ᠵᠦᠸᠧᠽᠢ ᠰᠢᠶᠠᠨ ᠤ 2020 ᠣᠨ ᠤ ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ᠂ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠲᠥᠪ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ᠂ ᠤᠯᠤᠰ ᠤᠨ ᠥᠮᠴᠢᠯᠡᠯ ᠤᠨ ᠶᠠᠳᠠᠭᠤ ᠬᠦᠴᠢᠷᠳᠡᠯᠲᠡᠶ ᠣᠶ ᠰᠢᠭᠤᠶ ᠶᠢᠨ ᠲᠠᠯᠠᠪᠠᠶ ᠶᠢᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠪᠠᠶᠢᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠶᠢᠯᠤᠮᠵᠢ
ᠨᠡᠶᠢᠲᠡᠯᠡᠭᠰᠡᠨ ᠴᠠᠭ᠄
2020-04-22
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠡᠳ᠋ ᠤᠨ ᠵᠠᠰᠠᠭ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠲᠥᠷᠥᠯ  ᠵᠦᠢᠯ ᠢ ᠵᠠᠷᠯᠠᠨ ᠨᠡᠶᠢᠲᠡᠯᠡᠬᠦ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠬᠤ︶︾ ︵︹ 2018 ︺ 75 ᠳ᠋ᠤᠭᠠᠷ ᠲᠣᠭᠠᠲᠤ︶ ᠶᠢᠨ ᠬᠤᠶᠠᠳᠤᠭᠠᠷ ᠪᠦᠯᠦᠭ ᠤᠨ ᠲᠠᠪᠤᠳᠤᠭᠠᠷ  ᠵᠦᠢᠯ᠄ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠲᠤᠰᠬᠠᠶ ᠪᠠᠯᠠ ᠮᠥᠩᠭᠦ ᠶᠢ ᠦᠨᠳᠦᠰᠦᠯᠡᠪᠡᠯ ᠲᠥᠪ ︵ᠶᠠᠳᠠᠭᠤ ᠶᠢ ᠲᠡᠳᠬᠦᠬᠦ ᠬᠥᠭᠵᠢᠯᠲᠡ ᠶᠢᠨ ᠪᠠᠯᠠ ᠮᠥᠩᠭᠦ / ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠵᠡᠷᠭᠡ ᠶᠢ ᠪᠠᠭᠲᠠᠭᠠᠨ᠎ᠠ︶᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠨ᠎ᠡ᠃    ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠮᠠᠨ ᠤ ᠰᠢᠶᠠᠨ ᠤ 2020 ᠣᠨ ᠤ ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 2903 ᠲᠦᠮᠡᠨ ᠲᠥᠭᠦᠷᠢᠭ᠂ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ 1000 ᠲᠦᠮᠡᠨ ᠲᠥᠭᠦᠷᠢᠭ᠂ ᠲᠥᠪ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ 150 ᠲᠦᠮᠡᠨ ᠲᠥᠭᠦᠷᠢᠭ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ 300 ᠲᠦᠮᠡᠨ ᠲᠥᠭᠦᠷᠢᠭ᠂ ᠤᠯᠤᠰ ᠤᠨ ᠥᠮᠴᠢᠯᠡᠯ ᠤᠨ ᠶᠠᠳᠠᠭᠤ ᠬᠦᠴᠢᠷᠳᠡᠯᠲᠡᠶ ᠣᠶ ᠰᠢᠭᠤᠶ ᠶᠢᠨ ᠲᠠᠯᠠᠪᠠᠶ ᠶᠢᠨ ᠪᠠᠯᠠ ᠮᠥᠩᠭᠦ 103 ᠲᠦᠮᠡᠨ ᠲᠥᠭᠦᠷᠢᠭ᠂ ᠨᠡᠶᠢᠲᠡ 4456 ᠲᠦᠮᠡᠨ ᠲᠥᠭᠦᠷᠢᠭ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ  ᠨᠢᠭᠡᠳᠦᠭᠡᠷ ᠤᠳᠠᠭ᠎ᠠ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠳᠡᠭᠡᠷ᠎ᠡ ᠳᠤᠷᠠᠳᠤᠭᠰᠠᠨ ᠪᠠᠯᠠ ᠮᠥᠩᠭᠦ ᠶᠢ  ᠡᠯ᠎ᠡ ᠰᠢᠶᠠᠩ ᠪᠠᠯᠭᠠᠰᠤ ᠶᠢᠨ ︽ᠲᠣᠪᠶᠤᠭ ᠮᠠᠶ᠋ᠢᠭ︾ ᠤᠨ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠨᠥᠬᠦᠪᠥᠷᠢ 680.4714 ᠲᠦᠮᠡᠨ ᠲᠥᠭᠦᠷᠢᠭ ᠪᠠ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ ᠎ᠠ ᠶᠢᠨ ᠲᠥᠮᠥᠰᠥ ᠶᠢᠨ ᠴᠡᠪᠡᠷ ᠨᠣᠭᠤᠭ᠎ᠠ ᠪᠣᠯᠪᠠᠰᠤᠷᠠᠭᠤᠯᠬᠤ ᠲᠥᠷᠥᠯ  ᠵᠦᠢᠯ 3672.5286 ᠲᠦᠮᠡᠨ ᠲᠥᠭᠦᠷᠢᠭ ᠬᠡᠷᠡᠭᠯᠡᠵᠦ᠂ ᠤᠯᠤᠰ ᠤᠨ ᠥᠮᠴᠢᠯᠡᠯᠲᠦ ᠶᠠᠳᠠᠭᠤ ᠬᠦᠴᠢᠷᠳᠡᠯᠲᠡᠶ ᠣᠶ ᠰᠢᠭᠤᠶ ᠶᠢᠨ ᠲᠠᠯᠠᠪᠠᠶ ᠶᠢᠨ ᠪᠠᠯᠠ ᠮᠥᠩᠭᠦ ᠶᠢ 103 ᠲᠦᠮᠡᠨ ᠲᠦᠭᠦᠷᠢᠭ ᠢᠶᠠᠷ ᠠᠮᠤᠷ ᠢ ᠬᠠᠮᠠᠭᠠᠯᠠᠬᠤ ᠣᠶ ᠰᠢᠭᠤᠶ ᠶᠢᠨ ᠲᠠᠯᠠᠪᠠᠶ ᠶᠢᠨ ᠰᠢᠭᠤᠶᠢᠲᠤ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠳᠤ ᠬᠡᠷᠡᠭᠯᠡᠪᠡ᠃    ᠨᠢᠭᠡ᠂ ︽ᠲᠣᠪᠶᠤᠭ ᠮᠠᠶ᠋ᠢᠭ︾ ᠤᠨ ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ ᠲᠥᠷᠥᠯ  ᠵᠦᠢᠯ᠄    1. ᠬᠠᠷᠠᠯᠲᠠᠲᠤ ᠡᠭᠦᠷᠭᠡ    ︽ᠲᠣᠪᠶᠤᠭ ᠤᠨ ᠬᠡᠯᠪᠡᠷᠢ︾ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ ᠳᠤ ︽ᠳᠠᠷᠢᠬᠤ ᠳᠤ ᠲᠣᠬᠢᠷᠠᠮᠵᠢᠲᠠᠶ ᠪᠣᠯ ᠳᠠᠷᠢᠵᠤ᠂ ᠲᠡᠵᠢᠭᠡᠬᠦ ᠳᠤ ᠲᠣᠬᠢᠷᠠᠮᠵᠢᠲᠠᠶ ᠪᠣᠯ ᠲᠡᠵᠢᠭᠡᠵᠦ᠂ ᠵᠥᠪᠳᠡᠯᠴᠡᠬᠦ ᠳᠤ ᠲᠣᠬᠢᠷᠠᠮᠵᠢᠲᠠᠶ ᠪᠣᠯ ᠬᠤᠳᠠᠯᠳᠤᠭ᠎ᠠ ᠬᠢᠬᠦ︾ ᠵᠠᠷᠴᠢᠮ ᠢ ᠴᠢᠩᠭ᠎ᠠ ᠵᠢᠷᠤᠮᠯᠠᠵᠤ᠂ ᠪᠠᠭ᠎ᠠ ᠬᠡᠪᠴᠢᠶᠡᠨ ᠤ᠂ ᠲᠣᠮᠣ ᠬᠠᠮᠲᠤᠯᠢᠭ ᠤᠨ ᠠᠵᠤ  ᠤᠶᠢᠯᠡᠰ  ᠤᠨ ᠪᠠᠶᠠᠵᠢᠬᠤ ᠤᠶᠢᠯᠡᠳᠤᠯ ᠢ  ᠭᠦᠢᠴᠡᠳ ᠪᠠᠳᠠᠷᠠᠭᠤᠯᠤᠨ᠂ ︽ᠵᠠᠰᠠᠭ ᠤᠨ ᠣᠷᠳᠣᠨ ᠠᠴᠠ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠨᠣᠭᠤᠭ᠎ᠠ ᠵᠠᠬᠢᠶᠠᠯᠠᠬᠤ᠂ ᠵᠠᠰᠠᠭ ᠤᠨ ᠣᠷᠳᠣᠨ ᠠᠴᠠ ᠲᠣᠭᠠᠴᠠᠭ᠎ᠠ ᠬᠢᠬᠦ ︾ ︽ᠲᠣᠪᠶᠤᠭ ᠤᠨ ᠬᠡᠯᠪᠡᠷᠢ︾ ᠶᠢᠨ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠥᠪᠡᠷ ᠤᠨ ᠬᠥᠳᠡᠯᠮᠦᠷᠢ ᠪᠠᠷ ᠢᠶᠠᠨ ᠶᠠᠳᠠᠭᠤ ᠠᠴᠠ ᠠᠩᠭᠢᠵᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠶᠠᠳᠠᠭᠤ ᠠᠴᠠ ᠠᠩᠭᠢᠵᠢᠷᠠᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠨ ᠪᠠᠳᠠᠷᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠬᠦᠷᠲᠡᠬᠦ ᠪᠠ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠬᠦ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠶ᠃ ᠶᠠᠳᠠᠭᠤ ᠬᠦᠴᠢᠷᠳᠡᠯᠲᠡᠶ ᠡᠷᠦᠬᠡ ᠶᠢ ᠲᠣᠰ ᠪᠡᠶ᠎ᠡ ᠶᠢᠨ ᠴᠢᠳᠠᠪᠤᠷᠢ ᠪᠠ ᠬᠦᠰᠡᠯ ᠡᠷᠡᠮᠡᠯᠵᠡᠯ ᠢᠶᠠᠨ ᠦᠨᠳᠦᠰᠦᠯᠡᠨ ︽ᠨᠣᠭᠤᠭ᠎ᠠ ᠵᠠᠬᠢᠶᠠᠯᠠᠬᠤ︾ ᠶᠢ ᠬᠡᠷᠡᠭᠵᠢᠭᠦᠯᠵᠦ᠂ ᠴᠢᠳᠠᠯ ᠤᠨ ᠢᠶᠠᠨ ᠬᠢᠷᠢ ᠪᠠᠷ ᠬᠢᠵᠦ᠂ ᠰᠣᠬᠤᠷ ᠪᠠᠯᠠᠶ ᠪᠠᠷ ᠶᠡᠭᠡ ᠶᠢ ᠬᠥᠭᠡᠭᠡᠴᠡᠯᠳᠦᠬᠦ ᠥᠬᠡᠶ ᠪᠠᠶᠢᠬᠤ ᠶᠢ ᠪᠡᠶᠡᠯᠡᠭᠦᠯᠵᠦ᠂ ᠬᠦᠷᠢᠶᠡᠨ ᠤ ᠠᠵᠤ ᠠᠬᠤᠶ ᠶᠢ ᠪᠣᠶ ᠪᠣᠯᠭᠠᠨ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠵᠤ᠂ ᠠᠵᠤ ᠤᠶᠢᠯᠡᠰ ᠤᠨ ᠲᠥᠷᠥᠯ  ᠵᠦᠢᠯ ᠢ ᠲᠦᠢᠯ ᠤᠨ ᠣᠨᠣᠪᠴᠢᠲᠠᠶ ᠪᠠᠷ ᠡᠷᠦᠬᠡ ᠳᠤ ᠬᠦᠷᠭᠡᠵᠦ᠂ ᠪᠠᠯᠠ ᠮᠥᠩᠭᠦ ᠶᠢᠨ ᠨᠥᠬᠦᠪᠥᠷᠢ ᠶᠢ ᠲᠦᠢᠯ ᠤᠨ ᠣᠨᠣᠪᠴᠢᠲᠠᠶ ᠪᠠᠷ ᠡᠷᠦᠬᠡ ᠳᠤ ᠬᠦᠷᠭᠡᠵᠦ᠂ ᠠᠵᠤ ᠤᠶᠢᠯᠡᠰ ᠤᠨ ᠦᠷ᠎ᠡ ᠠᠰᠢᠭ ᠢ ᠲᠦᠢᠯ ᠤᠨ ᠣᠨᠣᠪᠴᠢᠲᠠᠶ ᠪᠠᠷ ᠡᠷᠦᠬᠡ ᠳᠤ ᠬᠦᠷᠦᠭᠦᠯᠬᠦ ᠬᠡᠷᠡᠭᠲᠡᠶ᠃ ᠲᠡᠵᠢᠭᠡᠬᠦ᠂ ᠲᠠᠷᠢᠬᠤ ᠨᠥᠬᠦᠪᠥᠷᠢ ᠥᠭᠬᠦ ᠪᠠᠷ ᠳᠠᠮᠵᠢᠭᠤᠯᠤᠨ 10264 ᠬᠥᠮᠦᠨ ᠪᠦᠷᠢ ᠳᠤ ᠳᠤᠮᠳᠠᠴᠢ ᠪᠠᠷ ᠵᠢᠯ ᠤᠨ  ᠤᠷᠤᠯᠭ᠎ᠠ 1200 ᠲᠥᠭᠦᠷᠢᠭ ᠨᠡᠮᠡᠭᠳᠡᠭᠦᠯᠵᠦ᠂ ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠬᠤ ᠪᠠ ᠰᠡᠯᠪᠢᠨ  ᠵᠠᠰᠠᠬᠤ ᠪᠠᠷ ᠳᠠᠮᠵᠢᠭᠤᠯᠤᠨ ᠲᠠᠷᠢᠶᠠᠴᠢᠨ ᠡᠷᠦᠬᠡ ᠶᠢᠨ ᠲᠡᠵᠢᠭᠡᠨ ᠦᠷᠡᠵᠢᠭᠦᠯᠬᠦ ᠨᠥᠬᠦᠴᠡᠯ ᠢ ᠰᠠᠶᠢᠵᠢᠷᠠᠭᠤᠯᠵᠤ᠂  ᠲᠠᠷᠢᠶᠠᠴᠢᠨ ᠡᠷᠦᠬᠡ ᠶᠢᠨ ᠮᠠᠯ ᠤᠨᠤᠭ᠎ᠠ ᠶᠢ ᠬᠠᠮᠠᠭᠠᠯᠠᠨ᠎ᠠ    2. ᠭᠤᠤᠯ ᠠᠭᠤᠯᠭ᠎ᠠ    ︵ᠨᠢᠭᠡ︶ ᠶᠠᠳᠠᠭᠤ ᠠᠴᠠ ᠠᠩᠭᠢᠵᠢᠷᠠᠭᠠᠳᠤᠶ ᠬᠥᠮᠦᠨ ᠠᠮᠠ ᠶᠢᠨ ᠨᠥᠬᠦᠪᠥᠷᠢ ᠪᠡᠯᠡ ᠮᠥᠩᠭᠦ ᠶᠢᠨ ᠲᠤᠬᠠᠶ ᠶᠢᠨ ᠵᠢᠯ ᠤᠨ ᠬᠠᠮᠤᠭ ᠤᠨ ᠤᠷᠲᠤ ᠳᠠᠭᠠᠨ ᠡᠷᠦᠬᠡ ᠪᠦᠷᠢ ᠳᠤ 8000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ︵ᠲᠥᠷᠥ ᠶᠢᠨ ᠪᠣᠳᠣᠯᠭ᠎ᠠ ᠶᠢ ᠭᠥᠷᠳᠡᠬᠦ︶ 2018 ᠣᠨ ᠤ ᠵᠢᠯ ᠤᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 4000 ᠲᠥᠭᠦᠷᠢᠭ ᠠᠴᠠ ᠳᠣᠷᠣᠭᠰᠢ ᠪᠠᠶᠢᠪᠠᠯ᠂ ᠨᠢᠭᠡᠨᠲᠡ ᠲᠤᠬᠢᠷᠠᠭᠤᠯᠤᠭᠰᠠᠨ ᠠᠵᠤ  ᠤᠶᠢᠯᠡᠰ ᠤᠨ ᠲᠥᠷᠥᠯ ᠵᠦᠢᠯ ᠪᠠ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢ ᠦᠨᠳᠦᠰᠦᠯᠡᠨ᠂  ᠵᠤᠬᠢᠬᠤ ᠳᠡᠮᠵᠢᠯᠭᠡ ᠦᠵᠡᠭᠦᠯᠵᠦ᠂ ᠨᠥᠬᠦᠪᠥᠷᠢ ᠪᠠᠯᠠ ᠮᠥᠩᠭᠦ ᠶᠢ ᠡᠷᠦᠬᠡ ᠪᠦᠷᠢ ᠳᠤ 6000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ︔ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ︵ᠲᠥᠷᠥ ᠶᠢᠨ ᠪᠣᠳᠣᠯᠭ᠎ᠠ ᠶᠢ ᠬᠦᠷᠲᠡᠭᠡᠨ᠎ᠡ︶ 2017 ᠤᠨ — 2018 ᠤᠨ ᠪᠣᠯᠲᠠᠯ᠎ᠠ ᠵᠢᠯ ᠳᠠᠷᠠᠭᠠᠯᠠᠨ ᠬᠤᠶᠠᠷ ᠵᠢᠯ ᠳᠠᠷᠠᠭᠠᠯᠠᠨ ᠵᠢᠯ ᠤᠨ ᠬᠥᠮᠦᠨ ᠪᠦᠷᠢ ᠶᠢᠨ ᠳᠤᠮᠳᠠᠴᠢ ᠴᠡᠪᠡᠷ ᠤᠷᠤᠯᠭ᠎ᠠ 4000 ᠲᠥᠭᠦᠷᠢᠭ ᠠᠴᠠ ᠳᠡᠭᠡᠭᠰᠢ ᠪᠠᠶᠢᠪᠠᠯ᠂ ᠪᠠᠬᠢᠵᠢᠭᠦᠯᠦᠨ ᠳᠡᠭᠡᠭᠰᠢᠯᠡᠭᠦᠯᠬᠦ ᠠᠷᠭ᠎ᠠ ᠬᠡᠮᠵᠢᠶ᠎ᠡ ᠠᠪᠴᠤ᠂ ᠪᠣᠳᠠᠲᠠᠶ ᠬᠡᠷᠡᠭᠴᠡᠭᠡ ᠶᠣᠰᠣᠭᠠᠷ ᠵᠣᠬᠢᠰᠲᠠᠶ ᠨᠥᠬᠦᠪᠥᠷᠢ ᠥᠭᠴᠦ᠂ ᠨᠥᠬᠦᠪᠥᠷᠢ ᠶᠢᠨ ᠪᠠᠯᠠ ᠮᠥᠩᠭᠦ ᠶᠢ ᠡᠷᠦᠬᠡ ᠪᠦᠷᠢ ᠳᠤ 4000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃    ︵ᠬᠤᠶᠠᠷ︶ ︽ᠲᠣᠪᠶᠤᠭ ᠤᠨ ᠮᠠᠶ᠋ᠢᠭ︾ ᠤᠨ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠰᠣᠩᠭᠤᠨ ᠬᠡᠷᠡᠭᠵᠢᠭᠦᠯᠦᠭᠰᠡᠨ ᠤ ᠳᠠᠷᠠᠭ᠎ᠠ᠂ ︽ᠵᠦᠸᠧᠽᠢ ᠰᠢᠶᠠᠨ ᠤ ︽ᠲᠣᠪᠶᠤᠭ ᠤᠨ ᠮᠠᠶ᠋ᠢᠭ︾ ᠤᠨ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ ᠭᠠᠷᠴᠠᠭ︾ ᠤᠨ ᠲᠥᠰᠦᠭᠡᠯᠡᠨ ᠪᠣᠳᠣᠵᠤ ᠭᠠᠷᠭᠠᠭᠰᠠᠨ ᠨᠥᠬᠦᠪᠥᠷᠢ ᠶᠢᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠪᠠᠷ ᠨᠥᠬᠦᠪᠥᠷᠢ ᠣᠯᠭᠤᠨ᠎ᠠ᠃ ᠲᠥᠰᠦᠭᠡᠯᠡᠨ ᠪᠤᠳᠤᠵᠤ ᠭᠠᠷᠭᠠᠭᠰᠠᠨ ᠨᠥᠬᠦᠪᠥᠷᠢ ᠶᠢᠨ ᠵᠣᠭᠤᠰ ᠤᠨ ᠲᠤᠭ᠎ᠠ ᠨᠢ ᠬᠠᠮᠤᠭ ᠤᠨ ᠥᠨᠳᠥᠷ ᠨᠥᠬᠦᠪᠥᠷᠢ ᠶᠢᠨ ᠪᠠᠷᠢᠮᠵᠢᠶ᠎ᠠ ᠠᠴᠠ ᠳᠣᠤᠷ᠎ᠠ ᠪᠠᠶᠢᠪᠠᠯ᠂ ᠪᠣᠳᠠᠲᠠᠶ ᠲᠥᠰᠦᠭᠡᠯᠡᠨ ᠪᠤᠳᠤᠭᠰᠠᠨ ᠨᠥᠬᠦᠪᠥᠷᠢ ᠶᠢᠨ ᠵᠣᠭᠤᠰ ᠤᠨ ᠲᠤᠭ᠎ᠠ ᠪᠠᠷ ᠨᠥᠬᠦᠪᠥᠷᠢ ᠥᠭᠭᠦᠨ᠎ᠡ︔ ᠬᠠᠮᠤᠭ ᠤᠨ ᠥᠨᠳᠥᠷ ᠨᠥᠬᠦᠪᠥᠷᠢ ᠶᠢᠨ ᠪᠠᠷᠢᠮᠵᠢᠶ᠎ᠠ ᠠᠴᠠ ᠥᠨᠳᠥᠷ  ᠪᠠᠶᠢᠪᠠᠯ᠂ ᠬᠠᠮᠤᠭ ᠤᠨ ᠥᠨᠳᠥᠷ ᠬᠢᠵᠠᠭᠠᠷᠯᠠᠬᠤ ᠪᠠᠷᠢᠮᠵᠢᠶ᠎ᠠ ᠶᠣᠰᠣᠭᠠᠷ ᠨᠥᠬᠦᠪᠥᠷᠢᠯᠡᠬᠦ ᠬᠡᠷᠡᠭᠲᠡᠶ᠃    3. ᠬᠤᠯᠪᠣᠭᠳᠠᠬᠤ ᠬᠡᠪᠴᠢᠶ᠎ᠡ    ᠵᠣᠬᠢᠬᠤ ᠬᠡᠮᠵᠢᠶᠡᠨ ᠤ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠪᠡᠶ᠎ᠡ ᠪᠠᠨ ᠳᠠᠭᠠᠭᠠᠵᠤ ᠬᠥᠭᠵᠢᠬᠦ ᠬᠦᠰᠡᠯ ᠡᠷᠡᠮᠵᠢᠯᠡᠯ ᠴᠢᠩᠭ᠎ᠠ᠂ ︽ᠲᠣᠪᠶᠤᠭ ᠮᠠᠶ᠋ᠢᠭ︾ ᠤᠨ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠥᠯ  ᠵᠦᠢᠯ ᠢ ᠪᠡᠶ ᠎ᠡ ᠪᠠᠨ ᠳᠠᠭᠠᠭᠠᠨ ᠬᠡᠷᠡᠭᠵᠢᠭᠦᠯᠵᠦ ᠴᠢᠳᠠᠬᠤ ᠶᠠᠳᠠᠭᠤ ᠬᠦᠴᠢᠷᠳᠡᠯᠲᠡᠶ ᠬᠥᠮᠦᠨ ᠠᠮᠠ᠃ ᠡᠭᠦᠨ ᠳᠤ 2014 ᠤᠨ — 2019 ᠣᠨ ᠳᠤ ᠨᠢᠭᠡᠨᠲᠡ ᠶᠠᠳᠠᠭᠤ ᠠᠴᠠ ᠠᠩᠭᠢᠵᠢᠷᠠᠭᠰᠠᠨ ︵ᠲᠥᠷᠥ ᠶᠢᠨ ᠪᠣᠳᠣᠯᠭ᠎ᠠ ᠶᠢ ᠬᠦᠷᠲᠡᠭᠰᠡᠨ︶ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠪᠠ 2020 ᠣᠨ ᠳᠤ ᠶᠠᠳᠠᠭᠤ ᠠᠴᠠ ᠠᠩᠭᠢᠵᠢᠷᠠᠭᠤᠯᠬᠤ ᠪᠠᠷ ᠲᠥᠯᠥᠪᠯᠡᠵᠦ ᠪᠠᠶᠢᠭ᠎ᠠ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠪᠠᠭᠲᠠᠨ᠎ᠠ᠃    4.  ᠭᠦᠢᠴᠡᠳᠬᠡᠬᠦ ᠪᠠᠷᠢᠮᠵᠢᠶ᠎ᠠ    ᠶᠠᠳᠠᠭᠤ ᠬᠦᠴᠢᠷᠳᠡᠯᠲᠡᠶ ᠡᠷᠦᠬᠡ ᠳᠤ ︽ᠲᠣᠪᠶᠤᠭ ᠮᠠᠶ᠋ᠢᠭ︾ ᠤᠨ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠥ ᠵᠦᠢᠯ ᠤᠨ ᠨᠥᠬᠦᠪᠥᠷᠢ ᠶᠢ ᠬᠡᠷᠡᠭᠵᠢᠭᠦᠯᠵᠦ᠂ ᠪᠠᠷᠢᠮᠵᠢᠶ᠎ᠠ ᠨᠢ᠄ ᠠᠯᠠᠰᠢᠨ ᠦᠬᠡᠷ 4000 ᠲᠥᠭᠦᠷᠢᠭ / ᠲᠣᠯᠣᠭᠠᠶ᠂ ᠰᠠᠭᠤᠷᠢ ᠡᠬᠡ ᠬᠤᠨᠢ 300 ᠲᠥᠭᠦᠷᠢᠭ / ᠲᠣᠯᠣᠭᠠᠶ᠂ ᠤᠬᠤᠨ᠎ᠠ ᠶᠡᠷᠦᠩᠬᠡᠶ ᠦᠨ᠎ᠡ ᠪᠠᠷ 70% ᠪᠠᠷ ᠨᠥᠬᠦᠪᠥᠷᠢ ᠥᠭᠴᠦ᠂ ᠦᠷᠡᠵᠢᠪᠦᠷᠢ ᠶᠢᠨ ᠮᠡᠭᠡᠵᠢ 1000 ᠲᠥᠭᠦᠷᠢᠭ / ᠲᠣᠯᠣᠭᠠᠶ᠂ ᠲᠣᠷᠣᠬᠠᠶ 800 ᠲᠥᠭᠦᠷᠢᠭ / ᠲᠣᠯᠣᠭᠠᠶ᠂ ᠮᠣᠷᠢᠳ 4000 ᠲᠥᠭᠦᠷᠢᠭ / ᠲᠣᠯᠣᠭᠠᠶ᠂ ᠠᠯᠠᠰᠢᠨ ᠡᠯᠵᠢᠭᠡ 4000 ᠲᠥᠭᠦᠷᠢᠭ / ᠲᠣᠯᠣᠭᠠᠶ᠂ ᠵᠠᠯᠠᠭᠤ ᠲᠠᠬᠢᠶ᠎ᠠ 11.5 ᠲᠥᠭᠦᠷᠢᠭ / ᠳᠤᠭᠤᠶᠢᠯᠠᠩ᠂ ᠬᠠᠷᠢᠶᠠᠴᠠᠶ 2 ᠲᠥᠭᠦᠷᠢᠭ / ᠵᠢᠩ᠂ ᠰᠢᠷ᠎ᠠ ᠪᠤᠷᠴᠠᠭ ᠤᠨ ᠠᠮᠲᠠᠲᠤ ᠢᠳᠡᠭᠡᠨ ᠤ ᠡᠷᠳᠡᠨᠢ ᠰᠢᠰᠢ 60 ᠲᠥᠭᠦᠷᠢᠭ / ᠮᠥ᠂ ᠲᠠᠷᠢᠶᠠᠴᠢᠨ ᠠᠶᠢᠯ ᠤᠨ ᠬᠥᠭᠵᠢᠮ 5000 ᠲᠥᠭᠦᠷᠢᠭ / ᠡᠷᠦᠬᠡ᠂ ᠰᠦᠯᠵᠢᠶᠡᠨ ᠳᠡᠯᠭᠡᠭᠦᠷ 3000 ᠲᠥᠭᠦᠷᠢᠭ / ᠡᠷᠦᠬᠡ ᠨᠡᠭᠡᠭᠡᠨ᠎ᠡ᠃    5. ᠠᠷᠠᠳ ᠲᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ    ᠲᠠᠷᠢᠵᠤ ᠲᠡᠵᠢᠭᠡᠨ ᠦᠷᠡᠵᠢᠭᠦᠯᠬᠦ ᠦᠢᠯᠡᠰ ᠤᠨ ᠨᠥᠬᠦᠪᠥᠷᠢ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠶ ᠡᠷᠦᠬᠡ  ᠶᠢᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ᠃    ᠬᠤᠶᠠᠷ᠂ ᠲᠥᠮᠥᠰᠥ ᠶᠢᠨ ᠴᠡᠪᠡᠷ ᠨᠣᠭᠤᠭ᠎ᠠ ᠪᠣᠯᠪᠠᠰᠤᠷᠠᠭᠤᠯᠬᠤ ᠲᠥᠷᠥᠯ  ᠵᠦᠢᠯ    1. ᠬᠠᠷᠠᠯᠲᠠᠲᠤ ᠡᠭᠦᠷᠭᠡ    ᠵᠢᠯ ᠳᠤ 3 ᠲᠦᠮᠡᠨ ᠲᠣᠨ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠴᠤ᠂ ᠪᠦᠬᠦ ᠰᠢᠶᠠᠨ ᠤ ᠲᠥᠮᠥᠰᠥ  ᠲᠠᠷᠢᠬᠤ ᠡᠷᠦᠬᠡ ᠶᠢ ᠬᠠᠮᠤᠷᠴᠤ ᠪᠣᠯᠤᠨ᠎ᠠ᠃    2. ᠭᠤᠤᠯ ᠠᠭᠤᠯᠭ᠎ᠠ    ᠵᠢᠯ ᠳᠤ 2 ᠲᠦᠮᠡᠨ ᠲᠣᠨ ᠴᠡᠪᠡᠷ ᠨᠣᠭᠤᠭ᠎ᠠ᠂ 4 ᠵᠤᠷᠪᠤᠰ  ᠤᠶᠢᠯᠡᠳᠪᠦᠷᠢᠯᠡᠬᠦ ᠱᠤᠭᠤᠮ ᠢ ᠪᠦᠲᠦᠭᠡᠨ ᠪᠠᠶᠢᠭᠤᠯᠤᠨ᠎ᠠ᠃ 1 ᠲᠦᠮᠡᠨ ᠲᠣᠨ ᠲᠥᠮᠥᠰᠥ ᠶᠢᠨ ᠪᠦᠬᠦ ᠨᠤᠨᠲᠠᠭ ᠢ ᠪᠣᠯᠪᠠᠰᠤᠷᠠᠭᠤᠯᠬᠤ ᠲᠠᠰᠤᠭ᠃ ᠪᠦᠲᠦᠭᠡᠨ ᠪᠠᠶᠢᠭᠤᠯᠤᠯᠲᠠ ᠶᠢᠨ ᠲᠠᠰᠤᠭ ᠢᠶᠠᠷ ᠳᠠᠮᠵᠢᠨ 300 ᠶᠠᠳᠠᠭᠤ ᠬᠦᠴᠢᠷᠳᠡᠯᠲᠡᠢ ᠡᠷᠦᠬᠡ ᠶᠢ ᠰᠢᠩᠭᠡᠭᠡᠨ ᠠᠪᠴᠦ ᠰᠢᠭᠤᠳ ᠠᠵᠢᠯ ᠣᠯᠭᠤᠵᠤ᠂ ᠪᠦᠬᠦ ᠰᠢᠶᠠᠨ ᠤ ᠲᠥᠮᠥᠰᠥ ᠲᠠᠷᠢᠬᠤ ᠶᠢ ᠬᠠᠮᠤᠷᠤᠭᠰᠠᠨ ᠲᠠᠷᠢᠶᠠᠴᠢᠨ ᠡᠷᠦᠬᠡ ᠶᠢᠨ ᠣ‌‍ᠷᠣᠯᠭ᠎ᠠ ᠪᠠᠨ ᠨᠡᠮᠡᠭᠳᠡᠭᠦᠯᠪᠡ᠃    3. ᠵᠢᠷᠤᠵᠤ ᠲᠥᠯᠥᠪᠯᠡᠬᠦ ᠬᠡᠪᠴᠢᠶ᠎ᠡ    ᠪᠦᠬᠦ ᠰᠢᠶᠠᠨ ᠤ ᠲᠥᠮᠥᠰᠥ ᠲᠠᠷᠢᠬᠤ ᠲᠠᠷᠢᠶᠠᠯᠠᠩ ᠤᠨ ᠪᠠᠩᠬᠢ    4.  ᠭᠦᠢᠴᠡᠳᠬᠡᠬᠦ ᠪᠠᠷᠢᠮᠵᠢᠶ᠎ᠠ    ᠵᠠᠬ᠎ᠠ ᠳᠡᠯᠭᠡᠭᠦᠷ ᠤᠨ ᠦᠨ᠎ᠡ ᠪᠠᠷ ᠶᠠᠳᠠᠭᠤ ᠬᠦᠴᠢᠷᠳᠡᠯᠲᠡᠶ ᠡᠷᠦᠬᠡ ᠶᠢ ᠰᠢᠭᠤᠳ ᠬᠥᠯᠥᠰᠥᠯᠡᠨ  ᠬᠦᠯᠦᠰᠡᠯᠡᠬᠦ ᠪᠠ ᠲᠠᠷᠢᠶᠠᠯᠠᠬᠤ ᠡᠷᠦᠬᠡ ᠶᠢᠨ ᠲᠥᠮᠥᠰᠥ ᠬᠤᠳᠠᠯᠳᠤᠨ ᠠᠪᠬᠤ ᠬᠡᠷᠡᠭᠲᠡᠶ᠃    5. ᠠᠷᠠᠳ ᠲᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ    ᠲᠥᠮᠥᠰᠥ ᠶᠢ ᠬᠥᠯᠥᠰᠥᠯᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠴᠢᠨ ᠡᠷᠦᠬᠡ  ᠶᠢᠨ ᠦᠷ᠎ᠡ ᠶᠢ ᠬᠤᠳᠠᠯᠳᠤᠨ ᠠᠪᠬᠤ ᠶᠠᠭᠤᠮ᠎ᠠ ᠲᠠᠢ ᠪᠣᠯᠭᠠᠵᠤ᠂ ᠪᠣᠷᠣᠯᠠᠭᠤᠯᠬᠤ ᠠᠰᠠᠭᠤᠳᠠᠯ ᠢ  ᠰᠢᠳᠪᠦᠷᠢᠯᠡᠵᠤ᠂  ᠲᠠᠷᠢᠶᠠᠯᠠᠩ ᠤᠨ ᠪᠠᠩᠬᠢ ᠶᠢᠨ ᠣᠷᠣᠯᠭ᠎ᠠ ᠶᠢ ᠨᠡᠮᠡᠭᠳᠡᠭᠦᠯᠦᠨ᠎ᠡ᠃    ᠭᠤᠷᠪᠠ᠂ ᠠᠮᠤᠷ ᠢ ᠬᠠᠮᠠᠭᠠᠯᠠᠬᠤ ᠣᠢ ᠰᠢᠭᠤᠶ ᠶᠢᠨ ᠲᠠᠯᠠᠪᠠᠢ ᠰᠢᠭᠤᠶᠢᠲᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ    1. ᠬᠠᠷᠠᠯᠲᠠᠲᠤ ᠡᠭᠦᠷᠭᠡ   25 ᠺᠢᠯᠣᠮᠧᠲᠷ ᠤᠷᠲᠤ ᠬᠠᠶᠢᠷ ᠴᠢᠯᠠᠭᠤᠨ ᠵᠠᠮ ᠢ ᠵᠠᠰᠠᠵᠤ᠂ ᠲᠠᠪᠤᠨ ᠵᠢᠷᠣᠭᠲᠣ ᠬᠠᠮᠢᠶᠠᠷᠤᠨ ᠬᠠᠮᠠᠭᠠᠯᠠᠬᠤ ᠤᠷᠤᠨ ᠠᠴᠠ ᠳ᠋ᠠ ᠱᠢ ᠦᠰᠦᠭᠲᠦ ᠬᠠᠮᠢᠶᠠᠷᠤᠨ ᠬᠠᠮᠠᠭᠠᠯᠠᠬᠤ ᠣᠷᠣᠨ ᠬᠦᠷᠲᠡᠯᠡᠬᠢ ᠵᠠᠮ ᠢ ᠬᠤᠯᠪᠣᠵᠤ᠂ ᠣᠶ ᠰᠢᠭᠤᠶ  ᠢ ᠬᠠᠮᠠᠭᠠᠯᠠᠵᠤ ᠭᠠᠯ ᠰᠡᠷᠭᠡᠶᠢᠯᠡᠬᠦ ᠠᠵᠢᠯ ᠳᠤ ᠲᠤᠰᠠᠲᠠᠶ ᠪᠤᠯᠭᠠᠨ᠎ᠠ᠃    2. ᠭᠤᠤᠯ ᠠᠭᠤᠯᠭ᠎ᠠ    25 ᠺᠢᠯᠣᠮᠧᠲᠷ ᠤᠷᠲᠤ ᠬᠠᠶᠢᠷ ᠴᠢᠯᠠᠭᠤᠨ ᠵᠠᠮ  ᠢ ᠨᠢᠭᠡ ᠵᠤᠷᠪᠤᠰ ᠵᠠᠰᠠᠪᠠ᠃    3. ᠬᠤᠯᠪᠣᠭᠳᠠᠬᠤ ᠬᠡᠪᠴᠢᠶ᠎ᠡ    ᠲᠠᠪᠤᠨ ᠵᠢᠷᠣᠭᠲᠣ ᠬᠠᠮᠢᠶᠠᠷᠤᠨ ᠬᠠᠮᠠᠭᠠᠯᠠᠬᠤ ᠤᠷᠤᠨ ᠠᠴᠠ ᠳ᠋ᠠ ᠱᠢ ᠦᠰᠦᠭᠲᠦ ᠬᠠᠮᠢᠶᠠᠷᠤᠨ ᠬᠠᠮᠠᠭᠠᠯᠠᠬᠤ ᠣᠷᠣᠨ ᠬᠦᠷᠲᠡᠯ᠎ᠡ᠃    4. ᠠᠷᠠᠳ ᠲᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ   ᠲᠠᠪᠤᠨ ᠵᠢᠷᠣᠭᠲᠣ ᠬᠠᠮᠢᠶᠠᠷᠤᠨ ᠬᠠᠮᠠᠭᠠᠯᠠᠬᠤ ᠤᠷᠤᠨ ᠠᠴᠠ ᠳ᠋ᠠ ᠱᠢ ᠦᠰᠦᠭᠲᠦ ᠬᠠᠮᠢᠶᠠᠷᠤᠨ ᠬᠠᠮᠠᠭᠠᠯᠠᠬᠤ ᠣᠷᠣᠨ ᠬᠦᠷᠲᠡᠯᠡᠬᠢ ᠤᠢ ᠰᠢᠭᠤᠢ ᠶᠢ ᠬᠠᠮᠠᠭᠠᠯᠠᠵᠤ ᠭᠠᠯ ᠢ ᠰᠡᠷᠭᠡᠶᠢᠯᠡᠬᠦ ᠨᠡᠪᠲᠡᠷᠡᠬᠦ ᠵᠠᠮ ᠢ ᠪᠠᠶᠢᠭᠤᠯᠬᠤ ᠪᠠᠷ ᠳᠠᠮᠵᠢᠭᠤᠯᠤᠨ ᠰᠢᠭᠤᠶᠢᠲᠤ ᠣᠷᠣᠨ ᠤ ᠠᠵᠢᠯᠳᠠᠨ ᠠᠵᠢᠯᠴᠢᠨ᠂ ᠡᠷᠬᠢᠨ ᠲᠣᠭᠤᠷᠢᠨ ᠤ ᠤᠯᠠᠨ ᠲᠦᠮᠡᠨ ᠤ ᠶᠠᠪᠤᠵᠤ ᠰᠠᠭᠤᠬᠤ ᠨᠦᠬᠦᠴᠡᠯ ᠢ ᠰᠠᠶᠢᠵᠢᠷᠠᠭᠤᠯᠵᠤ᠂ ᠺᠠᠳ᠋ᠷ ᠠᠵᠢᠯᠳᠠᠨ ᠠᠵᠢᠯᠴᠢᠨ ᠤ ᠦᠢᠯᠡᠳᠪᠦᠷᠢᠯᠡᠯ ᠠᠵᠢᠯ ᠤᠨ ᠢᠳᠡᠪᠬᠢᠵᠢᠯ ᠢ  ᠳᠠᠶᠢᠴᠢᠯᠠᠵᠤ᠂ ᠤᠢ ᠰᠢᠭᠤᠢ ᠶᠢᠨ ᠲᠠᠯᠠᠪᠠᠢ ᠶᠢᠨ ᠬᠥᠭᠵᠢᠯᠲᠡ ᠳᠤ ᠪᠦᠲᠦᠮᠵᠢᠲᠡᠢ ᠠᠮᠢᠵᠢᠷᠠᠯ ᠤᠨ ᠬᠦᠴᠦᠨ ᠨᠡᠮᠡᠷᠢᠯᠡᠵᠦ᠂ ᠤᠢ ᠰᠢᠭᠤᠢ ᠶᠢᠨ ᠲᠠᠯᠠᠪᠠᠢ ᠶᠢᠨ ᠬᠦᠴᠢᠷᠳᠡᠯ ᠠᠴᠠ ᠮᠤᠯᠲᠤᠷᠠᠵᠤ᠂ ᠪᠦᠬᠦ ᠲᠠᠯ᠎ᠠ ᠶᠢᠨ ᠬᠥᠭᠵᠢᠯᠲᠡ ᠳᠤ ᠰᠠᠭᠤᠷᠢ  ᠲᠠᠯᠪᠢᠬᠤ ᠳᠤ ᠠᠰᠢᠭᠲᠠᠢ ᠪᠤᠯᠭᠠᠨ᠎ᠠ᠃         ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ    2020 ᠣᠨ ᠤ 1 ᠰᠠᠷ᠎ᠠ ᠶᠢᠨ 6 ᠤ ᠡᠳᠦᠷ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2