ᠵᠦᠸᠧᠽᠢ ᠰᠢᠶᠠᠨ ᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ᠊ ᠤᠨ ᠲᠣᠭᠲᠠᠮᠠᠯ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-27
    4 ᠰᠠᠷ᠎ᠠ ᠶᠢᠨ 22 ᠤᠨ ᠡᠳᠦᠷ ᠤᠨ ᠦᠳᠡ ᠬᠤᠶᠢᠨ᠎ᠠ ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠡᠭᠡᠯᠵᠢᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠢᠦᠶ ᠸᠧᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠳ᠋ ᠰᠢᠶᠠᠨ ᠤ ᠳᠠᠷᠤᠭ᠎ᠠ ᠯᠢᠦ ᠴᠢ᠂ ᠰᠢᠶᠠᠨ ᠤ ᠳᠡᠳ᠋ ᠳᠠᠷᠤᠭ᠎ᠠ ᠵᠠᠩ  ᠸᠠᠨ ᠺᠦᠶ᠂ ᠷᠧᠨ ᠴᠠᠩ ᠸᠠᠩ ᠬᠤᠷᠠᠯ ᠳᠤ ᠣᠷᠣᠯᠴᠠᠵᠠᠶ᠃ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠯᠢ ᠶᠢᠩ ᠰᠢᠶᠠᠨ ᠤ ᠳᠠᠷᠤᠭ᠎ᠠ ᠵᠢᠭᠠᠵᠤ ᠭᠠᠷᠭᠠᠭᠰᠠᠨ ᠨᠢ᠂ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠲᠥᠪ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠬᠤ᠂ ᠳᠣᠲᠣᠭᠠᠳᠤ ᠠᠴᠠ ᠰᠡᠷᠭᠡᠶᠢᠯᠡᠬᠦ ᠪᠠ ᠳᠠᠬᠢᠨ ᠬᠦᠨᠳᠦᠷᠡᠬᠦ ᠶᠢ ᠪᠠᠲᠤ ᠪᠠᠷᠢᠮᠲᠠᠯᠠᠵᠤ᠂ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠡᠷᠡᠰ ᠬᠤᠷᠢᠭᠯᠠᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠬᠤ ᠬᠡᠷᠡᠭᠲᠡᠶ ᠭᠡᠵᠡᠶ᠃    ᠯᠢ ᠶᠢᠩ ᠰᠢᠶᠠᠨ ᠤ ᠳᠠᠷᠤᠭ᠎ᠠ ᠴᠢᠬᠤᠯᠠᠴᠢᠯᠠᠭᠰᠠᠨ ᠨᠢ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ ᠵᠠᠷᠴᠢᠮ ᠢ  ᠪᠠᠷᠢᠮᠲᠠᠯᠠᠵᠤ᠂ ᠠᠵᠢᠯ ᠲᠥᠷᠥᠯ ᠰᠠᠯᠠᠭ᠎ᠠ ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠢᠶ᠎ᠠ ᠪᠥᠬᠦᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠢ ᠨᠢᠭᠡᠳᠦᠯᠲᠡᠶ ᠲᠥᠯᠥᠪᠯᠡᠨ  ᠲᠤᠬᠢᠷᠠᠭᠤᠯᠬᠤ ᠶᠢ ᠴᠢᠩᠭᠠᠳᠬᠠᠬᠤ ᠬᠡᠷᠡᠭᠲᠡᠶ︔ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠬᠥᠮᠦᠰ ᠢ ᠲᠥᠪᠯᠡᠷᠡᠭᠦᠯᠦᠨ ᠲᠤᠰᠠᠭᠠᠷᠯᠠᠬᠤ ᠪᠠ ᠰᠢᠭᠰᠢᠨ ᠪᠠᠶᠢᠴᠠᠭᠠᠬᠤ  ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠢᠯᠠᠩᠭᠤᠶ᠎ᠠ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠨ᠂ ᠣᠯᠵᠤ ᠮᠡᠳᠡᠭᠰᠡᠨ ᠬᠡᠪ ᠤᠨ ᠪᠤᠰᠤ ᠪᠠᠶᠢᠳᠠᠯ ᠢ ᠳᠠᠷᠤᠶ ᠲᠦᠷᠭᠡᠨ ᠮᠡᠳᠡᠭᠦᠯᠵᠦ ᠲᠦᠷᠭᠡᠨ ᠰᠢᠢᠳᠪᠦᠷᠢᠯᠡᠬᠦ ᠬᠡᠷᠡᠭᠲᠡᠶ︔ ᠶᠡᠭᠡ ᠪᠠᠶᠢᠴᠠᠭᠠᠯᠲᠠ ᠶᠡᠭᠡ ᠪᠠᠶᠢᠳᠠᠯ ᠢ ᠣᠶᠢᠯᠠᠭᠠᠬᠤ ᠲᠠᠢ ᠤᠶᠠᠯᠳᠤᠭᠤᠯᠤᠨ᠂ ᠰᠠᠭᠤᠷᠢ ᠲᠤᠭ᠎ᠠ ᠶᠢ ᠮᠡᠳᠡᠵᠦ ᠪᠠᠶᠢᠭᠠᠳ ᠮᠥᠷᠳᠡᠬᠦ ᠠᠵᠢᠯ ᠢ ᠰᠠᠶᠢᠲᠤᠷ ᠬᠢᠵᠦ᠂ ᠰᠢᠭᠰᠢᠨ ᠪᠠᠶᠢᠴᠠᠭᠠᠵᠤ ᠪᠠᠶᠢᠴᠠᠭᠠᠨ ᠰᠢᠯᠭᠠᠵᠤ᠂ ᠨᠠᠷᠢᠨ ᠨᠢᠭᠲᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠲᠤ ᠴᠢᠭᠯᠡᠭᠦᠯᠦᠨ᠂ ᠰᠡᠷᠭᠡᠶᠢᠯᠡᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠬᠠᠶ ᠶᠢᠨ ᠭᠠᠵᠠᠷ ᠲᠤᠨᠢ ᠳᠣᠭᠢᠷᠠᠭᠤᠯᠤᠨ ᠲᠣᠬᠢᠷᠠᠭᠤᠯᠤᠯᠲᠠ ᠬᠢᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ  ᠶᠢ ᠴᠢᠩᠭᠠᠷᠠᠭᠤᠯᠤᠨ᠂ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ︔ ᠤᠬᠠᠭᠤᠯᠵᠤ ᠬᠥᠲᠥᠯᠥᠨ ᠵᠢᠯᠣᠭᠤᠳᠬᠤ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠥᠯᠵᠡᠶ︾ ᠶᠢ ᠪᠥᠬᠦ ᠲᠠᠯ᠎ᠠ ᠤ  ᠪᠠᠷ ᠳᠡᠯᠭᠡᠷᠡᠭᠦᠯᠦᠨ ᠬᠡᠷᠡᠭᠯᠡᠵᠦ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃                    ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2