ᠵᠦᠸᠧᠽᠢ ᠰᠢᠶᠠᠨ ᠤᠷᠢᠯᠭ᠎ᠠ ᠪᠠᠷ ᠳᠤᠮᠳᠠᠳᠤ ᠤᠯᠤᠰ ᠤᠨ ᠳᠠᠯᠠᠢ ᠶᠢᠨ ᠲᠣᠰᠣᠨ ᠤ ᠰᠢᠢᠳᠪᠦᠷᠢᠲᠦ ᠳᠠᠶᠢᠯᠠᠯᠳᠤᠭᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠵᠢᠴᠢ ᠠᠷᠪᠠᠨ ᠨᠠᠶᠢᠮᠠᠳᠤᠭᠠᠷ ᠤᠳᠠᠭ᠎ᠠ ᠶᠢᠨ ᠶᠠᠳᠠᠭᠤ ᠶᠢ ᠲᠡᠳᠬᠦᠵᠦ ᠲᠥᠪᠡᠳ ᠢ ᠲᠤᠰᠠᠯᠠᠬᠤ ᠠᠵᠢᠯ ᠤᠨ ᠸᠢᠳᠢᠣ᠋ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020-04-27
    ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠳᠤᠮᠳᠠᠳᠤ ᠤᠯᠤᠰ  ᠶᠢᠨ ᠳᠠᠯᠠᠢ ᠶᠢᠨ ᠲᠣᠰᠣ ᠬᠢᠭᠡᠳ ᠬᠠᠪᠰᠤᠷᠤᠨ ᠲᠡᠳᠬᠦᠬᠦ ᠭᠠᠵᠠᠷ ᠣᠷᠣᠨ ᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ᠃ 4 ᠰᠠᠷ᠎ᠠ ᠶᠢᠨ 22 ᠤᠨ ᠡᠳᠦᠷ᠂ ᠵᠦᠸᠧᠽᠢ ᠰᠢᠶᠠᠨ ᠤᠷᠢᠯᠭ᠎ᠠ ᠪᠠᠷ ᠳᠤᠮᠳᠠᠳᠤ ᠤᠯᠤᠰ ᠤᠨ ᠲᠠᠯᠠᠢ ᠶᠢᠨ ᠲᠤᠰᠤ ᠶᠢᠨ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠴᠢ ᠠᠷᠪᠠᠨ ᠨᠠᠢᠮᠠᠳᠤᠭᠠᠷ ᠤᠳᠠᠭ᠎ᠠ ᠶᠢᠨ ᠶᠠᠳᠠᠭᠤ ᠶᠢ ᠲᠡᠳᠬᠦᠵᠦ ᠲᠥᠪᠡᠳ ᠢ ᠲᠤᠰᠠᠯᠠᠬᠤ ᠠᠵᠢᠯ ᠤᠨ ᠸᠢᠳᠢᠣ᠋ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠭᠦᠨᠵᠡᠭᠡᠢ ᠰᠤᠷᠤᠯᠴᠠᠨ ᠲᠣᠣᠱᠯᠠᠭᠤᠯᠵᠣ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠳᠤ ᠲᠠᠬᠢᠨ ᠲᠠᠶᠢᠴᠢᠯᠠᠯᠳᠠ ᠲᠠᠬᠢᠨ ᠪᠠᠶᠢᠷᠢᠯᠠᠭᠤᠯᠤᠯᠲᠠ ᠬᠢᠵᠡᠢ᠃ ᠳᠤᠮᠳᠠᠳᠤ ᠤᠯᠤᠰ ᠤᠨ ᠲᠠᠯᠠᠢ ᠶᠢᠨ ᠲᠤᠰᠤ ᠶᠢᠨ ᠲᠥᠪᠡᠳ ᠢ ᠲᠤᠰᠠᠯᠠᠵᠤ ᠶᠠᠳᠠᠭᠤ ᠶᠢ ᠲᠡᠳᠬᠦᠬᠦ ᠲᠤᠰᠢᠶᠠᠯ  ᠡᠭᠦᠷᠭᠡᠯᠡᠭᠰᠡᠨ ᠺᠠᠳ᠋ᠷ ᠤᠨ 2019 ᠣᠨ ᠤ ᠠᠵᠢᠯ ᠤᠨ ᠬᠠᠷᠢᠭᠤ ᠮᠡᠳᠡᠭᠦᠯᠦᠯᠲᠡ ᠪᠣᠯᠤᠨ 2020 ᠣᠨ ᠤ ᠶᠠᠳᠠᠭᠤ ᠶᠢ ᠲᠡᠳᠬᠦᠬᠦ ᠠᠵᠢᠯ ᠤᠨ ᠲᠥᠯᠥᠪᠯᠡᠭᠡ ᠶᠢ ᠰᠣᠨᠣᠰᠪᠠ᠃    ᠳᠤᠮᠳᠠᠳᠤ ᠤᠯᠤᠰ ᠤᠨ ᠳᠠᠯᠠᠢ ᠶᠢᠨ ᠲᠣᠰᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ  ᠳᠠᠷᠤᠭ᠎ᠠ᠂ ᠶᠠᠳᠠᠭᠤ ᠶᠢ ᠲᠡᠳᠬᠦᠬᠦ ᠪᠠ ᠠᠵᠢᠯ ᠲᠦᠷᠦᠯ ᠢᠶᠠᠷ ᠢᠶᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠳ᠋ᠦᠩ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠵᠦᠸᠧᠽᠢ ᠰᠢᠶᠠᠨ ᠤ ᠶᠠᠳᠠᠭᠤ ᠶᠢ ᠲᠡᠳᠬᠦᠬᠦ ᠠᠵᠢᠯ ᠢ  ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠢᠶᠠᠨ ᠤ ᠳᠠᠷᠤᠭ᠎ᠠ ᠵᠠᠩ ᠸᠧᠨ ᠺᠦᠢᠢ᠂ ᠳᠤᠮᠳᠠᠳᠤ ᠤᠯᠤᠰ ᠤᠨ ᠳᠠᠯᠠᠢ ᠶᠢᠨ ᠲᠣᠰᠣᠨ ᠤ  ᠲᠤᠮᠢᠯᠠᠭᠰᠠᠨ ᠵᠦᠸᠧᠽᠢ ᠰᠢᠶᠠᠨ ᠳᠤ ᠲᠤᠰᠢᠶᠠᠯ ᠡᠭᠦᠷᠭᠡᠯᠡᠭᠦᠯᠦᠭᠰᠡᠨ ᠳᠡᠳ᠋ ᠰᠢᠶᠠᠨ ᠤ ᠳᠠᠷᠤᠭ᠎ᠠ ᠯᠢ ᠢ ᠵᠦᠸᠧᠽᠢ ᠰᠢᠶᠠᠨ ᠤ ᠸᠢᠳᠢᠣ᠋ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃                    ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2