ᠵᠦᠸᠧᠽᠢ ᠱᠠᠨ ᠪᠠᠯᠭᠠᠰᠤᠨ ᠤ ᠬᠤᠪᠢᠰᠬᠠᠯ ᠤᠨ ᠵᠢᠭᠤᠯᠴᠢᠯᠠᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2020-04-28
   ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠵᠦᠸᠧᠽᠢ ᠱᠠᠨ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠢᠨ ᠰᠡᠳᠬᠢᠴᠡ ᠪᠠᠨ ᠥᠷᠭᠡᠳᠬᠡᠵᠦ᠂ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠭᠠᠵᠠᠷ︾ ᠪᠠ ︽ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠵᠠᠯᠠᠭᠤᠴᠤᠳ ᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ︾ ᠢᠶᠠᠷ ᠲᠦᠰᠢᠭ ᠪᠣᠯᠭᠠᠵᠤ᠂ ᠪᠦᠦ ᠪᠠᠢ ᠭᠸᠦ ᠲᠣᠰᠬᠤᠨ ᠤ ᠪᠠᠶᠢᠭᠠᠯᠢ ᠶᠢᠨ ᠦᠵᠡᠮᠵᠢ᠂ ᠲᠡᠤᠬᠡ ᠰᠣᠶᠣᠯ ᠤᠨ ᠪᠠᠭᠤᠷᠢ᠂ ᠠᠵᠤ ᠤᠶᠢᠯᠡᠰ ᠤᠨ ᠡᠬᠢ ᠪᠠᠶᠠᠯᠢᠭ ᠤᠨ ᠰᠠᠭᠤᠷᠢ ᠶᠢ ᠭᠦᠢᠴᠡᠳ ᠠᠭᠤᠳᠠᠯᠵᠤ᠂ ᠥᠪᠥᠷ ᠮᠣᠩᠭᠤᠯ ᠤᠨ ᠾᠧᠩ ᠶᠠᠩ ᠤᠨ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠲᠠᠢ ᠬᠠᠮᠲᠤᠷᠠᠨ᠂ ᠪᠦᠦ ᠪᠠᠢ ᠭᠸᠦ ᠲᠣᠰᠬᠤᠨ ᠤ ᠠᠭᠤᠯᠠ᠂ ᠤᠰᠤ᠂ ᠣᠶ᠂ ᠲᠠᠷᠢᠶᠠᠨ ᠭᠠᠵᠠᠷ᠂ ᠵᠠᠮ᠂ ᠲᠣᠰᠬᠤᠨ ᠪᠠ ᠠᠵᠤ ᠤᠶᠢᠯᠡᠰ ᠤᠨ ᠬᠥᠭᠵᠢᠯᠲᠡ ᠳᠤ ᠪᠦᠬᠦᠯᠢ ᠴᠣᠭᠴᠠ ᠶᠢᠨ ᠰᠢᠨᠵᠢᠯᠡᠬᠦ ᠤᠬᠠᠭᠠᠨᠴᠢ ᠲᠤᠯᠤᠪᠵᠢᠭᠦᠯᠪᠡ᠃ ᠵᠦᠸᠧᠽᠢ ᠱᠠᠨ ᠪᠠᠯᠭᠠᠰᠤ ᠪᠣᠯᠤᠨ ᠥᠪᠥᠷ ᠮᠣᠩᠭᠤᠯ ᠤᠨ ᠾᠧᠩ ᠶᠠᠩ ᠤᠨ ᠰᠤᠷᠭᠠᠨ ᠬᠥᠮᠦᠵᠢᠯ ᠤᠨ ᠰᠤᠳᠤᠯᠭᠠᠨ ᠤ ᠬᠦᠷᠢᠶᠡᠯᠡᠩ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠪᠦᠦ ᠪᠠᠢ ᠭᠧᠤ ᠲᠣᠰᠬᠤᠨ ᠢ ᠵᠤᠭᠠᠴᠠᠨ ᠲᠣᠭᠤᠷᠢᠬᠤ᠂ ᠠᠮᠢ  ᠠᠬᠤᠢ ᠶᠢ ᠬᠠᠳᠠᠭᠠᠯᠠᠬᠤ᠂ ᠠᠷᠠᠳ ᠤᠨ ᠵᠠᠩ ᠦᠢᠯᠡ ᠶᠢ ᠰᠣᠨᠢᠷᠬᠠᠬᠤ ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ  ᠰᠤᠷᠭᠠᠨ ᠬᠥᠮᠦᠵᠢᠯ ᠢᠶᠠᠷ ᠭᠤᠣᠯ ᠪᠣᠯᠭᠠᠭᠰᠠᠨ ᠪᠣᠬᠢᠷᠲᠤᠯ ᠦᠭᠡᠢ᠂ ᠳᠡᠭᠡᠳᠦ ᠳᠠᠪᠬᠤᠷᠭ᠎ᠠ᠂ ᠤᠨᠴᠠᠯᠢᠬᠳᠤ ᠬᠤᠪᠢᠰᠬᠠᠯ ᠤᠨ ᠵᠤᠭᠠᠴᠠᠯ ᠤᠨ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃    ᠣᠳᠣᠬᠠᠨ ᠳᠤ᠂ ᠲᠤᠰ ᠲᠦᠷᠦᠯ ᠵᠦᠢᠯ ᠨᠢ 2020 ᠣᠨ ᠤ 4 ᠰᠠᠷ᠎ᠠ ᠶᠢᠨ 17 ᠤ ᠡᠳᠦᠷ ᠬᠠᠮᠲᠤ ᠪᠠᠷ ᠪᠠᠶᠢᠭᠤᠯᠬᠤ  ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠨᠡᠭᠡᠭᠡᠨ ᠬᠥᠭᠵᠢᠭᠦᠯᠬᠦ  ᠬᠡᠪᠴᠢᠶ᠎ᠡ ᠨᠢ 1991 ᠮᠦ ᠭᠠᠵᠠᠷ ᠡᠵᠡᠯᠡᠵᠦ᠂ 596.5 ᠮᠦ ᠲᠠᠯᠠᠪᠠᠢ ᠪᠠᠶᠢᠭᠤᠯᠵᠤ᠂ ︽ᠪᠡᠶᠡᠴᠢᠯᠡᠨ ᠰᠢᠯᠭᠠᠬᠤ ᠬᠡᠯᠪᠡᠷᠢ ᠶᠢᠨ ᠪᠣᠯᠪᠠᠰᠤᠷᠠᠯ ᠤᠨ ᠲᠠᠯᠠᠪᠠᠢ︾᠂ ︽ᠴᠡᠷᠢᠭ ᠤᠨ ᠶᠠᠪᠤᠳᠠᠯ ᠤᠨ ᠳᠠᠭᠤᠷᠢᠶᠠᠮᠠᠯ ᠡᠰᠡᠷᠭᠦᠴᠡᠯᠳᠦᠬᠦ ᠲᠠᠯᠠᠪᠠᠢ︾᠂ ︽ᠬᠡᠭᠡᠷ᠎ᠡ ᠭᠠᠳᠠᠨ᠎ᠠ ᠣᠷᠣᠰᠢᠨ ᠠᠮᠢᠳᠤᠷᠠᠬᠤ ᠬᠤᠸᠠᠷᠠᠨ︾᠂ ︽ᠤᠨᠴᠠᠯᠢᠬᠳᠤ ᠠᠷᠠᠳ ᠤᠨ ᠪᠠᠭᠤᠳᠠᠯ︾᠂ ︽ᠲᠠᠷᠢᠶᠠᠴᠢᠨ ᠠᠶᠢᠯ ᠤᠨ ᠵᠤᠭᠠᠴᠠᠯ︾ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠲᠥᠬᠦᠭᠡᠷᠦᠮᠵᠢ ᠶᠢ ᠠᠯᠬᠤᠮ ᠠᠯᠬᠤᠮ ᠢᠶᠠᠷ ᠪᠠᠶᠢᠭᠤᠯᠵᠠᠢ᠃   ᠬᠤᠪᠢᠰᠬᠠᠯᠲᠤ ᠵᠤᠭᠠᠴᠠᠯ ᠪᠣᠯ ᠵᠦᠸᠧᠽᠢ ᠱᠠᠨ ᠪᠠᠯᠭᠠᠰᠤᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠡᠬᠢᠯᠡᠯᠲᠡ ᠪᠤᠯᠤᠨ᠎ᠠ᠂ ᠢᠷᠡᠭᠡᠳᠦᠢ ᠳᠤ ᠲᠣᠰᠬᠤᠨ ᠤ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡ᠂ ᠢᠳᠡᠭᠡᠨ ᠤᠮᠳᠠᠭᠠᠨ᠂ ᠣᠷᠣ ᠰᠠᠭᠤᠴᠠ ᠵᠡᠷᠭᠡ ᠠᠯᠢ ᠤᠯᠠᠨ ᠢᠵᠢ ᠪᠦᠷᠢᠳᠦᠭᠰᠡᠨ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠵᠦ ᠪᠣᠯᠤᠨ᠎ᠠ᠃ ᠪᠦᠬᠦ᠋ᠢᠯᠡ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠲᠦᠷᠦᠯ ᠵᠦᠢᠯ ᠢ ᠪᠦᠷᠢᠮᠦᠰᠦᠨ ᠪᠠᠶᠢᠭᠤᠯᠤᠭᠰᠠᠨ ᠤ ᠳᠠᠷᠤᠭ᠎ᠠ᠂ ᠲᠠᠷᠢᠶᠠᠴᠢᠨ ᠡᠷᠦᠬᠡ ᠶᠢᠨ ᠠᠵᠢᠯ ᠣᠯᠭᠤᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠤᠯᠲᠠ ᠶᠢ ᠪᠦᠲᠦᠮᠵᠢᠲᠠᠢ ᠳᠠᠶᠢᠴᠢᠯᠠᠬᠤ ᠪᠠᠷ ᠪᠠᠷᠠᠬᠤ ᠦᠭᠡᠢ ᠵᠦᠸᠧᠽᠢ ᠱᠠᠨ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠪᠠ ᠲᠠᠷᠢᠶᠠᠴᠢᠨ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠵᠡᠷᠭᠡᠪᠡᠷ ᠨᠡᠮᠡᠭᠳᠡᠭᠦᠯᠬᠦ ᠶᠢ ᠠᠬᠢᠭᠤᠯᠬᠤ ᠪᠣᠯᠤᠨ᠎ᠠ᠃                 ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2