4 ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠰᠢᠶᠡᠨ ᠤ ᠳᠠᠷᠤᠭ᠎ᠠ ᠯᠢ ᠶᠢᠩ ᠰᠢᠪᠠᠷᠲᠠᠢ ᠪᠠᠯᠭᠠᠰᠤ᠂ ᠯᠢ ᠬᠤᠸᠠ ᠪᠠᠯᠭᠠᠰᠤ᠂ ᠴᠢ ᠰᠢᠶᠠ ᠶᠢᠩ ᠪᠠᠯᠭᠠᠰᠤ᠂ ᠳ᠋ᠠ ᠢᠦᠶ ᠱᠤ᠋ | ᠰᠢᠶᠠᠩ᠂ ᠹᠦ᠋ ᠰᠢᠩ ᠰᠢᠶᠠᠩ ᠵᠡᠷᠭᠡ ᠭᠠᠵᠠᠷ ᠪᠣᠯᠤᠨ ᠪᠦᠦ ᠠᠨ ᠣᠶ ᠰᠢᠭᠤᠶ ᠶᠢᠨ ᠲᠠᠯᠠᠪᠠᠶ᠂ ᠱᠠᠩ ᠭᠤᠤ ᠲᠠᠢ ᠣᠶ | ᠰᠢᠭᠤᠶ ᠶᠢᠨ ᠲᠠᠯᠠᠪᠠᠶ ᠳᠤ ᠭᠦᠨᠵᠡᠭᠡᠶᠢᠷᠡᠨ᠂ ᠬᠠᠩᠰᠢ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠪᠠ᠃ | | | | | ᠯᠢ ᠶᠢᠩ ᠵᠢᠭᠠᠵᠤ ᠭᠠᠷᠭᠠᠭᠰᠠᠨ ᠨᠢ᠂ ᠣᠳᠣᠬᠠᠨ ᠳᠤ ᠠᠭᠠᠷ ᠤᠨ ᠳᠤᠯᠠᠭᠠᠨ ᠢᠯᠡᠳᠲᠡ ᠳᠡᠭᠡᠭᠰᠢᠯᠡᠵᠦ᠂ ᠭᠠᠩ | ᠬᠠᠭᠤᠷᠠᠶ ᠪᠥᠭᠡᠳ ᠬᠠᠩᠰᠢ ᠶᠢᠨ ᠡᠳᠦᠷ ᠪᠤᠯᠠᠰᠢᠨ ᠳᠡᠭᠡᠷ᠎ᠡ ᠲᠠᠬᠢᠯᠭ᠎ᠠ ᠬᠢᠬᠦ ᠠᠵᠢᠯᠯᠠᠭ᠎ᠠ ᠤᠯᠠᠰᠢᠷᠠᠨ᠂ ᠣᠶ ᠰᠢᠭᠤᠶ | ᠨᠤᠲᠤᠭ ᠪᠡᠯᠴᠢᠭᠡᠷ ᠤᠨ ᠬᠦᠨᠳᠦ ᠶᠡᠭᠡ ᠭᠠᠯ ᠤᠨ ᠭᠠᠮᠰᠢᠭ ᠤᠨ ᠠᠳᠡᠯ ᠮᠠᠰᠢ ᠠᠮᠠᠷᠬᠠᠨ ᠭᠠᠷᠳᠠᠭ᠃ | | | | | ᠯᠢ ᠶᠢᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ | ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠨᠢ ᠠᠵᠢᠯ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ | ᠰᠠᠨᠠᠭᠠᠴᠢᠯᠠᠭ᠎ᠠ ᠠᠴᠠ ᠪᠠᠨ ᠬᠢᠵᠦ᠂ ᠰᠡᠷᠭᠡᠶᠢᠯᠡᠬᠦ ᠪᠠᠷ ᠭᠤᠤᠯ ᠪᠣᠯᠭᠠᠵᠤ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ | ᠬᠡᠷᠡᠭᠲᠡᠶ᠃ ᠣᠯᠠᠨ ᠲᠦᠮᠡᠨ ᠢ ᠭᠦᠢᠴᠡᠳ ᠳᠠᠶᠢᠴᠢᠯᠠᠨ᠂ ᠬᠥᠳᠡᠭᠡ ᠲᠣᠰᠬᠤᠨ ᠤ ᠣᠢ ᠰᠢᠭᠤᠶ ᠬᠠᠮᠠᠭᠠᠯᠠᠭᠴᠢ᠂ ᠴᠡᠪᠡᠷᠯᠡᠭᠴᠢ | ᠂ ᠮᠡᠳᠡᠭᠡ ᠵᠠᠩᠭᠢᠴᠢ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠠᠵᠢᠯᠲᠠᠨ ᠢ ᠳᠠᠶᠢᠴᠢᠯᠠᠨ᠂ | ᠬᠠᠷᠢᠴᠠᠭᠤᠯᠭᠠᠲᠦ ᠣᠷᠣᠨ ᠪᠦᠰᠡ ᠬᠤᠪᠢᠶᠠᠷᠢᠯᠠᠵᠤ᠂ ᠠᠭᠤᠯᠠ ᠶᠢ ᠪᠠᠲᠤ ᠰᠠᠬᠢᠵᠤ᠂ ᠪᠤᠯᠠᠰᠢ ᠶᠢ ᠰᠠᠶᠢᠨ ᠬᠠᠷᠠᠵᠤ᠂ ᠵᠠᠮ ᠤᠨ | ᠠᠭᠤᠯᠵᠠᠷ ᠢ ᠴᠢᠩᠭ᠎ᠠ ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨᠬᠦ ᠪᠣᠳᠠᠲᠠᠶ ᠳᠤ | ᠨᠠᠶᠢᠳᠠᠪᠤᠷᠢᠵᠢᠭᠤᠯᠬᠤ ᠬᠡᠷᠡᠭᠲᠡᠶ᠃ ᠬᠤᠲᠠ ᠶᠢᠨ ᠵᠠᠰᠠᠭ ᠤᠨ ᠣᠷᠳᠣᠨ ᠤ ᠪᠠᠭᠤᠯᠭᠠᠭᠰᠠᠨ ︽ ᠴᠠᠭᠠᠰᠦᠨ ᠵᠣᠭᠤᠰ ᠵᠡᠷᠭᠡ | ᠮᠤᠬᠤᠷ ᠰᠦᠰᠦᠭ ᠳᠠᠬᠢᠯᠭ᠎ᠠ ᠶᠢᠨ ᠬᠡᠷᠡᠭᠰᠡᠯ ᠤᠶᠢᠯᠡᠳᠪᠦᠷᠢᠯᠡᠬᠦ᠂ ᠲᠡᠭᠡᠭᠡᠪᠦᠷᠢᠯᠡᠬᠦ᠂ ᠪᠣᠷᠣᠯᠠᠭᠤᠯᠬᠤ᠂ ᠰᠢᠲᠠᠭᠠᠬᠤ ᠶᠢ | ᠴᠠᠭᠠᠵᠠᠯᠠᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠴᠠᠭᠠᠰᠦᠨ | ᠵᠣᠭᠤᠰ ᠵᠡᠷᠭᠡ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠲᠥᠪᠯᠡᠷᠡᠭᠦᠯᠦᠨ ᠪᠠᠶᠢᠴᠠᠭᠠᠵᠤ ᠵᠠᠰᠠᠬᠤ ᠠᠵᠢᠯᠯᠠᠭ᠎ᠠ ᠶᠢ | ᠨᠠᠷᠢᠨ ᠬᠢᠨᠠᠮᠠᠭᠠᠶ ᠥᠷᠨᠢᠭᠦᠯᠵᠦ᠂ ᠤᠶᠢᠯᠡᠳᠪᠦᠷᠢᠯᠡᠬᠦ᠂ ᠪᠣᠷᠣᠯᠠᠭᠤᠯᠬᠤ᠂ ᠲᠡᠭᠡᠭᠡᠪᠦᠷᠢᠯᠡᠬᠦ᠂ ᠪᠠᠶᠠᠷ ᠤᠨ ᠡᠳᠦᠷ ᠢ ᠲᠣᠭᠤᠷᠢᠨ | ᠪᠠᠶᠢᠴᠠᠭᠠᠬᠤ ᠵᠡᠷᠭᠡ ᠡᠯ᠎ᠡ ᠭᠤᠭᠴᠤᠭ᠎ᠠ ᠠᠴᠠ ᠭᠠᠷᠳᠠᠵᠤ᠂ ᠪᠣᠯᠪᠠᠰᠤᠨ ᠪᠤᠰᠤ ᠲᠠᠬᠢᠯᠭ᠎ᠠ ᠶᠢᠨ ᠵᠠᠩ ᠳᠠᠳᠬᠠᠯ ᠢ ᠴᠢᠷᠮᠠᠶᠢᠨ | ᠬᠤᠪᠢᠷᠠᠭᠤᠯᠵᠤ᠂ ᠭᠠᠯ ᠤᠨ ᠠᠶᠤᠯ ᠤᠨ ᠳᠠᠯᠳᠠ ᠭᠡᠮ ᠢ ᠪᠠᠭᠠᠰᠬᠠᠨ᠎ᠠ᠃ | | | ᠯᠢ ᠶᠢᠩ ᠴᠢᠬᠤᠯᠠᠴᠢᠯᠠᠭᠰᠠᠨ ᠨᠢ᠂ 3 ᠰᠠᠷ᠎ᠠ ᠶᠢᠨ 30 ᠤ ᠡᠳᠦᠷ ᠤᠨ ᠰᠧᠴᠤᠸᠠᠨ ᠤ ᠰᠢᠴᠠᠩ ᠤᠨ ᠣᠶ ᠰᠢᠭᠤᠶ ᠶᠢᠨ | ᠭᠠᠯ ᠤᠨ ᠠᠶᠤᠯ ᠠᠴᠠ ᠪᠣᠯᠵᠣ ᠪᠡᠶ᠎ᠡ ᠦᠷᠡᠭᠳᠡᠭᠰᠡᠨ 19 ᠭᠠᠯ ᠰᠡᠷᠭᠡᠶᠢᠯᠡᠬᠦ ᠠᠵᠢᠯᠲᠠᠨ ᠤ ᠠᠳᠡᠯ ᠤᠨ ᠬᠠᠷᠠᠰᠠᠯᠲᠤ | ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠭᠠᠯ ᠤᠨᠲᠠᠷᠠᠭᠠᠬᠤ ᠮᠡᠳᠡᠯᠭᠡ᠂ ᠤᠷ᠎ᠠ ᠴᠢᠳᠠᠪᠤᠷᠢ ᠶᠢᠨ ᠤᠬᠠᠭᠤᠯᠭ᠎ᠠ | ᠪᠣᠯᠪᠠᠰᠤᠷᠠᠭᠤᠯᠤᠯ ᠢ ᠬᠢᠨᠠᠮᠠᠭᠠᠶ ᠰᠠᠶᠢᠲᠤᠷ ᠬᠢᠵᠦ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠶᠢ | ᠴᠢᠩᠭᠠᠳᠬᠠᠵᠤ᠂ ᠬᠠᠩᠰᠢ ᠶᠢᠨ ᠬᠤᠭᠤᠴᠠᠭᠠᠨ ᠳᠠᠬᠢ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠶ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ | ᠳᠠᠷᠤᠭ᠎ᠠ ᠸᠠᠩ ᠢᠦᠢ ᠸᠧᠢ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠸᠠᠩ ᠰᠢᠨ ᠴᠦᠨ᠂ | ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠰᠦᠩ ᠸᠧᠨ ᠬᠤᠢ ᠪᠠᠶᠢᠴᠠᠭᠠᠬᠤ | ᠠᠵᠢᠯᠯᠠᠭ᠎ᠠ ᠳᠤ ᠣᠷᠣᠯᠴᠠᠪᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |