷᠡᠭᠦᠯᠦᠭᠡᠳ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ︾ ᠲᠠᠢ | ᠤᠶᠠᠯᠳᠤᠭᠤᠯᠤᠨ᠂ ᠪᠠᠭᠤᠷᠠᠶ ᠰᠤᠯᠠ ᠵᠠᠳᠠᠭᠠᠶ ᠨᠠᠮ ᠤᠨ ᠵᠣᠬᠢᠶᠠᠨ ᠪᠠᠶᠢᠭᠤᠯᠤᠯᠲᠠ 4 ᠶᠢ ᠵᠢᠭᠰᠠᠭᠠᠨ ᠪᠠᠶᠢᠴᠠᠭᠠᠵᠤ᠂ | ︽ᠨᠢᠭᠡ ᠲᠣᠰᠬᠤᠨ ᠳᠤ ᠨᠢᠭᠡ ᠠᠷᠭᠠᠴᠠᠬᠤ ᠪᠣᠳᠣᠯᠭ᠎ᠠ᠂ ᠨᠢᠭᠡ ᠲᠣᠰᠬᠤᠨ ᠳᠤ ᠨᠢᠭᠡ ᠲᠥᠰᠦᠯ︾ ᠤᠨ ᠠᠷᠭ᠎ᠠ ᠶᠢ | ᠠᠪᠴᠤ᠂ ᠵᠢᠷᠤᠮᠵᠢᠭᠰᠠᠨ᠂ ᠪᠠᠷᠢᠮᠵᠢᠶᠠᠵᠢᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠠᠵᠢᠯ ᠤᠨ | ᠱᠠᠭᠠᠷᠳᠠᠯᠭ᠎ᠠ ᠶᠣᠰᠣᠭᠠᠷ᠂ ᠲᠣᠰᠬᠤᠨ ᠤ ᠱᠠᠲᠤᠨ ᠤ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠬᠠᠭᠤᠴᠢᠷᠠᠭᠰᠠᠨ | ᠢᠪᠴᠤᠤ ᠪᠠᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ︽ᠳᠥᠷᠪᠡᠨ ᠨᠢᠭᠡ︾ ᠶᠢᠨ ᠠᠵᠢᠯ ᠤᠨ ᠲᠣᠭᠲᠠᠴᠠ ᠶᠢ | ᠪᠠᠶᠢᠭᠤᠯᠵᠤ᠂ ᠴᠡᠭᠴᠡᠯᠡᠨ ᠳᠡᠭᠡᠰᠰᠢᠯᠡᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠤᠶᠢᠯᠡᠳᠤᠯ ᠢ ᠤᠯᠠᠮ ᠨᠢᠭᠡ ᠠᠯᠬᠤᠮ | ᠴᠢᠩᠭᠠᠷᠠᠭᠤᠯᠵᠤ᠂ 2021 ᠣᠨ ᠤ ᠬᠤᠭᠤᠴᠠᠭ᠎ᠠ ᠰᠣᠯᠢᠬᠤ ᠳᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ | ᠪᠠᠬᠢᠵᠢᠭᠦᠯᠦᠨ᠎ᠡ᠃ | ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠤᠰᠢᠶᠠᠯ ᠤᠨ ᠬᠤᠭᠤᠴᠠᠭᠠᠨ ᠤ ᠬᠢᠨᠠᠨ ᠪᠤᠳᠤᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ᠂ ᠬᠢᠨᠠᠨ | ᠪᠣᠳᠣᠯᠲᠠ ᠲᠠᠢ ᠬᠠᠮᠲᠤᠷᠠᠨ 3 ᠲᠤᠰᠬᠠᠶ ᠬᠢᠨᠠᠨ ᠪᠤᠳᠤᠬᠤ ᠳᠤᠭᠤᠶᠢᠯᠠᠩ ᠪᠠᠶᠢᠭᠤᠯᠵᠤ᠂ ᠡᠯ᠎ᠡ ᠲᠣᠰᠬᠤᠨ ᠤ | ᠬᠠᠮᠲᠤ ᠶᠢᠨ ᠪᠠᠯᠠ ᠮᠥᠩᠭᠦ᠂ ᠪᠠᠯᠠ ᠮᠥᠩᠭᠦ᠂ ᠡᠳ᠋ ᠬᠥᠷᠥᠩᠭᠡ᠂ ᠲᠡᠷᠡᠴᠢᠯᠡᠨ ᠬᠢᠨᠠᠨ ᠪᠤᠳᠤᠬᠤ ᠳᠤᠮᠳᠠ ᠠᠰᠠᠭᠤᠳᠠᠯ | ᠣᠷᠣᠰᠢᠵᠤ ᠪᠠᠶᠢᠭ᠎ᠠ ᠭᠠᠴᠠᠭᠠᠨ ᠤ ᠺᠠᠳ᠋ᠷ ᠢ 2021 ᠣᠨ ᠤ ᠬᠤᠭᠤᠴᠠᠭ᠎ᠠ ᠰᠣᠯᠢᠬᠤ ᠳᠤᠮᠳᠠ ᠭᠠᠴᠠᠭᠠᠨ ᠤ ︽ | ᠬᠤᠶᠠᠷ ᠵᠥᠪᠯᠡᠯ︾ ᠤᠨ ᠵᠢᠱᠢᠭᠳᠡᠭᠰᠡᠳ ᠲᠤ ᠣᠷᠣᠭᠤᠯᠵᠤ ᠪᠣᠯᠬᠤ ᠥᠬᠡᠶ ᠭᠡᠵᠦ ᠲᠣᠳᠣᠷᠬᠠᠶᠢᠯᠠᠪᠠ᠃ | ᠤᠷᠢᠳᠴᠢᠯᠠᠨ ᠠᠷᠭ᠎ᠠ ᠰᠦᠪᠡᠭᠴᠢᠯᠡᠵᠦ᠂ ᠰᠣᠩᠭᠤᠨ ᠬᠥᠮᠦᠵᠢᠭᠦᠯᠬᠦ ᠠᠷᠭ᠎ᠠ ᠵᠠᠮ ᠢᠶᠠᠨ ᠥᠷᠭᠡᠳᠬᠡᠨ᠎ᠡ᠃ | ᠲᠣᠰᠬᠤᠨ ᠳᠤ ᠤᠶᠢᠯᠡᠴᠢᠯᠡᠵᠦ ᠪᠠᠶᠢᠭ᠎ᠠ ︽ᠣᠶᠤᠲᠠᠨ ᠭᠠᠴᠠᠭᠠᠨ ᠳᠠᠷᠤᠭ᠎ᠠ︾ ︽ᠭᠤᠷᠪᠠ ᠶᠢ ᠳᠡᠮᠵᠢᠵᠦ ᠨᠢᠭᠡ ᠶᠢ | ᠳᠡᠳᠬᠦᠬᠦ︾ ᠵᠡᠷᠭᠡ ᠰᠢᠯᠢᠳᠡᠭ ᠤᠶᠤᠲᠠᠳ ᠢ ᠲᠣᠰᠬᠤᠨ ᠤ ᠱᠠᠲᠤᠨ ᠤ ᠪᠡᠯᠡᠳᠬᠡᠯ ᠺᠠᠳ᠋ᠷ ᠲᠤ ᠣᠷᠣᠭᠤᠯᠵᠤ᠂ ᠣᠲᠣ | ᠨᠢᠭᠡᠨᠲᠡ 13 ᠬᠥᠮᠦᠨ ᠢ ᠬᠥᠮᠦᠵᠢᠭᠦᠯᠪᠡ᠃ ᠲᠤᠰ ᠭᠠᠵᠠᠷ ᠣᠷᠣᠨ ᠤ ᠪᠠᠨ ᠴᠢᠳᠠᠪᠤᠷᠢᠲᠠᠨ ᠢ ᠬᠥᠮᠦᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠪᠠᠶᠠᠵᠢᠭᠰᠠᠨ ᠴᠢᠳᠠᠪᠦᠷᠢᠲᠠᠨ᠂ ᠲᠣᠰᠬᠤᠨ ᠳᠠᠭᠠᠨ ᠪᠤᠴᠠᠵᠤ ᠴᠡᠷᠢᠭ ᠠᠴᠠ | ᠬᠠᠯᠠᠭᠳᠠᠭᠰᠠᠳ᠂ ᠬᠥᠳᠡᠭᠡ ᠲᠣᠰᠬᠤᠨ ᠤ ᠡᠮᠴᠢ᠂ ᠬᠥᠳᠡᠭᠡ ᠲᠤᠰᠬᠤᠨ ᠤ ᠪᠠᠭᠰᠢ ᠵᠡᠷᠭᠡ ᠣᠷᠣᠨ ᠨᠤᠲᠤᠭ ᠤᠨ | ᠴᠢᠳᠠᠪᠤᠷᠢᠲᠠᠨ ᠤ ᠳᠣᠲᠣᠷ᠎ᠠ ᠠᠴᠠ 148 ᠪᠡᠯᠡᠳᠬᠡᠯ ᠺᠠᠳ᠋ᠷ ᠢ ᠬᠦᠮᠦᠵᠢᠭᠦᠯᠪᠡ᠃ ᠭᠠᠳᠠᠭᠰᠢ ᠭᠠᠷᠴᠤ ᠬᠥᠯᠥᠰᠥᠨ | ᠠᠵᠢᠯ ᠬᠢᠵᠦ ᠪᠠᠶᠢᠭ᠎ᠠ ᠰᠢᠯᠢᠳᠡᠭ ᠵᠠᠯᠠᠭᠤᠴᠤᠳ᠂ ᠠᠯᠪᠠᠨ ᠪᠠᠶᠢᠭᠤᠯᠭ᠎ᠠ ᠠᠵᠢᠯ ᠤᠶᠢᠯᠡᠰ ᠤᠨ ᠨᠢᠭᠡᠴᠢ ᠶᠢᠨ | ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ᠂ ᠶᠡᠭᠡ ᠰᠤᠷᠭᠠᠭᠤᠯᠢ ᠲᠡᠭᠦᠰᠦᠭᠰᠡᠨ ᠤᠶᠤᠲᠠᠳ ᠢ ᠲᠠᠲᠠᠨ | ᠲᠣᠰᠬᠤᠨ ᠳᠤ ᠪᠤᠴᠠᠭᠠᠨ ᠲᠤᠰᠢᠶᠠᠯ ᠡᠭᠦᠷᠭᠡᠯᠡᠭᠦᠯᠬᠦ ᠪᠠ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠭᠤᠯᠵᠤ | ᠂ 77 ᠪᠡᠯᠡᠳᠬᠡᠯ ᠺᠠᠳ᠋ᠷ ᠢ ᠬᠥᠮᠦᠵᠢᠭᠦᠯᠦᠨ᠎ᠡ᠂ ᠤᠢᠢᠷ᠎ᠠ ᠶᠢᠨ ᠬᠤᠭᠤᠴᠠᠭᠠᠨ ᠳᠤ ᠰᠠᠶᠢᠨ ᠳᠤᠷ᠎ᠠ ᠠᠴᠠ ᠪᠠᠨ | ᠭᠤᠶᠤᠴᠢᠯᠠᠬᠤ᠂ ᠵᠣᠬᠢᠶᠠᠨ ᠪᠠᠶᠢᠭᠤᠯᠵᠤ ᠬᠢᠨᠠᠨ ᠬᠠᠷᠭᠤᠭᠤᠯᠬᠤ ᠦᠨᠳᠦᠰᠦᠨ ᠵᠢᠷᠤᠮ ᠢ ᠠᠪᠴᠤ᠂ ᠨᠢᠭᠡ ᠪᠦᠯᠦᠭ | ᠬᠥᠮᠦᠰ ᠢ ᠰᠣᠩᠭᠤᠨ ᠲᠣᠮᠢᠯᠠᠵᠤ ᠲᠣᠰᠬᠤᠨ ᠳᠤ ᠤᠷᠢᠳᠴᠢᠯᠠᠨ ᠲᠤᠰᠢᠶᠠᠯ ᠡᠭᠦᠷᠭᠡᠯᠡᠭᠦᠯᠵᠦ᠂ ᠬᠤᠭᠤᠴᠠᠭ᠎ᠠ | ᠰᠤᠯᠢᠬᠤ ᠳᠤ ᠰᠠᠶᠢᠲᠤᠷ ᠪᠡᠯᠡᠳᠬᠡᠯ ᠬᠢᠬᠦ ᠪᠣᠯᠤᠨ᠎ᠠ᠃ | ᠢᠳᠡᠪᠬᠢᠲᠡᠶ ᠪᠠᠷ ᠤᠬᠠᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠱᠠᠭᠠᠷᠳᠠᠯᠭ᠎ᠠ ᠶᠢ ᠴᠠᠭ ᠲᠤᠬᠠᠶ ᠳᠤᠨᠢ | ᠤᠯᠠᠮᠵᠢᠯᠠᠬᠤ ᠬᠡᠷᠡᠭᠲᠡᠶ᠃ ᠦᠨᠳᠦᠰᠦᠨ ᠱᠠᠲᠤᠨ ᠳᠤ ︽ᠨᠢᠭᠡ ᠮᠥᠷᠥ︾ ᠶᠢ ᠪᠦᠬᠦ ᠲᠠᠯ᠎ᠠ ᠪᠠᠷ ᠬᠡᠷᠡᠭᠵᠢᠭᠦᠯᠬᠦ | ᠱᠠᠭᠠᠷᠳᠠᠯᠭ᠎ᠠ ᠶᠢ ᠴᠠᠭ ᠲᠤᠬᠠᠶ ᠲᠤᠨᠢ ᠤᠯᠠᠮᠵᠢᠯᠠᠵᠤ᠂ ᠡᠯ᠎ᠡ ᠰᠢᠶᠠᠩ ᠪᠠᠯᠭᠠᠰᠤ ᠶᠢ ᠰᠢᠮᠳᠠᠭᠤᠯᠵᠤ ᠪᠠᠶᠢᠭᠠᠳ | ᠤᠷᠢᠳᠴᠢᠯᠠᠨ ᠲᠥᠰᠦᠪᠯᠡᠭᠦᠯᠦᠨ᠂ ︽ᠨᠢᠭᠡ ᠮᠥᠷᠥ︾ ᠶᠢᠨ ᠵᠢᠱᠢᠭᠳᠡᠭᠴᠢ ᠶᠢ ᠡᠷᠲᠡᠬᠡᠨ ᠬᠥᠮᠦᠵᠢᠭᠦᠯᠦᠨ᠎ᠡ᠃ | ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ ᠤᠬᠠᠭᠤᠯᠭ᠎ᠠ ᠶᠢᠨ ᠤᠷᠢᠶ᠎ᠠ᠂ ᠭᠠᠷ ᠤᠲᠠᠰᠤᠨ ᠤ ᠸᠢᠴᠠᠲ᠂ ᠷᠠᠳᠢᠣ᠋ | ᠨᠡᠪᠲᠡᠷᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠵᠣᠷᠢᠯᠭ᠎ᠠ ᠶᠢᠨ ᠠᠴᠢ ᠬᠤᠯᠪᠣᠭᠳᠠᠯ᠂ ᠵᠠᠷᠴᠢᠮ ᠲᠠᠰ ᠳᠠᠷᠠᠭᠠᠯᠠᠯ᠂ ᠠᠷᠭ᠎ᠠ ᠮᠠᠶ᠋ᠢᠭ ᠠᠯᠬᠤᠮ ᠳᠠᠷᠠᠭ᠎ᠠ ᠪᠣᠯᠤᠨ | ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠤᠷᠢᠳᠴᠢᠯᠠᠨ ᠤᠬᠠᠭᠤᠯᠵᠤ᠂ ᠨᠠᠮ ᠤᠨ ᠭᠡᠰᠢᠭᠦᠨ ᠣᠯᠠᠨ ᠲᠦᠮᠡᠨ ᠢ | ᠬᠦᠲᠦᠯᠦᠨ ᠵᠢᠯᠣᠭᠤᠳᠴᠤ ᠪᠠᠶᠢᠭᠠᠳ ᠠᠷᠠᠳᠴᠢᠯᠠᠯ ᠤᠨ ᠡᠷᠬᠡ ᠪᠠᠨ ᠵᠥᠪ ᠬᠡᠷᠡᠭᠵᠢᠭᠦᠯᠵᠦ᠂ ᠪᠢᠯᠧᠲ ᠲᠠᠲᠠᠵᠤ | ᠬᠠᠭ᠋ᠤᠤᠯᠢᠳᠤ ᠰᠤᠩᠭᠠᠭᠤᠯᠢ ᠬᠢᠬᠦ ᠵᠡᠷᠭᠡ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠤᠬᠠᠮᠰᠠᠷ ᠠᠴᠠ ᠪᠠᠨ | ᠬᠤᠷᠢᠭᠯᠠᠵᠤ᠂ ᠬᠤᠭᠤᠴᠠᠭ᠎ᠠ ᠰᠣᠯᠢᠬᠤ ᠠᠵᠢᠯ ᠤᠨ ᠲᠥᠪ ᠴᠢᠬᠡᠴᠢ ᠠᠭᠤᠷ ᠠᠮᠢᠰᠬᠤᠯ ᠢ ᠤᠷᠢᠳᠴᠢᠯᠠᠨ ᠪᠣᠶ | ᠪᠣᠯᠭᠠᠬᠤ ᠬᠡᠷᠡᠭᠲᠡᠶ᠃ | | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |