ᠵᠦᠸᠧᠽᠢ ᠰᠢᠶᠠᠨ 2020 ᠣᠨ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠢᠷᠢᠰ ᠣᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-04-16
    ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠥᠷᠭᠡᠨ ᠤᠯᠠᠨ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠭᠠᠷᠮᠠᠭᠠᠢ ᠪᠡᠯᠡ ᠣᠷᠣᠭᠤᠯᠤᠭᠰᠠᠨ ᠤᠯᠤᠰ ᠤᠨ ᠠᠮᠤᠷ ᠲᠦᠪᠰᠢᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ  ᠶᠢᠨ ᠲᠤᠯᠠᠲᠠ 2020 ᠣᠨ ᠤ 4 ᠰᠠᠷ᠎ᠠ ᠶᠢᠨ 15 ᠤ ᠡᠳᠦᠷ ᠵᠦᠸᠧᠽᠢ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠵᠣᠬᠢᠶᠠᠨ ᠪᠠᠶᠢᠭᠤᠯᠤᠯᠲᠠ ᠳᠣᠤᠷ᠎ᠠ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠨᠢᠭᠤᠴᠠ ᠶᠢ ᠬᠠᠮᠠᠭᠠᠯᠠᠬᠤ ᠨᠢᠭᠤᠴᠠ ᠠᠵᠢᠯ ᠤᠨ ᠲᠣᠪᠴᠢᠶ᠎ᠠ ᠪᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠴᠠᠭᠳᠠᠭ᠎ᠠ ᠶᠢᠨ ᠶᠡᠭᠡ ᠠᠩᠭᠢ᠂ ᠰᠦᠷᠳᠡᠭᠦᠯᠦᠯ ᠢ ᠡᠰᠡᠷᠭᠦᠴᠡᠬᠦ ᠶᠡᠭᠡ ᠠᠩᠭᠢ᠂ ᠤᠯᠤᠰ ᠤᠨ ᠠᠮᠤᠷ ᠢ ᠬᠠᠮᠠᠭᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠵᠦᠸᠧᠽᠢ ᠰᠢᠶᠠᠨ ᠤ ᠲᠦᠩ ᠯᠧ ᠠᠭᠤᠳᠠᠮ ᠲᠠᠯᠠᠪᠠᠶ ᠳᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠡᠯ᠎ᠡ ᠪᠦᠷᠢᠯᠳᠦᠬᠦᠨ ᠨᠢᠭᠡᠴᠢ ᠨᠦᠭᠦᠳ ︽ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠣᠯᠠᠮᠵᠢᠯᠠᠯᠲᠦ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂  ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ  ᠰᠢᠢᠳᠪᠦᠷᠢᠲᠦ ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ︾ ᠭᠤᠤᠯ ᠰᠡᠳᠦᠪ ᠤᠨ ᠲᠣᠭᠤᠷᠢᠨ ᠳᠤ᠂ ᠪᠠᠶᠢᠭᠤᠯᠭ᠎ᠠ ᠶᠢᠨ ᠺᠠᠳ᠋ᠷᠴᠤᠳ ᠢ ᠵᠣᠬᠢᠶᠠᠨ  ᠪᠠᠶᠢᠭᠤᠯᠤᠨ ︽ᠤᠯᠤᠰ ᠤᠨ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾᠂ ︽ᠤᠯᠤᠰ ᠤᠨ ᠨᠢᠭᠤᠴᠠ ᠮᠡᠳᠡᠭᠡᠨ ᠤ ᠬᠠᠤᠯᠢ︾ ᠵᠡᠷᠭᠡ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ  ᠵᠢᠶᠠᠨ ᠵᠢᠶᠦ᠋ᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ ᠤᠨ ᠡᠷᠬᠢᠯᠡᠭᠴᠢ ᠡᠤ ᠵᠥᠩ ᠵᠧ ᠤᠬᠠᠭᠤᠯᠬᠤ ᠠᠵᠢᠯᠯᠠᠭ᠎ᠠ ᠳᠤ ᠣᠷᠣᠯᠴᠠᠵᠠᠶ᠃
   ᠠᠵᠢᠯᠯᠠᠭ᠎ᠠ ᠶᠢᠨ ᠠᠬᠤᠶ ᠲᠠᠯᠠᠪᠠᠶ ᠳᠤ 3000 ᠭᠠᠷᠤᠶ ᠤᠬᠠᠭᠤᠯᠬᠤ ᠬᠠᠭᠤᠳᠠᠰᠤ ᠲᠠᠷᠬᠠᠭᠠᠵᠤ᠂ 2 ᠤᠬᠠᠭᠤᠯᠬᠤ  ᠲᠡᠷᠭᠡ ᠭᠠᠷᠭᠠᠵᠤ᠂ ︽ᠤᠯᠤᠰ ᠤᠨ ᠠᠮᠤᠷ ᠲᠦᠪᠰᠢᠨ ᠤ ᠬᠠᠤᠯᠢ︾ ︽ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ  ᠠᠭᠤᠯᠭ᠎ᠠ ᠶᠢ ᠦᠷᠭᠦᠯᠵᠢᠯᠡᠨ ᠨᠡᠪᠲᠡᠷᠡᠭᠦᠯᠵᠦ᠂ ᠰᠢᠭᠦᠬᠦ ᠬᠤᠷᠢᠶ᠎ᠠ᠂ ᠮᠧᠩ ᠶᠢᠨ ᠲᠣᠰᠬᠤᠨ ᠪᠠᠯᠭᠠᠰᠤ ᠶᠢᠨ ᠪᠠᠩᠬᠢ᠂ ᠨᠡᠶᠢᠲᠡ ᠶᠢᠨ ᠮᠠᠰᠢᠨ ᠲᠡᠷᠭᠡ ᠵᠡᠷᠭᠡ LED ᠳᠡᠯᠭᠡᠴᠡ ᠶᠢ ᠨᠡᠪᠲᠡᠷᠡᠭᠦᠯᠬᠦ ᠵᠡᠷᠭᠡ ᠬᠡᠯᠪᠡᠷᠢ ᠶᠢ ᠠᠰᠢᠭᠯᠠᠨ᠂ ︽ᠤᠯᠤᠰ ᠤᠨ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠠᠮᠢᠶ᠎ᠠ ᠪᠥᠬᠦᠶ ᠮᠡᠳᠡᠯᠭᠡ ᠶᠢ ᠢᠳᠡᠪᠬᠢᠲᠡᠶ ᠤᠬᠠᠭᠤᠯᠪᠠ᠃ ᠥᠷᠭᠡᠨ ᠤᠯᠠᠨ ᠺᠠᠳ᠋ᠷ ᠤᠯᠠᠨ ᠲᠦᠮᠡᠨ ᠤ ᠲᠠᠩᠨᠠᠭᠤᠯ ᠢ ᠡᠰᠡᠷᠭᠦᠴᠡᠬᠦ ᠲᠡᠮᠡᠴᠡᠯ ᠳᠤ ᠢᠳᠡᠪᠬᠢᠲᠡᠶ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠎ᠡ ᠃ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ ᠵᠡᠷᠭᠡ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ᠂ ᠢᠯᠠᠩᠭᠤᠶ᠎ᠠ ᠬᠢᠴᠢᠶᠡᠯ ᠰᠡᠷᠭᠦᠭᠡᠬᠦ ᠰᠤᠷᠭᠠᠭᠤᠯᠢ ᠨᠢ ᠬᠠᠤᠯᠢ ᠪᠠᠷ ᠵᠠᠰᠠᠬᠤ ᠲᠠᠶᠢᠯᠤᠮᠵᠢ᠂ ᠭᠤᠤᠯ ᠰᠡᠳᠦᠪᠲᠦ ᠠᠩᠭᠢ ᠶᠢᠨ ᠬᠤᠷᠠᠯ ᠵᠡᠷᠭᠡ ᠠᠵᠢᠯᠯᠠᠭ᠎ᠠ ᠶᠢ ᠲᠥᠪᠯᠡᠷᠡᠭᠦᠯᠦᠨ ᠦᠷᠨᠢᠭᠦᠯᠵᠦ᠂ ᠥᠷᠭᠡᠨ ᠣᠯᠠᠨ ᠪᠠᠭᠰᠢ ᠰᠤᠷᠤᠭᠴᠢᠳ ᠲᠤ ︽ᠤᠯᠤᠰ ᠤᠨ ᠠᠮᠤᠷ ᠲᠦᠪᠰᠢᠨ ᠤ ᠬᠠᠤᠯᠢ︾᠂ ︽ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠮᠡᠳᠡᠯᠭᠡ ᠶᠢ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠥᠷᠭᠡᠨ ᠣᠯᠠᠨ ᠪᠠᠭᠰᠢ ᠰᠤᠷᠤᠭᠴᠢᠳ ᠤᠨ ᠳᠤᠮᠳᠠ ᠬᠠᠳᠠᠩᠰᠢᠭᠤᠯᠪᠠ᠃
   ︽ᠴᠤᠭ ᠵᠢᠪᠬᠤᠭ᠎ᠠ ᠵᠦᠸᠧᠽᠢ︾ ︽ᠠᠮᠤᠷ ᠠᠮᠤᠭᠤᠯᠠᠩ ᠵᠦᠸᠧᠽᠢ᠂ ᠬᠠᠤᠯᠢ ᠪᠠᠷ ᠵᠠᠰᠠᠬᠤ ᠵᠦᠸᠧᠽᠢ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂  ᠵᠦᠸᠧᠽᠢ ᠴᠠᠩ ᠠᠨ ᠰᠦᠯᠵᠢᠶ᠎ᠡ ᠪᠠ ︽ᠭᠠᠵᠢᠭᠤ ᠪᠤᠷᠤᠭᠤ ᠥᠬᠡᠶ ᠵᠦᠸᠧᠽᠢ︾ ᠪᠢᠴᠢᠯ ᠪᠦᠷᠭᠡ᠂ ᠲᠧᠯᠸᠢᠰ ᠬᠤᠷᠢᠶ᠎ᠠ ᠶᠢᠨ ᠤᠬᠠᠭᠤᠯᠭ᠎ᠠ ᠵᠡᠷᠭᠡ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠡᠴᠡ ᠶᠢᠨ ᠺᠠᠳ᠋ᠷ ᠠᠵᠢᠯᠲᠠᠨ ᠳᠤ ᠸᠢᠴᠠᠲ ᠬᠦᠷᠭᠡᠬᠦ᠂ 12339 ᠤᠯᠤᠰ ᠤᠨ ᠠᠮᠤᠷ ᠲᠦᠪᠰᠢᠨ ᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠵᠦ᠂ ᠨᠡᠶᠢᠭᠡᠮ ᠳᠠᠶᠠᠭᠠᠷ ᠤᠨ ᠤᠯᠤᠰ ᠤᠨ ᠠᠮᠤᠷ ᠲᠦᠪᠰᠢᠨ ᠤ ᠪᠠᠶᠢᠭᠤᠯᠤᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠨ᠎ᠠ᠃    ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠪᠠᠷ ᠳᠠᠮᠵᠢᠭᠤᠯᠤᠨ᠂ ᠥᠷᠭᠡᠨ ᠤᠯᠠᠨ ᠺᠠᠳ᠋ᠷ᠂ ᠤᠯᠠᠨ ᠲᠦᠮᠡᠨ ᠢ ᠤᠯᠤᠰ ᠤᠨ ᠠᠮᠤᠷ ᠲᠦᠪᠰᠢᠨ ᠤ ᠤᠬᠠᠮᠰᠠᠷ ᠢ ᠵᠥᠪ ᠪᠤᠢ ᠪᠣᠯᠭᠠᠵᠤ᠂ ᠪᠦᠬᠦ ᠠᠷᠠᠳ ᠤᠨ ᠬᠠᠤᠯᠢ ᠶᠢᠨ ᠤᠬᠠᠭᠠᠨ ᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠪᠠ ᠤᠯᠤᠰ ᠤᠨ ᠠᠮᠤᠷ ᠳᠦᠪᠰᠢᠨ ᠢ ᠬᠠᠮᠠᠭᠠᠯᠠᠬᠤ ᠤᠬᠠᠮᠰᠠᠷᠲᠤ ᠴᠢᠨᠠᠷ ᠢ ᠴᠢᠩᠭᠠᠳᠬᠠᠵᠤ᠂ ᠤᠯᠤᠰ ᠣᠷᠣᠨ ᠤ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠢᠵᠦ ᠪᠣᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃     ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2