4 ᠰᠠᠷ᠎ᠠ ᠶᠢᠨ 8 ᠤ ᠡᠳᠦᠷ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠢᠴᠢ ᠦᠷ᠎ᠡ | ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ | ᠠᠬᠢᠭᠤᠯᠬᠤ ᠬᠤᠷᠠᠯ ᠬᠤᠷᠠᠯᠳᠤᠪᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠤᠷᠳᠤᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ ᠬᠤᠷᠠᠯ ᠳᠤ ᠣᠷᠣᠯᠴᠠᠵᠤ᠂ ᠰᠢᠶᠠᠨ ᠤ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠸᠠᠨ ᠺᠦᠶ ᠬᠤᠷᠠᠯ ᠡᠷᠭᠢᠯᠡᠪᠡ᠃ | ᠬᠤᠷᠠᠯ ᠳᠡᠭᠡᠷ᠎ᠡ ᠲᠠᠷᠢᠶᠠᠯᠠᠩ ᠤᠨ ᠪᠠᠩᠬᠢ ᠶᠢᠨ ᠵᠦᠸᠧᠽᠢ ᠰᠠᠯᠪᠤᠷᠢ ᠪᠠᠩᠬᠢ᠂ ᠰᠢᠤᠳᠠᠨ ᠤ ᠬᠠᠳᠠᠭᠠᠯᠠᠮᠵᠢ ᠶᠢᠨ | ᠪᠠᠩᠬᠢ ᠶᠢᠨ ᠵᠦᠸᠧᠽᠢ ᠰᠠᠯᠪᠤᠷᠢ ᠪᠠᠩᠬᠢ᠂ ᠵᠦᠸᠧᠽᠢ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ | ᠬᠤᠷᠰᠢᠶ᠎ᠠ᠂ ᠵᠦᠸᠧᠽᠢ ᠮᠧᠩ ᠶᠢᠨ ᠲᠣᠰᠬᠤᠨ ᠪᠠᠯᠭᠠᠰᠤ ᠶᠢᠨ ᠪᠠᠩᠬᠢ ᠲᠣᠰ ᠲᠣᠰ ᠶᠠᠳᠠᠭᠤ ᠶᠢ ᠲᠡᠳᠬᠦᠬᠦ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠦᠷ᠎ᠡ ᠪᠦᠲᠦᠮᠵᠢ ᠶᠢ ᠬᠢᠨᠠᠨ ᠰᠢᠯᠭᠠᠭᠰᠠᠨ ᠠᠰᠠᠭᠤᠳᠠᠯ ᠤᠨ ᠬᠠᠷᠢᠭᠤ | ᠲᠤᠰᠬᠠᠯ ᠪᠠ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠤᠳᠠᠭ᠎ᠠ ᠪᠦᠷᠢ ᠶᠢᠨ | ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠯᠲᠠ ᠬᠢᠵᠦ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠪᠣᠶ ᠪᠥᠬᠦᠶ ᠠᠰᠠᠭᠤᠳᠠᠯ ᠢ | ᠪᠦᠬᠦᠨ ᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠪᠣᠳᠠᠲᠤ ᠦᠷ᠎ᠡ ᠪᠦᠲᠦᠮᠵᠢ | ᠤᠯᠪᠠ᠃ | ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠪᠥᠬᠦ ᠰᠢᠶᠠᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ ᠶᠢᠨ ᠠᠬᠢᠴᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠪᠡ︔ | ᠰᠢᠶᠠᠨ ᠤ ᠮᠥᠩᠭᠦᠨ ᠭᠦᠢᠯᠭᠡᠭᠡᠨ ᠤ ᠠᠯᠪᠠᠨ ᠬᠡᠷ ︽ᠤᠯᠠᠭᠠᠨᠴᠠᠪ ᠬᠤᠲᠠ ᠶᠢᠨ ᠮᠥᠩᠭᠦᠨ ᠭᠦᠢᠯᠭᠡᠭᠡᠨ ᠢᠶᠠᠷ | ᠶᠠᠳᠠᠭᠤ ᠶᠢ ᠲᠡᠳᠬᠦᠬᠦ ᠫᠠᠶᠢᠰᠠ ᠡᠯᠭᠦᠨ ᠲᠡᠶᠢᠨ ᠢ ᠬᠢᠨᠠᠨ ᠪᠠᠶᠢᠴᠠᠭᠠᠬᠤ ᠠᠵᠢᠯ ᠤᠨ ᠲᠥᠰᠦᠯ︾ ︵ᠤᠯᠠᠭᠠᠨᠴᠠᠪ | ᠬᠤᠲᠠ ᠶᠢᠨ ᠠᠯᠪᠠᠨ ᠲᠠᠷᠬᠠᠭᠰᠠᠨ ︹ 2020 ︺ 9 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ | ᠂ ᠵᠢᠷᠭᠤᠭᠠᠨ ᠲᠠᠯ᠎ᠠ ᠪᠠᠷ ᠮᠠᠨ ᠤ ᠰᠢᠶᠠᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ | ᠫᠠᠶᠢᠰᠠ ᠡᠯᠭᠦᠨ ᠪᠠᠶᠢᠯᠳᠤᠬᠤ ᠠᠵᠢᠯ ᠳᠤ ᠪᠠᠶᠢᠷᠢᠯᠠᠭᠤᠯᠤᠯᠲᠠ ᠬᠢᠪᠠ᠂ ᠨᠢᠭᠡ ᠳᠤ ᠶᠠᠳᠠᠭᠤ ᠶᠢ ᠲᠡᠳᠬᠦᠬᠦ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠵᠢᠭᠡᠯᠡᠯᠭᠡ ᠲᠠᠯᠪᠢᠭᠰᠠᠨ ᠪᠠᠶᠢᠳᠠᠯ ᠢ | ᠡᠵᠡᠮᠰᠢᠨ᠎ᠡ︔ ᠬᠤᠶᠠᠷ ᠲᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢ ︽ᠡᠷᠬᠢᠨ | ᠬᠠᠷᠠᠬᠤ︾ ᠠᠵᠢᠯ ᠢ ᠥᠷᠨᠢᠭᠦᠯᠵᠦ᠂ 6 ᠵᠦᠢᠯ ᠤᠨ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠦᠷᠢᠵᠢᠭᠤᠯᠤᠨ᠎ᠠ︔ ᠭᠤᠷᠪᠠ ᠳᠤ ᠮᠥᠩᠭᠦᠨ ᠭᠦᠶ᠋ᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠬᠤᠭᠤᠴᠠᠭ᠎ᠠ ᠬᠡᠲᠦᠷᠡᠭᠰᠡᠨ ᠪᠠ ᠡᠷᠡᠭᠦᠯ ᠪᠤᠰᠤ ᠵᠢᠭᠡᠯᠡᠯᠭᠡ ᠶᠢ | ᠲᠣᠬᠢᠲᠠᠶ ᠰᠢᠢᠳᠪᠦᠷᠢᠯᠡᠨ᠎ᠡ︔ ᠳᠥᠷᠪᠡ ᠳᠤ ︽ᠡᠷᠦᠬᠡ ᠠᠮᠠ ᠶᠢᠨ ᠵᠢᠭᠡᠯᠡᠯᠭᠡ ᠶᠢᠨ ᠠᠵᠤ ᠠᠬᠤᠶᠢᠯᠠᠯ ᠢ ᠬᠡᠷᠡᠭᠯᠡᠬᠦ︾ | ᠪᠠᠶᠢᠳᠠᠯ ᠢ ᠤᠶᠢᠯᠭᠠᠵᠤ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠤᠨ᠎ᠠ︔ ᠲᠠᠪᠤ ᠳᠤ ᠠᠰᠠᠭᠤᠳᠠᠯ ᠢ | ᠢᠯᠡᠷᠡᠭᠦᠯᠦᠨ ᠡᠮᠬᠢᠯᠡᠬᠦ ᠪᠠ ᠴᠡᠭᠴᠡᠯᠡᠨ ᠰᠠᠶᠢᠵᠢᠷᠠᠭᠤᠯᠬᠤ︔ ᠵᠢᠷᠭᠤᠭ᠎ᠠ ᠳᠤ ᠬᠢᠵᠢᠭ ᠤᠨ ᠨᠥᠯᠥᠭᠡ ᠶᠢ ᠲᠣᠬᠢᠲᠠᠶ | ᠠᠷᠭᠠᠴᠠᠨ᠎ᠠ᠃ | ᠬᠤᠷᠠᠯ ᠳᠡᠭᠡᠷ᠎ᠡ᠂ ᠸᠠᠩ ᠢᠦᠶ ᠸᠧᠶ ᠳᠡᠳ᠋ ᠰᠢᠶᠠᠨ ᠤ ᠳᠠᠷᠤᠭ᠎ᠠ ᠴᠢᠬᠤᠯᠠᠴᠢᠯᠠᠭᠰᠠᠨ ᠨᠢ᠂ ᠲᠠᠷᠢᠶᠠᠯᠠᠩ ᠤᠨ | ᠪᠠᠩᠭᠢ ᠶᠢᠨ ᠵᠦᠸᠧᠽᠢ ᠰᠠᠯᠪᠤᠷᠢ ᠪᠠᠩᠬᠢ᠂ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠵᠦᠸᠧᠽᠢ ᠰᠠᠯᠪᠤᠷᠢ ᠪᠠᠩᠬᠢ᠂ | ᠵᠦᠸᠧᠽᠢ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠵᠦᠸᠧᠽᠢ ᠮᠧᠩ ᠶᠢᠨ ᠲᠣᠰᠬᠤᠨ | ᠪᠠᠯᠭᠠᠰᠦᠨ ᠤ ᠪᠠᠩᠬᠢ ᠦᠵᠡᠯ ᠰᠠᠨᠠᠭ᠎ᠠ ᠪᠠᠨ ᠨᠢᠭᠡᠳᠬᠡᠨ᠂ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ | ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ | ᠴᠢᠩᠭᠠᠳᠬᠠᠬᠤ ᠬᠡᠷᠡᠭᠲᠡᠶ︔ ᠪᠠᠩᠬᠢ ᠪᠠ ᠨᠡᠶᠢᠭᠡᠮ ᠤᠨ ᠪᠠᠲᠤᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠵᠦᠸᠧᠽᠢ | ᠬᠢᠨᠠᠨ ᠬᠠᠮᠢᠶᠠᠷᠬᠤ ᠳᠤᠭᠤᠶᠢᠯᠠᠩ ᠨᠢ ᠵᠢᠭᠡᠯᠡᠯᠭᠡ ᠳᠠᠭᠠᠭᠠᠴᠢᠯᠠᠭᠰᠠᠨ 4 ᠪᠠᠩᠬᠢ ᠶᠢ ᠰᠢᠮᠳᠠᠭᠤᠯᠤᠨ ᠵᠢᠯᠣᠭᠤᠳᠴᠤ | ᠪᠠᠶᠢᠭᠠᠳ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ | ᠴᠢᠩᠭ᠎ᠠ ᠬᠡᠷᠡᠭᠵᠢᠭᠦᠯᠦᠨ᠂ ᠵᠢᠭᠡᠯᠡᠯᠭᠡ ᠶᠢᠨ ᠴᠤᠪᠤᠷᠠᠯ ᠢ ᠵᠢᠷᠤᠮᠵᠢᠭᠤᠯᠵᠤ᠂ ᠱᠠᠭᠠᠷᠳᠠᠯᠭ᠎ᠠ ᠶᠣᠰᠣᠭᠠᠷ ᠵᠢᠭᠡᠯᠡᠯᠭᠡ | ᠲᠠᠯᠪᠢᠬᠤ ᠠᠴᠠ ᠡᠮᠦᠨᠡᠬᠢ ᠪᠠᠶᠢᠴᠠᠭᠠᠯᠲᠠ᠂ ᠵᠢᠭᠡᠯᠡᠯᠭᠡ ᠶᠢᠨ ᠳᠤᠮᠳᠠᠬᠢ ᠬᠢᠨᠠᠨ ᠪᠠᠶᠢᠴᠠᠭᠠᠯᠲᠠ᠂ ᠵᠢᠭᠡᠯᠡᠯᠭᠡ | ᠲᠠᠯᠪᠢᠭᠰᠠᠨ ᠤ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠵᠢᠭᠡᠯᠡᠯᠭᠡ ᠲᠠᠯᠪᠢᠬᠤ ᠠᠵᠢᠯ ᠢ | ᠴᠠᠭ ᠲᠤᠬᠠᠶ ᠳᠤᠨᠢ᠂ ᠨᠠᠷᠢᠯᠢᠭ ᠤᠨᠤᠪᠴᠢᠲᠠᠢ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠶ ᠪᠠᠶᠢᠯᠭᠠᠬᠤ ᠶᠢ | ᠦᠨᠡᠨᠬᠦ ᠪᠠᠲᠤᠯᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠤᠶᠢᠯᠡᠳᠪᠦᠷᠢᠯᠡᠯ ᠤᠨ ᠪᠠᠯᠠ ᠮᠥᠩᠭᠦ ᠶᠢ ᠬᠥᠭᠵᠢᠭᠦᠯᠬᠦ ︽ | ᠪᠣᠭᠤᠮᠢ︾ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ︔ ᠡᠯ᠎ᠡ ᠰᠢᠶᠠᠩ ᠪᠠᠯᠭᠠᠰᠤ ᠨᠤᠭᠤᠳ ᠲᠣᠰᠬᠤᠨ ᠤ | ᠠᠷᠠᠳ ᠤᠨ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠭᠦᠢᠴᠡᠳ ᠳᠠᠶᠢᠴᠢᠯᠠᠨ ᠰᠢᠶᠠᠩ | ᠪᠠᠯᠭᠠᠰᠤ ᠶᠢᠨ ᠪᠠᠩᠬᠢ ᠶᠢ ᠬᠠᠮᠵᠢᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠠᠵᠢᠯ ᠢ | ᠥᠷᠨᠢᠭᠦᠯᠬᠦ ᠶᠢᠨ ᠬᠠᠮᠲᠤ᠂ ᠡᠯ᠎ᠡ ᠪᠠᠩᠬᠢ ᠨᠤᠭᠤᠳ ᠠᠵᠢᠯ ᠤᠨ ᠤᠷ᠎ᠠ ᠮᠡᠷᠭᠡᠰᠢᠯ ᠢ ᠠᠩᠬᠠᠷᠴᠦ᠂ ᠠᠮᠢᠳᠤᠯᠢᠭ | ᠣᠯᠠᠨ ᠶᠠᠩᠵᠤ ᠶᠢᠨ ᠠᠵᠢᠯᠯᠠᠬᠤ ᠠᠷᠭ᠎ᠠ ᠶᠢ ᠬᠡᠷᠡᠭᠯᠡᠨ ᠠᠵᠢᠯ ᠢᠶᠠᠨ ᠥᠷᠨᠢᠭᠦᠯᠵᠦ᠂ ᠵᠢᠭᠡᠯᠡᠯᠭᠡ ᠶᠢᠨ ᠨᠥᠬᠦᠴᠡᠯ ᠳᠤ | ᠨᠡᠶᠢᠴᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ︽ᠵᠢᠭᠡᠯᠡᠯᠭᠡ ᠠᠪᠤᠪᠠᠯ ᠵᠣᠬᠢᠬᠤ ᠶᠢ ᠨᠢ ᠪᠦᠬᠦᠨ ᠢ ᠵᠢᠭᠡᠯᠡᠭᠦᠯᠬᠦ︾ | ᠶᠢ ᠪᠡᠶᠡᠯᠡᠭᠦᠯᠵᠦ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠥᠬᠡᠶ ᠶᠠᠳᠠᠭᠤ ᠬᠦᠴᠢᠷᠳᠡᠯᠲᠡᠶ ᠡᠷᠦᠬᠡ ᠳᠤ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠵᠢᠭᠡᠯᠡᠯᠭᠡ ᠲᠠᠯᠪᠢᠬᠤ ᠬᠠᠷᠢᠴᠠᠯ ᠳᠣᠤᠷ᠎ᠠ᠂ ᠬᠤᠷᠳᠤᠴᠠ ᠤᠳᠠᠭᠠᠨ | ᠵᠡᠷᠭᠡ ᠠᠰᠠᠭᠤᠳᠠᠯ ᠢ ᠦᠨᠡᠨᠬᠦ ᠰᠢᠳᠪᠦᠷᠢᠯᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠰᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ | ᠡᠯ᠎ᠡ ᠬᠤᠯᠪᠣᠭᠳᠠᠯ ᠪᠦᠬᠦᠢ ᠨᠢᠭᠡᠴᠢ ᠪᠣᠯᠤᠨ ᠵᠢᠭᠡᠯᠡᠯᠭᠡ ᠳᠠᠭᠠᠭᠠᠬᠤ ᠪᠠᠩᠬᠢ ᠶᠢ ᠵᠣᠬᠢᠴᠠᠭᠤᠯᠤᠨ ᠠᠬᠢᠭᠤᠯᠵᠤ | ᠪᠠᠶᠢᠭᠠᠳ ᠮᠠᠨ ᠤ ᠰᠢᠶᠠᠨ ᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠪᠦᠬᠦ | ᠬᠦᠴᠦᠨ ᠢᠶᠠᠷ ᠰᠠᠶᠢᠲᠤᠷ ᠬᠢᠵᠦ᠂ ᠮᠠᠨ ᠤ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳᠡᠮᠵᠢᠬᠦ ᠰᠢᠯᠭᠠᠨ ᠦᠨᠡᠯᠡᠬᠦ ᠠᠷᠭ᠎ᠠ ᠶᠢ ᠲᠣᠭᠲᠠᠭᠠᠬᠤ ᠬᠡᠷᠡᠭᠲᠡᠢ | ᠃ | ᠵᠠᠩ ᠸᠠᠨ ᠺᠦᠶ ᠳᠡᠳ᠋ ᠰᠢᠶᠠᠨ ᠤ ᠳᠠᠷᠤᠭ᠎ᠠ ᠳ᠋ᠦᠩᠨᠡᠯᠲᠡ ᠶᠢᠨ ᠶᠠᠷᠢᠶᠠᠨ ᠳᠠᠭᠠᠨ᠄ ᠡᠯ᠎ᠡ ᠬᠤᠷᠰᠢᠭᠰᠠᠨ ᠪᠠᠩᠬᠢ | ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠪᠠ | ᠤᠳᠠᠭ᠎ᠠ ᠳᠠᠷᠠᠭᠠᠯᠠᠨ ᠪᠠᠶᠢᠴᠠᠭᠠᠬᠤ᠂ ᠰᠢᠪᠠᠳᠠᠨ ᠪᠠᠶᠢᠴᠠᠭᠠᠬᠤ᠂ ᠪᠠᠶᠢᠴᠠᠭᠠᠨ ᠰᠤᠳᠤᠯᠤᠯᠲᠠ ᠬᠢᠬᠦ᠂ ᠪᠠᠶᠢᠴᠠᠭᠠᠨ | ᠰᠤᠳᠤᠯᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠦᠷᠢᠵᠢᠭᠤᠯᠤᠭᠰᠠᠨ ᠪᠠᠶᠢᠳᠠᠯ ᠢ | ᠨᠢᠭᠡᠳ ᠨᠢᠭᠡ ᠪᠠᠷ ᠵᠦᠢᠴᠢᠯᠠᠨ ᠮᠡᠳᠡᠵᠦ᠂ ᠡᠭᠦᠨ ᠤ ᠵᠡᠷᠭᠡ ᠳᠤ ᠶᠠᠳᠠᠭᠤ ᠶᠢ ᠲᠡᠳᠬᠦᠬᠦ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ ᠶᠢ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠵᠦ᠂ ᠪᠤᠶ ᠪᠦᠬᠦᠢ ᠠᠰᠠᠭᠤᠳᠠᠯ ᠢ | ᠪᠦᠬᠦᠨ ᠢᠶᠠᠷ ᠨᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠪᠠᠲᠤᠯᠠᠵᠤ᠂ ᠠᠳᠠᠯᠢ ᠠᠰᠠᠭᠤᠳᠠᠯ ᠤᠨ ᠳᠠᠬᠢᠨ | ᠳᠠᠪᠲᠠᠨ ᠡᠭᠦᠰᠬᠦ ᠦᠭᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |