ᠠᠵᠢᠯ ᠤᠨ ᠵᠢᠷᠤᠮᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷᠡᠭ ᠢ ᠬᠢᠨᠠᠨ | ᠪᠠᠶᠢᠴᠠᠭᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠪᠠᠭᠤᠷᠠᠶ ᠲᠠᠯ᠎ᠠ ᠶᠢ ᠴᠠᠭ ᠲᠤᠬᠠᠶ ᠳᠤ ᠨᠢ ᠣᠯᠵᠤ | ᠮᠡᠳᠡᠬᠦ ᠶᠢᠨ ᠲᠤᠰᠠᠳᠠ᠂ ᠪᠣᠳᠠᠲᠤ ᠶᠠᠪᠤᠳᠠᠯ ᠭᠡᠷᠡᠴᠢ ᠪᠠᠷᠢᠮᠲᠠ ᠶᠢᠨ ᠪᠣᠭᠤᠮᠲᠠ ᠪᠣᠯᠤᠨ ᠬᠡᠷᠡᠭ ᠢ ᠭᠠᠳᠠᠭᠠᠲᠦ ᠳᠤ | ᠭᠠᠷᠭᠠᠬᠤ ᠪᠣᠭᠤᠮᠲᠠ ᠶᠢ ᠴᠢᠩᠭ᠎ᠠ ᠠᠳᠬᠤᠪᠠ᠃ 4 ᠰᠠᠷ᠎ᠠ ᠶᠢᠨ 13 ᠤ ᠡᠳᠦᠷ᠂ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠠᠴᠠ ᠨᠢᠭᠡᠳᠦᠯᠲᠡᠶ ᠳᠣᠭᠢᠷᠠᠭᠤᠯᠵᠤ᠂ ᠬᠡᠷᠡᠭ ᠤᠨ ᠶᠠᠰᠤ | ᠴᠢᠨᠠᠷ ᠢ ᠦᠨᠡᠯᠡᠨ ᠪᠠᠶᠢᠴᠠᠭᠠᠬᠤ ᠲᠠᠪᠤᠳᠤᠭᠠᠷ ᠳᠤᠭᠤᠶᠢᠯᠠᠩ ᠤᠨ ᠲᠠᠪᠤᠨ ᠬᠥᠮᠦᠨ ᠮᠠᠨ ᠤ ᠬᠤᠷᠢᠶᠠᠨ ᠤ ᠬᠡᠷᠡᠭ ᠲᠤ | ᠶᠠᠰᠤ ᠴᠢᠨᠠᠷ ᠢ ᠦᠨᠡᠯᠡᠨ ᠪᠠᠶᠢᠴᠠᠭᠠᠪᠠ᠃ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠳᠤᠭᠤᠶᠢᠯᠠᠩ ᠪᠣᠳᠠᠲᠤ | ᠶᠠᠪᠤᠳᠠᠯ ᠨᠢ ᠲᠣᠳᠣᠷᠬᠠᠶ᠂ ᠭᠡᠷᠡᠴᠢ ᠪᠠᠷᠢᠮᠲᠠ ᠨᠢ ᠪᠠᠲᠤᠲᠠᠶ ᠪᠠᠶᠢᠬᠤ᠂ ᠰᠢᠨᠵᠢ ᠴᠢᠨᠠᠷ ᠢ ᠨᠢ ᠣᠨᠣᠪᠴᠢᠲᠠᠶ | ᠲᠣᠭᠲᠠᠭᠠᠬᠤ᠂ ᠰᠢᠢᠳᠪᠦᠷᠢᠯᠡᠬᠦ ᠨᠢ ᠵᠤᠬᠢᠰᠲᠠᠢ ᠪᠠᠶᠢᠬᠤ᠂ ᠭᠠᠷ ᠭᠦᠢᠴᠡᠳᠬᠡᠯ ᠨᠢ ᠪᠦᠷᠢᠨ ᠲᠡᠭᠦᠯᠳᠡᠷ᠂ ᠵᠢᠷᠤᠮ ᠨᠢ | ᠲᠣᠭᠲᠠᠭᠠᠯ ᠳᠤ ᠨᠡᠶᠢᠴᠡᠭᠰᠡᠨ᠂ ᠭᠦᠢᠴᠡᠳ ᠬᠡᠷᠡᠭᠵᠢᠭᠦᠯᠬᠦ᠂ ᠬᠠᠮᠢᠶᠠᠷᠤᠯᠲᠠ ᠨᠢ ᠵᠢᠷᠤᠮᠵᠢᠭᠤᠨ ᠪᠠᠶᠢᠬᠤ ᠵᠡᠷᠭᠡ ᠨᠠᠢᠮᠠᠨ | ᠲᠠᠯ᠎ᠠ ᠪᠠᠷ 2018 ᠤᠨ ᠪᠠ 2019 ᠣᠨ ᠳᠤ ᠰᠢᠭᠦᠵᠦ ᠳᠠᠭᠤᠰᠬᠠᠭᠰᠠᠨ ᠥᠪᠡᠰᠦᠪᠡᠨ ᠰᠢᠢᠳᠪᠦᠷᠢᠯᠡᠭᠰᠡᠨ ᠬᠡᠷᠡᠭ᠂ | ᠢᠯᠠᠩᠭᠤᠶ᠎ᠠ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ ᠤᠨ ᠶᠠᠰᠤ ᠴᠢᠨᠠᠷ ᠤᠨ ᠪᠠᠶᠢᠳᠠᠯ ᠢ | ᠲᠠᠰᠢᠷᠠᠮ ᠢᠶᠠᠷ ᠦᠨᠡᠯᠡᠨ ᠪᠠᠶᠢᠴᠠᠭᠠᠪᠠ᠃ | ᠦᠨᠡᠯᠡᠨ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠮᠠᠨ ᠤ ᠬᠤᠷᠢᠶ᠎ᠠ ᠬᠡᠷᠡᠭ ᠤᠨ ᠶᠠᠰᠤ ᠴᠢᠨᠠᠷ ᠢ | ᠦᠨᠠᠯᠠᠨ ᠪᠠᠶᠢᠴᠠᠭᠠᠵᠤ ᠬᠠᠷᠢᠭᠤ ᠲᠤᠰᠬᠠᠬᠤ ᠠᠵᠢᠯ ᠤᠨ ᠬᠤᠷᠠᠯ ᠬᠤᠷᠠᠯᠳᠤᠭᠤᠯᠵᠤ᠂ ᠵᠥᠪᠯᠡᠯ ᠤᠨ ᠪᠠᠶᠢᠭᠤᠯᠭ᠎ᠠ | ᠣᠳᠣᠷᠢᠳᠣᠯᠭ᠎ᠠ᠂ ᠰᠢᠭᠦᠬᠦ ᠲᠠᠰᠤᠭ ᠤᠨ ᠪᠦᠬᠦ ᠺᠠᠳ᠋ᠷ᠂ ᠡᠯ᠎ᠡ ᠶᠠᠮᠤᠨ ᠲᠠᠰᠤᠭ ᠤᠨ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ ᠦᠨᠡᠯᠡᠨ ᠪᠠᠶᠢᠴᠠᠭᠠᠬᠤ ᠳᠤᠭᠤᠶᠢᠯᠠᠩ ᠤᠨ ᠲᠠᠪᠤᠨ ᠬᠥᠮᠦᠨ ᠬᠡᠷᠡᠭ ᠢ ᠬᠢᠨᠠᠨ ᠪᠠᠶᠢᠴᠠᠭᠠᠵᠤ | ᠪᠠᠶᠢᠴᠠᠭᠠᠬᠤ ᠵᠢᠴᠢ ᠬᠡᠷᠡᠭ ᠢ ᠰᠢᠭᠦᠬᠦ ᠶᠠᠪᠤᠴᠠ ᠳᠤ ᠣᠷᠣᠰᠢᠵᠤ ᠪᠠᠶᠢᠭ᠎ᠠ ᠪᠡᠶᠡᠴᠢ ᠴᠣᠭᠴᠠ ᠶᠢᠨ ᠪᠡᠶ᠎ᠡ ᠶᠢᠨ | ᠦᠨᠡᠮᠯᠡᠯ ᠤᠨ ᠪᠠᠷᠢᠮᠲᠠ ᠨᠢ ᠪᠦᠷᠢᠨ ᠪᠤᠰᠤ᠂ ᠰᠢᠯᠵᠢᠭᠦᠯᠦᠨ ᠠᠪᠬᠤ ᠭᠠᠷ ᠭᠦᠢᠴᠡᠳᠬᠡᠯ ᠨᠢ ᠵᠢᠷᠤᠮᠵᠢᠯ ᠦᠭᠡᠢ᠂ | ᠬᠢᠨᠠᠨ ᠵᠥᠪᠰᠢᠶᠡᠷᠡᠬᠦ ᠭᠠᠷ ᠭᠦᠢᠴᠡᠳᠬᠡᠯ ᠨᠢ ᠪᠦᠷᠢᠨ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ᠂ ᠪᠣᠳᠠᠲᠠᠶ | ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ ᠦᠨᠡᠯᠡᠨ ᠪᠠᠶᠢᠴᠠᠭᠠᠬᠤ ᠳᠤᠭᠤᠶᠢᠯᠠᠩ ᠠᠴᠠ᠂ ᠰᠢᠭᠦᠬᠦ ᠰᠠᠯᠠᠭ᠎ᠠ | ᠮᠥᠴᠢᠷ ᠪᠣᠯᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠯ | ᠬᠦᠴᠦᠨ ᠢᠶᠠᠨ ᠴᠢᠩᠭᠠᠳᠬᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠰᠢᠭᠦᠬᠦ ᠰᠠᠯᠠᠭ᠎ᠠ ᠮᠥᠴᠢᠷ ᠤᠳ ᠬᠡᠷᠡᠭ ᠤᠨ | ᠶᠠᠰᠤ ᠴᠢᠨᠠᠷ ᠢ ᠪᠠᠲᠤᠯᠠᠨ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠬᠡᠷᠡᠭ ᠤᠨ ᠶᠠᠰᠤ ᠴᠢᠨᠠᠷ ᠤᠨ ᠠᠮᠢᠨ ᠰᠤᠳᠠᠰᠤ ᠶᠢ | ᠰᠠᠶᠢᠲᠤᠷ ᠡᠵᠡᠮᠳᠡᠵᠦ᠂ ᠰᠢᠭᠦᠬᠦ ᠳᠡᠰ ᠳᠠᠷᠠᠭᠠᠯᠠᠯ ᠢ ᠴᠢᠩᠭ᠎ᠠ ᠭᠦᠢᠴᠡᠳᠬᠡᠨ᠂ ᠪᠣᠳᠠᠲᠤ ᠶᠠᠪᠤᠳᠠᠯ ᠨᠢ ᠲᠣᠳᠣᠷᠬᠠᠶ᠂ | ᠰᠢᠨᠵᠢ ᠴᠢᠨᠠᠷ ᠨᠢ ᠣᠨᠣᠪᠴᠢᠲᠠᠶ᠂ ᠳᠡᠰ ᠳᠠᠷᠠᠭᠠᠯᠠᠯ ᠨᠢ ᠪᠦᠷᠢᠨ ᠭᠦᠢᠴᠡᠳ ᠲᠣᠭᠲᠠᠭᠠᠯ ᠳᠤ ᠨᠡᠶᠢᠴᠡᠭᠦᠯᠵᠦ᠂ | ᠬᠡᠷᠡᠭ ᠤᠨ ᠡᠪᠬᠡᠮᠡᠯ ᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠪᠠ ᠠᠵᠢᠯ ᠤᠨ ᠵᠢᠷᠤᠮᠵᠢᠯ ᠳᠤ ᠨᠡᠶᠢᠴᠡᠭᠦᠯᠵᠦ᠂ | ᠲᠣᠭᠲᠠᠭᠠᠯ ᠰᠠᠬᠢᠯᠭ᠎ᠠ ᠬᠠᠤᠯᠢ ᠴᠠᠭᠠᠵᠠ ᠶᠣᠰᠣᠭᠠᠷ ᠰᠠᠨᠠᠯ ᠢᠶᠠᠨ ᠳᠤᠷᠠᠳᠬᠤ ᠬᠡᠷᠡᠭᠲᠡᠶ᠃ ᠬᠢᠨᠠᠨ ᠪᠠᠶᠢᠴᠠᠭᠠᠬᠤ | ᠰᠠᠯᠠᠭ᠎ᠠ ᠮᠥᠴᠢᠷ ᠤᠳ ᠬᠡᠷᠡᠭ ᠰᠢᠢᠳᠪᠦᠷᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠤᠳᠠᠲᠠᠶᠢᠵᠢᠭᠤᠯᠤᠨ᠂ | ᠶᠠᠰᠤ ᠴᠢᠨᠠᠷ ᠤᠨ ᠦᠵᠡᠯ ᠤᠬᠠᠮᠰᠠᠷ ᠢ ᠪᠠᠲᠤ ᠪᠣᠶ ᠪᠣᠯᠭᠠᠵᠤ᠂ ᠬᠠᠤᠯᠢ ᠶᠢᠨ ᠦᠭᠡ ᠬᠡᠯᠡ ᠢ ᠴᠢᠳᠠᠮᠠᠭᠠᠶ ᠬᠡᠷᠡᠭᠯᠡᠨ᠂ | ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠪᠣᠳᠠᠲᠤ ᠶᠠᠪᠤᠳᠠᠯ ᠵᠢᠴᠢ ᠡᠯ᠎ᠡ ᠬᠢᠭᠰᠡᠨ ᠰᠡᠵᠢᠭᠯᠡᠯᠲᠡᠶ | ᠠᠰᠠᠭᠤᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠣᠳᠣᠷᠬᠠᠶᠢᠯᠠᠨ ᠥᠭᠦᠯᠡᠵᠦ᠂ ᠬᠢᠨᠠᠨ ᠪᠠᠶᠢᠴᠠᠭᠠᠭᠰᠠᠨ | ᠪᠠᠶᠢᠴᠠᠭᠠᠯᠲᠠ ᠶᠢᠨ ᠮᠡᠳᠡᠭᠦᠯᠦᠯᠲᠡ ᠳᠤ ᠮᠠᠭᠠᠳᠯᠠᠨ ᠲᠣᠭᠲᠠᠭᠠᠭᠰᠠᠨ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠪᠣᠳᠠᠲᠤ ᠶᠠᠪᠤᠳᠠᠯ ᠢ ᠭᠡᠷᠡᠴᠢ ᠪᠠᠷᠢᠮᠲᠠ ᠯᠤᠭ᠎ᠠ ᠨᠡᠶᠢᠴᠡᠬᠦ ᠬᠡᠷᠡᠭᠲᠡᠶ᠃ ᠦᠨᠡᠯᠡᠨ ᠪᠠᠶᠢᠴᠠᠭᠠᠬᠤ | ᠳᠤᠭᠤᠶᠢᠯᠠᠩ ᠴᠢᠬᠤᠯᠠᠴᠢᠯᠠᠬᠤ ᠳᠠᠭᠠᠨ᠂ ᠬᠡᠷᠡᠭ ᠤᠨ ᠭᠤᠭᠴᠤᠭ᠎ᠠ ᠨᠢᠭᠡᠪᠦᠷᠢ ᠨᠢ ᠴᠥᠮ ᠪᠢᠴᠢᠭ ᠬᠠᠷ᠎ᠠ ᠶᠢᠨ ᠬᠡᠪ | ᠬᠠᠪᠲᠠᠰᠤ ᠠᠴᠠ ᠰᠠᠯᠵᠤ ᠴᠢᠳᠠᠬᠤ ᠥᠬᠡᠶ᠂ ᠴᠢᠨᠠᠷ ᠰᠠᠶᠢᠲᠠᠶ ᠪᠠᠶᠢᠬᠤ ᠶᠢ ᠪᠡᠶᠡᠯᠡᠭᠦᠯᠬᠦ ᠳᠤ ᠡᠷᠬᠡᠪᠰᠢ ᠪᠢᠴᠢᠭ | ᠬᠠᠷ᠎ᠠ ᠶᠢᠨ ᠵᠢᠷᠤᠮᠵᠢᠯᠲᠠ ᠶᠢ ᠳᠥᠯᠭᠢᠨ ᠠᠬᠢᠭᠤᠯᠵᠤ᠂ ᠪᠢᠴᠢᠭ ᠬᠠᠷ᠎ᠠ ᠶᠢᠨ ᠬᠡᠪ ᠵᠠᠭᠪᠤᠷ ᠢ ᠨᠢᠭᠡᠳᠬᠡᠬᠦ ᠬᠡᠷᠡᠭᠲᠡᠶ᠃ | ᠬᠤᠷᠠᠯ ᠤᠨ ᠡᠴᠦᠰ ᠲᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠱᠠᠩ ᡁᠢ | ᠴᠢᠩ ᠨᠦᠬᠦᠷ ᠳ᠋ᠦᠩᠨᠡᠯᠲᠡ ᠬᠢᠵᠤ᠂ ᠲᠣᠰ ᠤᠳᠠᠭᠠᠨ ᠤ ᠬᠡᠷᠡᠭ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠪᠣᠯ | ᠪᠥᠬᠦ ᠬᠤᠲᠠ ᠶᠢᠨ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠦᠨᠡᠯᠡᠨ ᠪᠠᠶᠢᠴᠠᠭᠠᠬᠤ ᠳᠤᠭᠤᠶᠢᠯᠠᠩ ᠤᠨ ᠮᠠᠨ ᠤ | ᠬᠤᠷᠢᠶᠠᠨ ᠳᠤ ᠳᠤᠷᠠᠳᠤᠭᠰᠠᠨ ᠰᠠᠨᠠᠯ ᠰᠠᠨᠠᠭᠤᠯᠭ᠎ᠠ ᠨᠢ ᠮᠠᠰᠢ ᠪᠦᠲᠦᠮᠵᠢᠲᠡᠶ ᠶᠤᠮ᠂ ᠲᠠᠷᠠᠭᠠᠴᠢ ᠶᠢᠨ ᠠᠯᠬᠤᠮ ᠳᠤ᠂ | ᠬᠢᠨᠠᠨ ᠪᠠᠶᠢᠴᠠᠭᠠᠯᠲᠠ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠬᠦᠴᠦᠯᠡᠨ ᠴᠢᠩᠭᠠᠳᠬᠠᠵᠤ᠂ ᠬᠠᠤᠯᠢ ᠪᠠᠷ | ᠵᠠᠰᠠᠬᠤ ᠰᠡᠳᠬᠢᠬᠦᠶ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ | ᠲᠤᠬᠠᠶᠢᠯᠠᠭᠰᠠᠨ ᠠᠵᠢᠯ ᠤᠨ ᠰᠠᠭᠤᠷᠢ ᠶᠢ ᠪᠠᠲᠤᠳᠬᠠᠨ᠂ ᠰᠠᠬᠢᠯᠭ᠎ᠠ ᠪᠠᠲᠤ ᠬᠠᠤᠯᠢ ᠬᠡᠷᠡᠭᠵᠢᠭᠦᠯᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠬᠡᠷᠡᠭ ᠤᠨ ᠴᠢᠨᠠᠷ ᠰᠠᠶᠢᠲᠠᠶ ᠪᠥᠭᠡᠳ ᠨᠠᠩ ᠶᠡᠭᠡ ᠰᠢᠨ᠎ᠡ ᠴᠢᠷᠮᠠᠶᠢᠯᠭ᠎ᠠ ᠭᠠᠷᠭᠠᠬᠤ ᠪᠣᠯᠤᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |