ᠠᠵᠤ ᠠᠬᠤᠶᠢᠯᠠᠯ ᠤᠨ ᠳᠠᠷᠦ᠋ᠢᠬᠠᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ | ᠠᠬᠢᠭᠤᠯᠬᠤ ᠶᠢᠨ ᠲᠥᠯᠥᠭᠡ᠂ ᠵᠦᠸᠧᠽᠢ ᠰᠢᠶᠠᠨ ᠠᠵᠤ ᠦᠢᠯᠡᠳᠪᠦᠷᠢ ᠮᠡᠳᠡᠭᠡ ᠬᠤᠳᠠᠯᠳᠤᠭᠠᠨ ᠤ ᠶᠠᠪᠤᠳᠠᠯ ᠤᠨ | ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ᠂ ᠰᠣᠶᠣᠯ | ᠵᠤᠭᠠᠴᠠᠯ ᠤᠨ ᠲᠤᠪᠴᠢᠶ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ | ᠲᠤᠪᠴᠢᠶ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠳᠤ ᠴᠢᠭᠯᠡᠭᠦᠯᠦᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠᠶᠢᠴᠠᠭᠠᠨ ᠰᠤᠳᠤᠯᠬᠤ | ᠠᠵᠢᠯ ᠥᠷᠨᠢᠭᠦᠯᠪᠡ᠃ ᠣᠲᠣ ᠪᠣᠯᠲᠠᠯ᠎ᠠ᠂ ᠵᠦᠸᠧᠽᠢ ᠰᠢᠶᠠᠨ ᠤ 19 ᠠᠵᠤ ᠠᠬᠤᠶᠢᠯᠠᠯ ᠦᠢᠯᠡᠳᠪᠦᠷᠢᠯᠡᠯ ᠢᠶᠠᠨ | ᠰᠡᠷᠭᠦᠭᠡᠭᠡᠳᠦᠶ ᠪᠠᠶᠢᠵᠤ᠂ ᠡᠭᠦᠨ ᠤ ᠳᠣᠲᠣᠷ᠎ᠠ ᠠᠵᠤ ᠠᠬᠤᠶᠢᠯᠠᠯ ᠤᠨ ᠡᠵᠡᠩᠨᠡᠯᠲᠡ ᠮᠠᠭᠤᠲᠠᠶ ᠠᠴᠠ ᠪᠣᠯᠵᠣ | ᠠᠵᠢᠯ ᠢᠶᠠᠨ ᠵᠣᠭᠰᠣᠭᠠᠭᠰᠠᠨ 5 ᠠᠵᠤ ᠠᠬᠤᠶᠢᠯᠠᠯ ᠪᠣᠶ︔ ᠪᠡᠯᠡ ᠮᠥᠩᠭᠦ ᠶᠢᠨ ᠡᠷᠭᠢᠯᠲᠡ ᠬᠦᠷᠦᠯᠴᠡᠬᠦ ᠦᠭᠡᠢ ᠠᠴᠠ | ᠪᠣᠯᠵᠤ ᠠᠵᠢᠯ ᠡᠬᠢᠯᠡᠭᠦᠯᠦᠭᠰᠡᠨ ᠦᠭᠡᠢ 6 ᠡᠷᠦᠬᠡ᠂ ᠤᠯᠠᠷᠢᠯ ᠲᠠᠭᠠᠨ ᠵᠠᠬᠢᠶᠠᠯᠠᠬᠤ ᠬᠠᠭᠤᠳᠠᠰᠤ ᠨᠡᠯᠢᠶᠡᠳ | ᠴᠥᠭᠡᠨ ᠪᠣᠯᠬᠤᠷ ᠠᠵᠢᠯ ᠡᠬᠢᠯᠡᠭᠦᠯᠦᠭᠰᠡᠨ ᠦᠭᠡᠢ 7 ᠡᠷᠦᠬᠡ ᠪᠠᠶᠢᠵᠤ᠂ ᠤᠶᠢᠯᠡᠳᠪᠦᠷᠢ ᠶᠢᠨ ᠭᠡᠷ ᠪᠠᠶᠢᠰᠢᠩ ᠤᠨ | ᠲᠥᠬᠦᠭᠡᠷᠦᠮᠵᠢ ᠶᠢ ᠳᠡᠰ ᠳᠡᠪᠰᠢᠭᠦᠯᠦᠭᠰᠡᠨ ᠠᠴᠠ ᠪᠣᠯᠵᠤ ᠠᠵᠢᠯ ᠡᠬᠢᠯᠡᠭᠡ ᠦᠭᠡᠢ 1 ᠡᠷᠦᠬᠡ ᠪᠠᠶᠢᠨ᠎ᠠ᠃ 5 ᠠᠵᠢᠯ | ᠵᠣᠭᠰᠣᠭᠰᠠᠨ ᠠᠴᠠ ᠭᠠᠳᠠᠨ᠎ᠠ᠂ ᠪᠤᠰᠤᠳ ᠠᠵᠤ ᠠᠬᠤᠶᠢᠯᠠᠯ ᠵᠢᠱᠢᠯᠲᠡ ᠪᠠᠷ 4 ᠰᠠᠷ᠎ᠠ ᠶᠢᠨ ᠰᠡᠭᠦᠯᠴᠢ ᠠᠴᠠ 9 | ᠰᠠᠷ᠎ᠠ ᠶᠢᠨ ᠡᠬᠢ ᠪᠣᠯᠲᠠᠯ᠎ᠠ ᠵᠠᠯᠭᠠᠯᠳᠤᠭᠠᠪᠠᠷ ᠠᠵᠢᠯ ᠢᠶᠠᠨ ᠡᠬᠢᠯᠡᠭᠦᠯᠬᠦ ᠪᠣᠯᠤᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |