ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠵᠢᠯ ᠮᠥᠨ᠂ ᠤᠯᠠᠮ ᠨᠢᠭᠡ | ᠠᠯᠬᠤᠮ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠨᠠᠮ ᠤᠨ ᠭᠡᠰᠢᠭᠦᠨ ᠺᠠᠳ᠋ᠷ ᠤᠨ ᠬᠡᠪ | ᠪᠤᠯᠪᠠᠰᠣᠷᠠᠯ ᠢ ᠳᠡᠭᠡᠭᠰᠢᠯᠡᠭᠦᠯᠵᠦ᠂ ᠲᠡᠭᠦᠨ ᠤ ᠠᠵᠢᠯ ᠬᠢᠵᠦ ᠦᠢᠯᠡᠰ ᠪᠤᠰᠬᠠᠬᠤ ᠣᠷᠭᠢᠯᠤᠮ᠎ᠠ ᠰᠡᠳᠬᠢᠯᠭᠡ ᠶᠢ | ᠬᠥᠭᠵᠢᠭᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ ᠨᠡᠩ ᠢᠳᠡᠪᠬᠢᠲᠡᠢ | ᠰᠠᠨᠠᠭᠠᠴᠢᠯᠭᠠᠲᠦ ᠦᠢᠯᠡᠳᠦᠯ ᠢᠶᠠᠨ ᠪᠠᠳᠠᠷᠠᠭᠤᠯᠵᠤ᠂ ᠨᠡᠩ ᠪᠣᠳᠠᠲᠠᠢ ᠶᠢ ᠡᠷᠬᠢᠮᠯᠡᠭᠰᠡᠨ ᠤᠷᠳᠤ ᠬᠤᠭᠤᠴᠠᠭᠠᠨ ᠤ | ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ ᠶᠤᠮ᠃ 4 ᠰᠠᠷ᠎ᠠ ᠶᠢᠨ 24 ᠤ ᠡᠳᠦᠷ᠂ ᠵᠦᠸᠧᠽᠢ ᠰᠢᠶᠠᠨ ᠤ | ᠬᠠᠤᠯᠢ ᠴᠠᠭᠠᠵᠠ ᠶᠢᠨ ᠲᠤᠪᠴᠢᠶ᠎ᠠ ︽ᠤᠶᠤᠨ ᠰᠠᠨᠠᠭᠠᠨ ᠤ ᠬᠦᠴᠦᠨ ᠴᠢᠳᠠᠯ ᠢ ᠰᠢᠩᠭᠡᠭᠡᠨ ᠠᠪᠬᠤ · ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ︾ ᠭᠤᠣᠯ ᠰᠡᠳᠦᠪᠲᠦ ᠨᠠᠮ ᠤᠨ ᠡᠳᠦᠷ ᠤᠨ | ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠫᠠᠩ ᠸᠧᠨ ᠷᠦᠢ ᠡᠷᠬᠢᠯᠡᠵᠤ᠂ ᠪᠦᠬᠦ ᠨᠠᠮ ᠤᠨ | ᠭᠡᠰᠢᠭᠦᠨ ᠺᠠᠳ᠋ᠷ ᠣᠷᠣᠯᠴᠠᠪᠠ᠃ | | ᠠᠵᠢᠯᠯᠠᠭ᠎ᠠ ᠨᠢ ᠰᠦᠷ ᠵᠢᠪᠬᠤᠯᠠᠩᠲᠤ ᠬᠥᠭᠵᠢᠮ ᠤᠨ ᠬᠠᠪᠰᠤᠷᠤᠯᠭ᠎ᠠ ᠳᠣᠣᠷ᠎ᠠ ᠬᠥᠰᠢᠭᠡ ᠪᠠᠨ ᠰᠡᠬᠦᠵᠦ᠂ ᠪᠦᠬᠦ | ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠭᠦᠨ ᠰᠡᠳᠬᠢᠯᠭᠡ ᠪᠠᠷ ᠤᠯᠤᠰ ᠤᠨ ᠰᠦᠯᠳᠡ ᠳᠠᠭᠤᠤ ᠶᠢ | ᠳᠠᠭᠤᠯᠠᠪᠠ᠃ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠯᠢ ᠬᠦᠢ ᠰᠣᠸ᠋ ᠨᠡᠷ ᠤᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡ ᠶᠢ | ᠲᠠᠬᠢᠨ ᠡᠷᠭᠢᠴᠡᠭᠦᠯᠵᠦ᠂ ᠲᠥᠪ ᠴᠢᠩᠭ᠎ᠠ ᠲᠠᠩᠭᠠᠷᠢᠭ ᠬᠢᠭᠰᠡᠨ ᠪᠥᠭᠡᠳ ᠪᠦᠬᠦ ᠺᠠᠳ᠋ᠷ ᠲᠤ ᠰᠢᠶᠠᠨ ᠤ ᠨᠠᠮ ᠤᠨ | ᠬᠤᠷᠢᠶᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠳᠠᠷᠠᠭ᠎ᠠ ᠨᠢ ︽ᠪᠢᠳᠡ ᠶᠡᠭᠡ ᠵᠠᠮ | ᠳᠡᠭᠡᠷ᠎ᠡ︾ ᠭᠡᠬᠦ ᠠᠷᠪᠠᠨ ᠨᠠᠶᠢᠮᠠᠳᠤᠭᠠᠷ ᠪᠦᠯᠦᠭ ᠤᠨ ᠶᠠᠳᠠᠭᠤ ᠠᠴᠠ ᠠᠩᠭᠢᠷᠠᠭᠤᠯᠬᠤ ᠪᠣᠭᠤᠮᠲᠠ ᠰᠢᠪᠲᠤᠯᠬᠤ | ᠲᠤᠰᠬᠠᠶ ᠰᠡᠳᠦᠪᠲᠦ ᠹᠢᠯᠢᠮ ᠪᠠ ︽ᠶᠡᠷᠦᠩᠬᠡᠶ ᠱᠦᠵᠢ ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠶ᠋ᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠤ | ᠣᠷᠣᠯᠴᠠᠬᠤ︾ ᠬᠠᠮᠢᠶ᠎ᠠ ᠪᠥᠬᠦᠶ ᠸᠢᠳᠢᠣ᠋ ᠶᠢ ᠬᠠᠮᠲᠤ ᠪᠠᠷ ᠦᠵᠡᠭᠰᠡᠨ ᠪᠥᠭᠡᠳ ᠤᠯᠤᠰ᠂ ᠦᠪᠡᠷᠳᠡᠭᠡᠨ ᠵᠠᠰᠠᠬᠤ | ᠣᠷᠣᠨ᠂ ᠤᠯᠠᠭᠠᠨᠴᠠᠪ ᠬᠤᠲᠠ ᠪᠠ ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠬᠤᠷᠠᠯ ᠤᠨ ᠵᠢᠭᠠᠪᠤᠷᠢ ᠶᠢᠨ ᠵᠣᠷᠢᠭ ᠰᠠᠨᠠᠭ᠎ᠠ ᠪᠠ ᠰᠢᠨ᠎ᠡ ᠲᠥᠷᠥ ᠶᠢᠨ ᠪᠣᠳᠣᠯᠭ᠎ᠠ ᠶᠢ ᠬᠠᠮᠲᠦ ᠪᠠᠷ ᠰᠤᠷᠤᠯᠴᠠᠪᠠ᠃ | | ᠲᠣᠪᠴᠢᠶᠠᠨ ᠳᠠᠷᠤᠭ᠎ᠠ ᠯᠢ ᠬᠦᠶ ᠰᠣᠸ᠋ ᠵᠢᠭᠠᠵᠤ ᠭᠠᠷᠭᠠᠭᠰᠠᠨ ᠨᠢ᠂ 2020 ᠤᠨ ᠪᠣᠯ ᠪᠥᠬᠦ ᠤᠯᠤᠰ ᠲᠤ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢ ᠪᠡᠶᠡᠯᠡᠭᠦᠯᠬᠦ ᠡᠴᠦᠰ ᠤᠨ ᠵᠢᠯ ᠮᠥᠨ᠂ ᠪᠠᠰᠠ ᠴᠤ ᠮᠠᠨ ᠤ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠶᠠᠰᠤ ᠴᠢᠨᠠᠷ ᠢ ᠪᠥᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠬᠦ | ᠵᠠᠩᠭᠢᠯᠠᠭ᠎ᠠ ᠶᠢᠨ ᠵᠢᠯ ᠮᠥᠨ᠃ ᠤᠯᠠᠨ ᠢᠶᠠᠷ ᠢᠶᠠᠨ ᠰᠢᠶᠠᠨ ᠤ ᠨᠠᠮ ᠤᠨ ᠬᠤᠷᠢᠶ᠎ᠠ ᠶᠢᠨ ︽ᠲᠤᠭ ᠪᠤᠰᠬᠠᠵᠤ᠂ | ᠠᠷᠠᠳ ᠤᠨ ᠰᠡᠳᠬᠢᠯ ᠢ ᠨᠢᠭᠲᠠᠷᠠᠭᠤᠯᠵᠤ᠂ ᠰᠢᠨ᠎ᠡ ᠬᠥᠮᠦᠨ ᠢ ᠬᠥᠮᠦᠵᠢᠭᠦᠯᠵᠦ᠂ ᠰᠣᠶᠣᠯ ᠢ ᠮᠠᠨᠳᠤᠭᠤᠯᠵᠤ᠂ ᠲᠦᠷᠢ | ᠲᠥᠷᠬᠦ ᠪᠠᠨ ᠦᠵᠡᠭᠦᠯᠬᠦ︾ ᠠᠴᠠ ᠪᠢᠳᠡᠨ ᠳᠤ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠡᠷᠡᠰ ᠲᠤᠤᠱᠯᠠᠭᠤᠯᠤᠨ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠬᠠᠪᠰᠤᠷᠤᠨ ᠲᠡᠳᠬᠦᠬᠦ | ᠡᠭᠦᠷᠭᠡ ᠲᠠᠢ ᠨᠢᠭᠲᠠ ᠤᠶᠠᠯᠳᠤᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠵᠣᠷᠢᠭᠲᠠᠢ ᠪᠠᠷ | ᠤᠷᠤᠭᠰᠢᠯᠠᠨ ᠲᠠᠪᠰᠢᠵᠤ᠂ ᠪᠦᠬᠦ ᠰᠢᠶᠠ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠣᠯᠵᠤ᠂ ᠬᠥᠭᠵᠢᠯᠲᠡ ᠶᠢ ᠠᠬᠢᠭᠤᠯᠵᠤ᠂ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃ | ᠠᠵᠢᠯᠯᠠᠭ᠎ᠠ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠡᠨᠡ ᠵᠢᠯ ᠤᠨ ᠶᠠᠳᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠷ ᠬᠠᠪᠰᠤᠷᠤᠨ ᠲᠡᠳᠬᠦᠬᠦ ᠨᠢᠭᠡᠴᠢ ᠪᠠ | ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠰᠥᠰᠥ ᠵᠣᠷᠢᠭ ᠪᠠ ᠢᠲᠡᠭᠡᠯ ᠵᠣᠷᠢᠭ ᠢᠶᠠᠨ | ᠦᠨᠡᠨ ᠬᠦ ᠴᠢᠩᠭᠠᠳᠬᠠᠵᠤ᠂ ᠥᠴᠦᠬᠡᠨ ᠴᠦ ᠴᠠᠯᠠᠭᠠᠶᠢᠷᠠᠬᠤ ᠦᠭᠡᠢ ᠤᠶᠤᠨ ᠰᠠᠨᠠᠭᠠᠨ ᠤ ᠪᠠᠶᠢᠳᠠᠯ ᠪᠠ ᠦᠨᠡᠨ ᠬᠦ | ᠠᠳᠬᠤᠵᠤ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢᠶᠠᠷ ᠬᠠᠪᠰᠤᠷᠤᠨ ᠲᠡᠳᠬᠦᠬᠦ ᠲᠣᠰᠬᠤᠨ ᠪᠠ ᠬᠠᠪᠰᠤᠷᠤᠨ | ᠲᠡᠳᠬᠦᠬᠦ ᠬᠠᠷᠢᠭᠤᠴᠠᠯᠭᠠᠲᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |