ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ᠂ ᠬᠢᠵᠢᠭ | ᠡᠪᠡᠳᠴᠢᠨ ᠳᠡᠯᠭᠡᠷᠡᠬᠦ ᠵᠠᠮ ᠢ ᠲᠡᠰᠦᠯᠵᠦ᠂ ᠠᠹᠷᠢᠺᠠ ᠲᠢᠪ ᠤᠨ ᠭᠠᠭ᠋ᠠᠶ ᠶᠢᠨ ᠬᠢᠵᠢᠭ ᠬᠠᠯᠳᠠᠪᠤᠷᠢᠯᠠᠭᠰᠠᠨ ᠭᠠᠭ᠋ᠠᠶ ᠶᠢᠨ | ᠮᠢᠬ᠎ᠠ ᠵᠡᠷᠭᠡ ᠭᠠᠭ᠋ᠠᠶ ᠶᠢᠨ ᠮᠢᠬᠠᠨ ᠤ ᠪᠦᠲᠦᠭᠡᠭᠳᠡᠬᠦᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠵᠦ᠂ ᠠᠷᠠᠳ | ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠪᠠᠲᠤᠯᠠᠬᠤ ᠶᠢᠨ ᠲᠥᠯᠥᠭᠡ᠂ 2020 ᠣᠨ ᠤ 4 ᠰᠠᠷ᠎ᠠ ᠶᠢᠨ | 15 ᠤ ᠡᠳᠦᠷ᠂ ᠵᠦᠸᠧᠽᠢ ᠰᠢᠶᠠᠨ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠥᠬᠦ | ᠰᠢᠶᠠᠨ ᠤ ᠭᠠᠭ᠋ᠠᠶ ᠨᠢᠲᠤᠯᠬᠤ ᠤᠶᠢᠯᠡᠳᠪᠦᠷᠢ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠨᠢ ᠭᠤᠤᠯᠳᠠᠭᠤ ᠭᠠᠭ᠋ᠠᠶ ᠶᠢᠨ ᠲᠤᠭ᠎ᠠ ᠬᠡᠮᠵᠢᠶ᠎ᠡ᠂ ᠢᠷᠡᠯᠲᠡ᠂ ᠬᠢᠵᠢᠭ ᠤᠨ | ᠪᠠᠶᠢᠴᠠᠭᠠᠯᠲᠠ ᠵᠡᠷᠭᠡ ᠪᠠᠶᠢᠳᠠᠯ ᠢ ᠪᠠᠶᠢᠴᠠᠭᠠᠨ ᠰᠢᠯᠭᠠᠵᠤ᠂ ᠬᠠᠤᠯᠢ ᠶᠣᠰᠣᠨ ᠤ ᠢᠷᠡᠯᠲᠡ ᠥᠬᠡᠶ᠂ ᠰᠢᠯᠭᠠᠨ | ᠪᠠᠶᠢᠴᠠᠭᠠᠯᠲᠠ ᠬᠢᠵᠢᠭ ᠪᠠᠶᠢᠴᠠᠭᠠᠯᠲᠠ ᠶᠢ ᠳᠠᠮᠵᠢᠭᠰᠠᠨ ᠥᠬᠡᠶ ᠪᠤᠶᠤ ᠬᠢᠷᠢ ᠲᠡᠩᠴᠡᠭᠰᠡᠨ ᠥᠬᠡᠶ ᠭᠠᠭ᠋ᠠᠶ ᠶᠢᠨ ᠮᠢᠬ᠎ᠠ | ᠵᠡᠷᠭᠡ ᠭᠠᠭ᠋ᠠᠶ ᠶᠢᠨ ᠮᠢᠬ᠎ᠠ ᠬᠤᠳᠠᠯᠳᠤᠨ ᠠᠪᠬᠤ ᠶᠢ ᠴᠢᠩᠭ᠎ᠠ ᠴᠠᠭᠠᠵᠠᠯᠠᠵᠤ᠂ ᠠᠹᠷᠢᠺᠠ ᠲᠢᠪ ᠤᠨ ᠭᠠᠭ᠋ᠠᠶ ᠶᠢᠨ | ᠬᠢᠵᠢᠭ ᠭᠠᠷᠤᠭᠰᠠᠨ ᠣᠷᠣᠨ ᠪᠦᠰᠡ ᠠᠴᠠ ᠭᠠᠭ᠋ᠠᠶ ᠵᠢᠴᠢ ᠭᠠᠭ᠋ᠠᠶ ᠶᠢᠨ ᠪᠦᠲᠦᠭᠡᠭᠳᠡᠬᠦᠨ ᠢ ᠰᠢᠯᠵᠢᠭᠦᠯᠦᠨ | ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠵᠤ᠂ ᠬᠢᠵᠢᠭ ᠤᠨ ᠴᠢᠨᠠᠷᠲᠠᠶ ᠭᠠᠭ᠋ᠠᠶ ᠶᠢᠨ ᠠᠮᠤᠷ ᠲᠦᠪᠰᠢᠨ ᠤ ᠳᠠᠯᠳᠠ ᠭᠡᠮ ᠢ | ᠦᠨᠡᠨ ᠬᠦ ᠬᠤᠷᠢᠭᠯᠠᠬᠤ ᠬᠡᠷᠡᠭᠲᠡᠶ᠃ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠯᠭᠠᠭᠰᠠᠨ ᠦᠭᠡᠢ ᠪᠤᠶᠤ ᠰᠢᠯᠭᠠᠨ | ᠪᠠᠶᠢᠴᠠᠭᠠᠵᠤ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ᠂ ᠡᠪᠡᠳᠴᠢᠨ ᠢᠶᠠᠷ ᠦᠬᠦᠭᠰᠡᠨ ᠭᠠᠭ᠋ᠠᠶ ᠶᠢᠨ | ᠮᠢᠬᠠᠨ ᠤ ᠤᠶᠢᠯᠡᠳᠬᠦᠨ ᠢ ᠪᠣᠷᠣᠯᠠᠭᠤᠯᠬᠤ ᠶᠢ ᠡᠷᠡᠰ ᠬᠤᠷᠢᠭᠯᠠᠬᠤ ᠬᠡᠷᠡᠭᠲᠡᠶ᠃ ᠪᠠᠶᠢᠴᠠᠭᠠᠯᠲᠠ ᠬᠢᠬᠦ ᠶᠢᠨ ᠬᠠᠮᠲᠤ᠂ | ᠭᠠᠭ᠋ᠠᠶ ᠨᠢᠲᠤᠯᠬᠤ ᠤᠶᠢᠯᠡᠳᠪᠦᠷᠢ ᠳᠤ ᠭᠡᠷᠡᠴᠢ ᠪᠠᠷᠢᠮᠲᠠ ᠠᠪᠬᠤ ᠲᠦᠷᠢᠮ ᠪᠠ ︽ᠬᠤᠶᠠᠷ ᠦᠨᠡᠮᠯᠡᠯ ᠬᠤᠶᠠᠷ | ᠪᠦᠯᠦᠭ︾ ᠤᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠡᠵᠡᠩᠨᠡᠭᠴᠢᠳ ᠤᠨ ᠪᠣᠷᠣᠯᠠᠭᠤᠯᠬᠤ ᠭᠠᠭ᠋ᠠᠶ ᠶᠢᠨ ᠮᠢᠬᠠᠨ ᠤ ᠤᠶᠢᠯᠡᠳᠬᠦᠨ ᠳᠤ ︽ᠮᠢᠬᠠᠨ ᠤ ᠵᠦᠢᠯ ᠤᠨ ᠶᠠᠰᠤ ᠴᠢᠨᠠᠷ | ᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠨᠡᠮᠯᠡᠯ︾᠂ ︽ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ | ᠦᠨᠡᠮᠯᠡᠯ︾ ᠪᠠ ᠭᠠᠭ᠋ᠠᠶ ᠶᠢᠨ ᠬᠡᠩᠬᠦᠳᠡᠭ ᠳᠡᠭᠡᠷ᠎ᠡ ᠮᠢᠬᠠᠨ ᠤ ᠶᠠᠰᠤ ᠴᠢᠨᠠᠷ ᠤᠨ ᠬᠢᠷᠢ ᠲᠡᠩᠴᠡᠭᠰᠡᠨ ᠲᠠᠮᠠᠭ᠎ᠠ᠂ | ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠠᠮᠠᠭ᠎ᠠ ᠳᠠᠷᠤᠭᠰᠠᠨ ᠡᠰᠡᠬᠦ᠂ ︽ᠬᠤᠶᠠᠷ ᠦᠨᠡᠮᠯᠡᠯ ᠬᠤᠶᠠᠷ | ᠲᠠᠮᠠᠭ᠎ᠠ︾ ᠪᠤᠶᠤ ︽ᠬᠤᠶᠠᠷ ᠦᠨᠡᠮᠯᠡᠯ ᠬᠤᠶᠠᠷ ᠲᠠᠮᠠᠭ᠎ᠠ︾ ᠪᠦᠷᠢᠨ ᠪᠤᠰᠤ ᠭᠠᠭ᠋ᠠᠶ ᠶᠢᠨ ᠮᠢᠬᠠᠨ ᠤ ᠤᠶᠢᠯᠡᠳᠬᠦᠨ ᠢ | ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠶᠢ ᠡᠷᠡᠰ ᠬᠤᠷᠢᠭᠯᠠᠬᠤ ᠬᠡᠷᠡᠭᠲᠡᠶ᠃ | ᠲᠠᠷᠠᠭᠠᠴᠢ ᠶᠢᠨ ᠠᠯᠬᠤᠮ ᠳᠤ ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠪᠠᠶᠢᠳᠠᠯ ᠤᠨ ᠬᠠᠤᠯᠢ ᠶᠢ | ᠵᠥᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠪᠥᠬᠦ | ᠰᠢᠶᠠᠨ ᠤ ᠬᠡᠪᠴᠢᠶᠡᠨ ᠳᠤ ᠭᠠᠭ᠋ᠠᠶ ᠶᠢᠨ ᠮᠢᠬᠠᠨ ᠤ ᠤᠶᠢᠯᠡᠳᠬᠦᠨ ᠤ ᠠᠮᠤᠷ ᠲᠦᠪᠰᠢᠨ ᠤ ᠪᠠᠶᠢᠴᠠᠭᠠᠯᠲᠠ ᠶᠢᠨ | ᠠᠵᠢᠯᠯᠠᠭ᠎ᠠ ᠶᠢ ᠦᠷᠭᠦᠯᠵᠢᠯᠡ ᠥᠷᠨᠢᠭᠦᠯᠵᠦ᠂ ᠪᠥᠬᠦ ᠰᠢᠶᠠᠨ ᠤ ᠬᠡᠷᠡᠭᠯᠡᠭᠴᠢᠳ ᠲᠤ ᠬᠢᠷᠢ ᠲᠡᠩᠴᠡᠭᠰᠡᠨ ᠮᠢᠬ᠎ᠠ | ᠬᠤᠳᠠᠯᠳᠤᠨ ᠠᠪᠴᠤ᠂ ᠰᠠᠨᠠᠭ᠎ᠠ ᠠᠮᠤᠷ ᠮᠢᠬ᠎ᠠ ᠢᠳᠡᠭᠦᠯᠦᠨ᠎ᠡ ᠭᠡᠮᠡᠨ ᠢᠯᠡᠳᠬᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |