ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠯᠠᠭᠤᠴᠤᠳ ᠤᠨ ᠠᠮᠢ ᠠᠬᠤᠶ ᠶᠢᠨ ᠪᠤᠯᠪᠠᠰᠦᠨ ᠤ ᠬᠥᠮᠦᠵᠢᠯ ᠤᠨ ᠤᠶᠢᠯᠡᠳᠤᠯᠭᠡ ᠶᠢᠨ ᠰᠠᠭᠤᠷᠢᠨ ᠭᠠᠵᠠᠷ ᠲᠤ ᠡᠷᠦᠬᠡ ᠠᠮᠠ ᠣᠷᠣᠪᠠ
ᠨᠡᠶᠢᠲᠡᠯᠡᠭᠰᠡᠨ ᠴᠠᠭ᠄
2020-04-22
    ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ︽ᠣᠶᠤᠨ ᠤᠬᠠᠭᠠᠨ ᠬᠤᠤᠰᠯᠠᠭᠰᠠᠨ ᠶᠠᠳᠠᠭᠤ ᠶᠢ ᠲᠡᠳᠬᠦᠬᠦ︾ ᠲᠥᠷᠥᠯ ᠵᠦᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ  ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠯᠠᠭᠤᠴᠤᠳ ᠤᠨ ᠠᠮᠢ ᠠᠬᠤᠶ ᠶᠢᠨ ᠪᠣᠯᠪᠠᠰᠤᠨ ᠤ ᠬᠥᠮᠦᠵᠢᠯ ᠤᠨ ᠤᠶᠢᠯᠡᠳᠤᠯᠭᠡ ᠶᠢᠨ ᠰᠠᠭᠤᠷᠢᠨ ᠭᠠᠵᠠᠷ ᠤᠨ ᠡᠬᠢᠯᠡᠯᠲᠡ ᠶᠢᠨ ᠶᠣᠰᠣᠯᠠᠯ 4 ᠰᠠᠷ᠎ᠠ ᠶᠢᠨ 9 ᠤ ᠡᠳᠦᠷ ᠵᠦᠸᠧᠽᠢ ᠱᠠᠨ ᠪᠠᠯᠭᠠᠰᠤᠨ ᠤ ᠬᠥᠬᠡ ᠬᠤᠰᠢᠭᠤᠨ ᠤ ᠭᠠᠴᠠᠭᠠᠨ ᠤ ᠠᠷᠠᠳ ᠤᠨ ᠵᠥᠪᠯᠡᠯ ᠤᠨ ᠪᠦᠦ  ᠪᠡᠢ ᠭᠧᠤ ᠳᠤ ᠶᠠᠪᠤᠭᠳᠠᠪᠠ᠃    ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠭᠤᠤ ᠬᠤᠶ ᠭᠤᠸᠠᠩ᠂ ᠳᠡᠳ᠋ ᠱᠦᠵᠢ ᠳ᠋ᠢ ᠷᠦᠢ ᠵᠧᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠹᠠᠩ ᠶᠢᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠶ ᠬᠠᠶ ᠢᠦᠶ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠰᠢᠶᠤᠤ ᠵᠢᠶᠦ᠋ᠨ ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠣᠣ ᠵᠢᠶᠠᠨ ᠵᠢᠶᠦ᠋ᠨ ᠨᠡᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠭᠤᠤ ᠬᠤᠢ ᠭᠤᠸᠠᠩ ᠱᠦᠵᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠯᠠᠭᠤᠴᠤᠳ ᠤᠨ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠪᠣᠯ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠯᠠᠭᠤᠴᠤᠳ ᠢ ᠵᠣᠬᠢᠶᠠᠨ ᠪᠠᠶᠢᠭᠤᠯᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤ ᠣᠷᠣᠯᠴᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠵᠦᠸᠧᠽᠢ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ  ᠶᠢ ᠪᠠᠷᠢᠮᠲᠠᠯᠠᠨ ᠴᠢᠩᠭᠠᠳᠬᠠᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠨ ᠠᠰᠢᠭᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ  ᠢᠶᠠᠷ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠡᠪᠯᠡᠯ ᠤᠨ ᠠᠵᠢᠯ ᠤᠨ ᠵᠥᠪᠯᠡᠯ᠂ ᠵᠠᠯᠠᠭᠤᠴᠤᠳ ᠤᠨ ᠬᠤᠯᠪᠣᠭ᠎ᠠ ᠨᠢ ᠪᠡᠯᠡ ᠮᠥᠩᠭᠦ ᠪᠦᠬᠦᠢ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠲᠤᠬᠠᠢ ᠶᠢᠨ  ᠭᠠᠵᠠᠷ ᠢ ᠬᠠᠪᠰᠤᠷᠤᠨ ᠡᠬᠢ ᠪᠠᠶᠠᠯᠢᠭ ᠢ ᠠᠭᠤᠳᠠᠯᠵᠤ᠂ ᠲᠠᠪᠴᠠᠩ ᠪᠠᠶᠢᠭᠤᠯᠵᠤ᠂ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠬᠤᠪᠢᠰᠬᠠᠯ ᠤᠨ ᠡᠬᠢ ᠪᠠᠶᠠᠯᠢᠭ ᠢ ᠪᠣᠬᠢᠷᠲᠤᠯ ᠦᠭᠡᠢ ᠬᠥᠭᠵᠢᠯᠲᠡ ᠲᠡᠰᠢ ᠪᠦᠲᠦᠮᠵᠢᠲᠡᠢ ᠬᠤᠪᠢᠷᠠᠭᠤᠯᠬᠤ ᠶᠢ ᠬᠠᠮᠲᠤᠪᠠᠷ ᠠᠬᠢᠭᠤᠯᠵᠤ᠂ ᠪᠡᠯᠡ ᠮᠥᠩᠭᠦ ᠪᠦᠬᠦᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃    ᠸᠠᠩ ᠰᠢᠶᠤᠤ ᠵᠢᠶᠦ᠋ᠨ ᠱᠦᠵᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠳᠤᠪᠤᠶᠢᠮ᠎ᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠯᠠᠭᠤᠴᠤᠳ ᠤᠨ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠤᠶᠢᠯᠡᠳᠤᠯᠭᠡ ᠶᠢᠨ ᠰᠠᠭᠤᠷᠢᠨ ᠭᠠᠵᠠᠷ ᠲᠤ ᠡᠷᠦᠬᠡ ᠠᠮᠠ ᠤᠷᠤᠭᠰᠠᠨ ᠨᠢ ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠭᠠᠷᠮᠠᠭᠠᠶ ᠬᠦᠮᠦᠵᠢᠯ ᠢ ᠳᠣᠲᠣᠨᠣ ᠪᠠᠷ ᠬᠠᠯᠠᠮᠵᠢᠯᠠᠵᠤ ᠪᠠᠶᠢᠬᠤ ᠪᠠ ᠬᠦᠴᠦᠲᠡᠶ ᠳᠡᠮᠵᠢᠵᠦ ᠪᠠᠶᠢᠬᠤ ᠶᠢ ᠭᠦᠢᠴᠡᠳ ᠬᠠᠷᠠᠭᠤᠯᠤᠭᠰᠠᠨ ᠪᠥᠭᠡᠳ ᠪᠠᠰᠠ ᠭᠠᠷᠮᠠᠭᠠᠶ ᠪᠠᠯᠠ ᠣᠷᠣᠭᠤᠯᠵᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠠᠲᠤ ᠰᠠᠬᠢᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠣᠯᠬᠤ ᠪᠥᠭᠡᠳ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠰᠢᠶᠠᠨ ᠤ ᠬᠤᠲᠠ ᠶᠢ ᠪᠥᠲᠥᠭᠡᠨ ᠪᠠᠶᠢᠭᠤᠯᠬᠤ ᠱᠠᠭᠠᠷᠳᠠᠯᠭ᠎ᠠ ᠪᠣᠯᠤᠨ᠎ᠠ ᠭᠡᠵᠦ ᠵᠢᠭᠠᠵᠤ ᠭᠠᠷᠭᠠᠪᠠ᠃ ᠲᠡᠷᠡ᠂ ᠵᠦᠸᠧᠽᠢ ᠰᠢᠶᠠᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ  ᠬᠤᠷᠢᠶ᠎ᠠ ᠲᠠᠢ ᠦᠷᠭᠦᠯᠵᠢᠯᠡᠨ ᠬᠠᠮᠵᠢᠯᠴᠠᠨ ᠵᠠᠯᠠᠭᠤᠴᠤᠳ ᠤᠨ ᠤᠢ ᠶᠢᠨ ᠪᠠᠶᠢᠭᠤᠯᠤᠯᠲᠠ ᠶᠢ ᠠᠬᠢᠭᠤᠯᠵᠤ᠂ ︽ᠤᠶᠤᠨ ᠤᠬᠠᠭᠠᠨ ᠬᠤᠶᠠᠷ ᠢ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ︾ ᠲᠦᠷᠦᠯ ᠵᠦᠢᠯ ᠤᠨ ᠬᠠᠮᠲᠤᠷᠠᠯᠴᠠᠭ᠎ᠠ ᠶᠢ  ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠷᠭᠡᠨ ᠤᠯᠠᠨ ᠵᠠᠯᠠᠭᠤ ᠨᠠᠶᠢᠵᠠ ᠰᠢᠨ᠎ᠡ ᠬᠦᠴᠦᠨ ᠪᠣᠯᠤᠨ ᠭᠠᠪᠰᠢᠭᠠᠢ ᠠᠩᠭᠢ  ᠶᠢᠨ ᠬᠤᠪᠢ ᠪᠠᠷ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠳᠤ ᠣᠷᠣᠯᠴᠠᠬᠤ ᠳᠤ ᠨᠡᠩ ᠤᠯᠠᠨ ᠤᠶᠢᠯᠡᠴᠢᠯᠡᠭᠡ ᠬᠠᠩᠭᠠᠨ᠎ᠠ ᠭᠡᠵᠦ ᠢᠯᠡᠳᠬᠡᠪᠡ᠃               ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2