ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠬᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠵᠦᠸᠧᠽᠢ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-04-27
    4 ᠳ᠋ᠦᠭᠡᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠵᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠤᠬᠠᠭᠤᠯᠤᠨ ᠬᠥᠮᠦᠵᠢᠭᠦᠯᠬᠦ ᠭᠠᠵᠠᠷ ᠤᠨ ᠳᠠᠷᠤᠭ᠎ᠠ ᠯᠢ ᠵᠢᠶᠠᠨ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ ᠨᠢᠭᠡᠳᠦᠭᠡᠷ ᠳᠡᠰ ᠤᠨ ᠡᠷᠬᠢᠯᠡᠭᠴᠢ ᠵᠠᠩ ᠰᠢᠶᠠᠩ ᠪᠢᠨ ᠨᠠᠷ ᠵᠦᠸᠧᠽᠢ ᠰᠢᠶᠠᠨ ᠳᠤ ᠭᠦᠨᠵᠡᠭᠡᠶᠢᠷᠡᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠭᠤᠷᠪᠠᠳᠤᠭᠠᠷ ᠳᠠᠪᠬᠤᠷᠯᠢᠭ ᠤᠨ ᠨᠠᠮ ᠤᠨ ᠬᠤᠷᠢᠶᠠᠨ ᠤ ᠬᠤᠷᠠᠯ ᠤᠨ ᠭᠡᠷ ᠲᠤ ᠶᠠᠷᠢᠯᠴᠠᠬᠤ ᠬᠤᠷᠠᠯ ᠬᠤᠷᠠᠯᠳᠤᠭᠤᠯᠵᠤ ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠪᠠᠶᠢᠳᠠᠯ᠂ ᠤᠳᠤᠷᠢᠳᠬᠤ ᠪᠠᠭ ᠤᠨ ᠪᠠᠶᠢᠭᠤᠯᠤᠯᠲᠠ ᠶᠢᠨ ᠪᠠᠶᠢᠳᠠᠯ᠂ ᠡᠩᠨᠡᠭᠡ ᠶᠢᠨ ᠰᠤᠷᠤᠯᠴᠠᠯᠭ᠎ᠠ ᠪᠣᠯᠪᠠᠰᠤᠷᠠᠯ᠂ ᠬᠢᠨᠠᠯᠲᠠ ᠬᠠᠮᠢᠶᠠᠷᠤᠯᠲᠠ ᠶᠢᠨ ᠪᠠᠶᠢᠳᠠᠯ᠂ ᠳᠣᠲᠣᠭᠠᠳᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠵᠢᠴᠢ ᠠᠵᠢᠯᠯᠠᠭᠠᠨ᠂ ᠤᠯᠤᠰ ᠲᠦᠷᠦ ᠬᠠᠤᠯᠢ ᠴᠠᠭᠠᠵᠠ ᠶᠢᠨ ᠣᠷᠣᠨ ᠲᠤᠭ᠎ᠠ ᠶᠢ ᠬᠡᠷᠡᠭᠯᠡᠵᠦ ᠪᠠᠶᠢᠭ᠎ᠠ ᠪᠠᠶᠢᠳᠠᠯ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠬᠦᠴᠢᠷ ᠠᠰᠠᠭᠤᠳᠠᠯ ᠵᠢᠴᠢ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠣᠶᠢᠯᠠᠭᠠᠪᠠ᠃ ᠳᠠᠷᠠᠭ᠎ᠠ ᠨᠢ᠂ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠠᠷᠭ᠎ᠠ ᠬᠢᠳᠡᠯ ᠢ ᠢᠳᠡᠪᠬᠢᠲᠡᠶ ᠦᠨᠡᠯᠡᠭᠰᠡᠨ ᠪᠥᠭᠡᠳ ᠬᠤᠶᠢᠰᠢᠳᠠ ᠶᠢᠨ ᠡᠩᠨᠡᠭᠡᠨ ᠤ  ᠪᠠᠶᠢᠭᠤᠯᠤᠯᠲᠠ ᠶᠢᠨ ᠠᠵᠢᠯ ᠢ ᠠᠳᠬᠤᠬᠤ ᠳᠤ ᠵᠢᠯᠣᠭᠤᠳᠬᠤ ᠴᠢᠨᠠᠷᠲᠠᠶ᠂ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃                    ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2