ᠳ᠋ᠦ᠋ ᠰᠢᠤᠸᠠᠢ ᠵᠢᠶᠦ᠋ᠨ ᠵᠦᠸᠧᠽᠢ ᠰᠢᠶᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳᠠᠯᠳᠠᠭᠤᠷ ᠰᠤᠷᠪᠤᠯᠵᠢᠯᠠᠬᠤ ᠳᠠᠭᠠᠨ ᠴᠢᠬᠤᠯᠠᠴᠢᠯᠠᠭᠰᠠᠨ ᠨᠢ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠬᠦ ᠳᠠᠷᠣᠯᠲᠠ ᠶᠢ ᠱᠠᠳᠤ ᠱᠠᠳᠤ ᠪᠠᠷ ᠳᠠᠮᠵᠢᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ  ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2020-04-27
    4 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠲᠡᠷᠭᠡ ᠬᠥᠰᠬᠡ ᠬᠥᠩᠭᠡᠨ ᠠᠪᠰᠠᠷᠬᠠᠨ  ᠢᠶᠠᠷ ᠤᠷᠢᠳᠴᠢᠯᠠᠨ ᠮᠡᠳᠡᠭᠳᠡᠬᠦ ᠥᠬᠡᠶ᠂ ᠲᠠᠰᠢᠷᠠᠮ ᠢᠶᠠᠷ ᠰᠤᠷᠪᠤᠯᠵᠢᠯᠠᠬᠤ ᠠᠷᠭ᠎ᠠ ᠮᠠᠶ᠋ᠢᠭ ᠢ ᠠᠪᠴᠤ᠂ ᠵᠦᠸᠧᠽᠢ ᠰᠢᠶᠠᠨ ᠤ  ᠰᠢᠪᠠᠷᠲᠠᠢ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ  ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠢᠭᠤᠴᠠ ᠪᠠᠷ ᠰᠤᠷᠪᠤᠯᠵᠢᠯᠠᠵᠤ᠂ ᠤᠷᠤᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠡᠷᠢᠪᠡ᠃ ᠲᠡᠷᠡ᠂ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠱᠠᠳᠤ ᠱᠠᠳᠤ ᠪᠠᠷ ᠳᠠᠷᠤᠯᠲᠠ ᠶᠢ ᠳᠠᠮᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠯᠠᠪᠳᠠᠭᠤᠨ ᠪᠠᠲᠤᠲᠠᠢ ᠰᠠᠶᠢᠲᠤᠷ  ᠪᠠᠶᠢᠴᠠᠭᠠᠪᠠ᠃    ᠳ᠋ᠦ᠋ ᠰᠢᠤᠸᠠᠢ ᠵᠢᠶᠦ᠋ᠨ ᠶᠢᠨ ᠴᠧᠩ ᠸᠠ ᠲᠣᠰᠬᠤᠨ ᠪᠠ ᠬᠤᠸᠠᠩ ᠴᠢ ᠲᠠᠨ ᠲᠣᠰᠬᠤᠨ ᠳᠤ ᠬᠦᠷᠴᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ᠂ ᠣᠶᠢᠷ᠎ᠠ ᠶᠢᠨ ᠬᠤᠭᠤᠴᠠᠭᠠᠨ  ᠤ ᠶᠡᠭᠡ ᠪᠠᠶᠢᠴᠠᠭᠠᠯᠲᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠠᠰᠠᠭᠤᠨ ᠯᠠᠪᠯᠠᠭᠰᠠᠨ ᠪᠥᠭᠡᠳ ᠶᠠᠳᠠᠭᠤ ᠬᠦᠴᠢᠷᠳᠡᠯᠲᠠᠢ ᠡᠷᠦᠬᠡ ᠶᠢᠨ ᠬᠡᠷ ᠲᠤ ᠬᠦᠷᠴᠦ᠂ ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠪᠦᠯᠢ ᠶᠢᠨ ᠬᠥᠮᠦᠨ ᠠᠮᠠ᠂ ᠡᠷᠡᠭᠦᠯ ᠮᠡᠨᠳᠦ ᠶᠢᠨ ᠪᠠᠶᠢᠳᠠᠯ᠂ ᠡᠮᠨᠡᠭᠦᠯᠬᠦ ᠲᠠᠩᠰᠠ ᠲᠠᠶᠢᠯᠬᠤ᠂ ᠣᠷᠣᠨ ᠰᠠᠭᠤᠴᠠ ᠤᠤᠭᠤᠬᠤ ᠤᠰᠤᠨ ᠤ ᠠᠮᠤᠷ ᠲᠦᠪᠰᠢᠨ ᠵᠢᠴᠢ ᠬᠡᠷ ᠪᠦᠯᠢ ᠶᠢᠨ ᠣᠷᠣᠯᠭ᠎ᠠ ᠶᠢᠨ ᠢᠷᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠲᠠᠢ ᠬᠠᠮᠲᠤ ᠨᠠᠷᠢᠨ ᠲᠠᠩᠰᠠ ᠪᠤᠳᠤᠵᠤ᠂ ᠲᠥᠯᠥᠪᠯᠡᠭᠡ ᠪᠠᠨ ᠶᠠᠷᠢᠯᠴᠠᠵᠤ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠤᠭᠰᠠᠨ ᠡᠰᠡᠬᠦ ᠶᠢ ᠨᠠᠷᠢᠨ  ᠬᠢᠨᠠᠮᠠᠭᠠᠢ ᠬᠠᠷᠭᠤᠭᠤᠯᠤᠨ ᠪᠠᠶᠢᠴᠠᠭᠠᠪᠠ᠃    ᠳ᠋ᠦ᠋ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢᠭᠡᠨᠲᠡ  ᠰᠢᠢᠳᠪᠦᠷᠢᠲᠦ ᠢᠯᠠᠯᠲᠠ ᠤᠯᠬᠤ᠂ ᠪᠥᠬᠦ ᠲᠠᠯ᠎ᠠ ᠪᠠᠷ ᠰᠡᠭᠦᠯ ᠬᠤᠷᠢᠶᠠᠬᠤ ᠵᠠᠩᠭᠢᠯᠠᠭ᠎ᠠ ᠶᠢᠨ ᠴᠠᠭ ᠮᠥᠴᠡ ᠳᠤ ᠬᠦᠷᠴᠦ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ  ᠲᠤᠤᠱᠯᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶᠤᠨ ᠴᠢᠳᠠᠯ ᠢᠶᠠᠨ ᠲᠥᠪᠯᠡᠷᠡᠭᠦᠯᠦᠨ᠂  ᠨᠠᠷᠢᠨ ᠨᠢᠮᠪᠠᠶ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠱᠠᠲᠤ ᠱᠠᠲᠤ ᠪᠠᠷ ᠳᠠᠷᠤᠯᠲᠠ ᠶᠢ ᠳᠠᠮᠵᠢᠭᠤᠯᠵᠤ᠂ ᠶᠡᠭᠡ ᠪᠠᠶᠢᠴᠠᠭᠠᠯᠲᠠ ᠶᠢ ᠨᠠᠷᠢᠨ ᠪᠣᠳᠠᠲᠠᠶ ᠥᠷᠨᠢᠭᠦᠯᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠪᠠᠷ ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠪᠦᠯᠢ ᠶᠢᠨ ᠪᠠᠶᠢᠳᠠᠯ ᠢ ᠦᠨᠡᠨ ᠪᠣᠳᠠᠲᠠᠶ ᠪᠠᠷ ᠲᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠶᠢᠷ᠎ᠠ ᠰᠡᠳᠬᠢᠯᠭᠡ ᠪᠣᠯᠤᠨ ᠬᠠᠷᠢᠭᠤᠴᠠᠯᠭ᠎ᠠ ᠪᠠᠨ ᠠᠪᠴᠤ ᠤᠯᠠ ᠲᠦᠮᠡᠨ ᠤ ᠳᠤᠮᠳᠠ ᠭᠦᠨᠵᠡᠭᠡᠶᠢᠷᠡᠵᠦ᠂ ᠪᠠᠶᠢᠳᠠᠯ ᠢᠶᠠᠨ ᠨᠢᠭᠤᠷᠳᠠᠨ ᠨᠡᠪᠲᠡᠷᠡᠯᠴᠡᠨ᠂ ᠠᠰᠠᠭᠤᠳᠠᠯ ᠢ ᠰᠢᠢᠳᠪᠦᠷᠢᠯᠡᠵᠦ᠂ ᠲᠦᠷᠦ ᠶᠢᠨ ᠪᠤᠳᠤᠯᠭ᠎ᠠ ᠶᠢ ᠤᠬᠠᠭᠤᠯᠵᠤ᠂ ᠤᠯᠠᠨ ᠲᠦᠮᠡᠨ ᠤ ᠬᠠᠨᠤᠮᠵᠢ ᠶᠢᠨ  ᠬᠡᠮᠵᠢᠶ᠎ᠡ ᠪᠣᠯᠤᠨ ᠵᠣᠯ  ᠵᠢᠷᠭᠠᠯ ᠤᠨ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃
   ᠳᠠᠯᠳᠠᠭᠤᠷ ᠰᠤᠷᠪᠤᠯᠵᠢᠯᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠳ᠋ᠦ᠋ ᠰᠢᠤᠸᠠᠢ ᠵᠢᠶᠦ᠋ᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠢᠯᠡᠷᠡᠭᠦᠯᠦᠭᠰᠡᠨ ᠠᠰᠠᠭᠤᠳᠠᠯ ᠢ ᠪᠦᠬᠦ ᠲᠠᠯ᠎ᠠ ᠪᠠᠷ ᠡᠷᠡᠰ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠵᠤ᠂ ᠤᠠᠬᠠᠭᠤᠯᠭ᠎ᠠ ᠪᠠᠨ ᠴᠢᠩᠭᠠᠳᠬᠠᠨ᠂ ᠵᠣᠯᠭᠠᠭᠤᠯᠬᠤ ᠶᠢ ᠰᠠᠶᠢᠲᠤᠷ ᠠᠳᠬᠤᠵᠤ᠂ ᠪᠠᠭ᠎ᠠ ᠲᠣᠭᠠᠨ ᠤ ᠵᠢᠭᠡᠯᠡᠯᠭᠡ ᠶᠢᠨ ᠶᠠᠳᠠᠭᠤ ᠶᠢ ᠲᠡᠳᠬᠦᠬᠦ ᠤᠶᠢᠯᠡᠳᠤᠯ ᠢ ᠭᠦᠢᠴᠡᠳ ᠪᠠᠳᠠᠷᠠᠭᠤᠯᠤᠨ᠂ ᠬᠡᠷᠡᠭᠴᠡᠭᠡ ᠱᠠᠭᠠᠷᠳᠠᠯᠭ᠎ᠠ ᠲᠠᠢ ᠶᠠᠳᠠᠭᠤ ᠬᠦᠴᠢᠷᠳᠡᠯᠲᠠᠢ ᠡᠷᠦᠬᠡ ᠵᠢᠭᠡᠯᠡᠯᠭᠡ ᠵᠢᠭᠡᠯᠡᠵᠦ ᠪᠠᠶᠢᠭᠠᠳ ᠂ ᠰᠠᠶᠢᠲᠤᠷ ᠬᠡᠷᠡᠭᠯᠡᠵᠦ᠂ ᠪᠤᠴᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠵᠢᠷᠤᠮᠵᠢᠭᠤᠯᠤᠨ ᠨᠠᠷᠢᠯᠢᠭ ᠰᠠᠶᠢᠲᠤᠷ ᠬᠢᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠦᠬᠦ ᠲᠠᠯ᠎ᠠ ᠪᠠᠷ ᠪᠠᠲᠤᠯᠠᠬᠤ ᠬᠡᠷᠡᠭᠲᠡᠶ᠃ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ  ᠤᠶᠢᠯᠡᠴᠢᠯᠡᠬᠦ ᠨᠣᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠬᠠᠷᠠᠯᠲᠠ ᠪᠣᠯᠭᠠᠨ᠂ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠵᠦ ᠪᠠᠶᠢᠭᠠᠳ ᠡᠮᠴᠢ ᠪᠠ ᠡᠮ ᠬᠦᠷᠭᠡᠬᠦ ᠤᠶᠢᠯᠡᠴᠢᠯᠡᠭᠡ ᠶᠢ ᠰᠠᠶᠢᠲᠤᠷ ᠬᠢᠵᠦ᠂ ᠤᠶᠢᠯᠡᠴᠢᠯᠡᠭᠡᠨ ᠤ ᠬᠢᠷᠢ  ᠬᠡᠮᠵᠢᠶ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠴᠢᠷᠮᠠᠶᠢᠨ ᠪᠠᠲᠤᠯᠠᠬᠤ ᠬᠡᠷᠡᠭᠲᠡᠶ᠃ ︽ᠤᠴᠢᠷ ᠶᠠᠪᠤᠳᠠᠯ ᠢ ᠨᠢ ᠦᠵᠡᠵᠦ ᠠᠵᠢᠯ ᠤᠨ ᠪᠠᠶᠢᠷᠢ ᠲᠤᠬᠢᠷᠠᠭᠤᠯᠬᠤ᠂ ᠠᠵᠢᠯ ᠤᠨ ᠪᠠᠶᠢᠷᠢ ᠪᠠᠷ ᠬᠥᠮᠦᠨ ᠢ ᠲᠤᠭᠲᠠᠬᠤ︾ ᠵᠠᠷᠴᠢᠮ ᠢ ᠴᠢᠩᠭ᠎ᠠ ᠵᠢᠷᠤᠮᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠤᠨᠤᠪᠴᠢᠲᠠᠢ ᠲᠤᠬᠢᠷᠠᠭᠤᠯᠵᠤ᠂ ᠰᠣᠩᠭᠤᠨ ᠤᠷᠢᠬᠤ ᠪᠠᠷᠢᠮᠵᠢᠶ᠎ᠠ ᠪᠣᠯᠤᠨ ᠠᠵᠢᠯ ᠤᠨ ᠪᠠᠶᠢᠷᠢ ᠶᠢᠨ ᠪᠣᠭᠤᠮᠲᠠ ᠶᠢ ᠴᠢᠩᠭ᠎ᠠ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠦᠨᠡᠨᠬᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠤ ᠬᠥᠭᠵᠢᠯᠲᠡ ᠶᠢᠨ ︽ᠬᠤᠣᠰ ᠬᠥᠳᠡᠯᠭᠡᠬᠦ ᠬᠦᠴᠦᠨ︾ ᠪᠣᠯᠭᠠᠬᠤ ᠬᠡᠷᠡᠭᠲᠡᠢ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠡᠭᠡᠷ᠎ᠡ ᠬᠦᠴᠦ ᠣᠷᠣᠭᠤᠯᠵᠤ᠂ ︽ᠰᠢᠨ᠎ᠡ ᠶᠢ ᠪᠠᠶᠢᠭᠤᠯᠵᠤ ᠬᠠᠭᠤᠴᠢᠨ  ᠢ ᠨᠤᠷᠠᠭᠠᠬᠤ ᠥᠬᠡᠶ︾ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠶᠢᠯ ᠲᠣᠰᠬᠤᠨ ᠵᠡᠭᠡᠯᠢ ᠭᠤᠳᠤᠮᠵᠢ ᠶᠢᠨ ᠬᠤᠭ ᠨᠣᠪᠰᠢ ᠪᠠ ᠲᠣᠰᠬᠤᠨ ᠤ ᠠᠷᠠᠳ ᠤᠨ ᠬᠡᠷ ᠳᠣᠲᠣᠷᠠᠬᠢ ᠡᠷᠡᠭᠦᠯ ᠬᠠᠮᠠᠭᠠᠯᠠᠯ ᠢ ᠪᠥᠬᠦ ᠲᠠᠯ᠎ᠠ ᠪᠠᠷ ᠴᠡᠪᠡᠷᠯᠡᠨ᠂ ᠲᠣᠰᠬᠤᠨ ᠤ ᠳᠦᠷᠰᠦ ᠪᠠᠶᠢᠳᠠᠯ ᠪᠠ ᠬᠡᠷ ᠤᠨ ᠳᠦᠷᠰᠦ ᠪᠠᠶᠢᠳᠠᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂  ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃                    ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2