ᠨᠡᠶᠢᠲᠡ ᠶᠢᠨ ᠠᠰᠠᠷᠠᠮᠵᠢ ᠶᠢᠨ ᠣᠢ ᠵᠢᠴᠢ ᠪᠠᠶᠢᠭᠠᠯᠢ ᠶᠢᠨ ᠤᠢ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ | ᠂ ᠣᠢ ᠰᠢᠭᠤᠶ ᠬᠠᠮᠠᠭᠠᠯᠠᠭᠴᠢ ᠶᠢᠨ ᠡᠩᠨᠡᠭᠡ ᠶᠢ ᠵᠢᠷᠤᠮᠵᠢᠭᠤᠯᠬᠤ ᠶᠢᠨ ᠲᠤᠯᠠᠲᠠ 5 ᠰᠠᠷ᠎ᠠ ᠶᠢᠨ 13 ᠤ ᠡᠳᠦᠷ — | 25 ᠤ ᠡᠳᠦᠷ ᠪᠣᠯᠲᠠᠯ᠎ᠠ ᠵᠦᠸᠧᠽᠢ ᠰᠢᠶᠠᠨ ᠪᠥᠬᠦ ᠰᠢᠶᠠᠨ ᠤ ᠡᠯ᠎ᠡ ᠰᠢᠶᠠᠩ ᠪᠠᠯᠭᠠᠰᠦᠨ ᠤ ᠣᠶ ᠬᠠᠮᠠᠭᠠᠯᠠᠭᠴᠢ ᠳᠤ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠪᠡ᠃ ᠡᠨᠡ ᠤᠳᠠᠭᠠᠨ ᠤ ᠤᠢ ᠰᠢᠭᠤᠶ ᠬᠠᠮᠠᠭᠠᠯᠠᠭᠴᠢ ᠶᠢᠨ | ᠪᠣᠯᠪᠠᠰᠤᠷᠠᠯ ᠤᠨ ᠬᠤᠷᠠᠯ ᠨᠢ ᠭᠤᠤᠯᠳᠠᠭᠤ ᠳᠣᠤᠷᠠᠬᠢ ᠬᠡᠳᠦᠨ ᠲᠠᠯ᠎ᠠ ᠶᠢᠨ ᠠᠭᠤᠯᠭ᠎ᠠ ᠲᠠᠢ ᠬᠤᠯᠪᠣᠭᠳᠠᠨ᠎ᠠ᠄ | ᠨᠢᠭᠡ ᠳᠤ ᠨᠠᠮ ᠪᠠ ᠤᠯᠤᠰ ᠤᠨ ᠬᠤᠯᠪᠣᠭᠳᠠᠯ ᠪᠦᠬᠦᠢ ᠤᠢ ᠰᠢᠭᠤᠶ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ | ᠰᠤᠷᠤᠯᠴᠠᠨ᠎ᠠ︔ ᠬᠤᠶᠠᠷ ᠲᠤ ᠤᠢ ᠮᠣᠳᠣ ᠶᠢ ᠳᠤᠷ᠎ᠠ ᠪᠠᠷ ᠢᠶᠠᠨ ᠣᠭᠲᠣᠯᠬᠤ ᠪᠠ ᠡᠪᠳᠡᠨ ᠰᠦᠢᠳᠬᠡᠬᠦ᠂ ᠤᠢ | ᠰᠢᠭᠤᠶ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠳᠠᠯᠳᠤᠨ ᠠᠪᠬᠤ ᠪᠠ ᠦᠨᠡᠮᠯᠡᠯ ᠤᠢᠭᠡᠢ ᠪᠠᠷ ᠡᠵᠡᠩᠨᠡᠨ | ᠪᠣᠯᠪᠠᠰᠤᠷᠠᠭᠤᠯᠬᠤ᠂ ᠤᠢ ᠰᠢᠭᠤᠢ ᠶᠢᠨ ᠭᠠᠵᠠᠷ ᠢ ᠳᠤᠷ᠎ᠠ ᠪᠠᠷ ᠢᠶᠠᠨ ᠡᠵᠡᠯᠡᠬᠦ᠂ ᠤᠢ ᠰᠢᠭᠤᠶ ᠶᠢ ᠡᠪᠳᠡᠵᠦ ᠠᠳᠡᠷ | ᠬᠠᠭᠠᠯᠪᠤᠷᠢᠯᠠᠬᠤ᠂ ᠬᠤᠪᠣᠷ ᠨᠠᠨᠳᠢᠨ ᠤᠢ ᠮᠣᠳᠣ ᠶᠢ ᠡᠪᠳᠡᠨ ᠰᠦᠢᠳᠬᠡᠬᠦ ᠵᠡᠷᠭᠡ ᠤᠢ ᠰᠢᠭᠤᠶ ᠶᠢᠨ ᠡᠬᠢ ᠪᠠᠶᠠᠯᠢᠭ ᠢ | ᠡᠪᠳᠡᠬᠦ ᠠᠵᠢᠯᠯᠠᠭ᠎ᠠ ᠶᠢ ᠬᠡᠷᠬᠢᠨ ᠬᠤᠷᠢᠭᠯᠠᠨ ᠵᠣᠭᠰᠣᠭᠠᠬᠤ︔ ᠭᠤᠷᠪᠠ ᠳᠤ ᠣᠢ ᠰᠢᠭᠤᠶ ᠶᠢᠨ ᠭᠠᠯ ᠰᠡᠷᠭᠡᠶᠢᠯᠡᠬᠦ᠂ | ᠭᠠᠯ ᠤᠨᠲᠠᠷᠠᠭᠠᠬᠤ ᠠᠵᠢᠯ ᠢ ᠬᠡᠷᠬᠢᠨ ᠬᠢᠬᠦ ᠲᠤᠬᠠᠶ ᠳᠡᠭᠡᠲᠦ ᠱᠠᠲᠤᠨ ᠤ ᠰᠠᠯᠠᠭ᠎ᠠ ᠮᠥᠴᠢᠷ ᠤᠨ ᠲᠣᠬᠢᠷᠠᠭᠤᠯᠤᠯᠲᠠ | ᠶᠣᠰᠣᠭᠠᠷ᠂ ᠨᠠᠷᠢᠨ ᠬᠢᠨᠠᠮᠠᠭᠠᠶ ᠲᠣᠭᠤᠷᠢᠨ ᠪᠠᠶᠢᠴᠠᠭᠠᠵᠤ᠂ ᠠᠯᠢᠪᠠ ᠬᠡᠭᠡᠷ᠎ᠡ ᠭᠠᠳᠠᠨ᠎ᠠ ᠬᠠᠤᠯᠢ ᠪᠤᠰᠤ ᠪᠠᠷ ᠭᠠᠯ | ᠬᠡᠷᠡᠭᠯᠡᠬᠦ ᠶᠢ ᠬᠤᠷᠢᠭᠯᠠᠨ ᠵᠣᠭᠰᠣᠭᠠᠵᠤ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ | ᠭᠠᠯ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠦᠯᠬᠦ ᠶᠢᠨ ᠬᠠᠮᠲᠤ ᠭᠠᠯ ᠤᠨ ᠠᠶᠤᠯ ᠤᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ︔ ᠳᠥᠷᠪᠡ ᠳᠤ ᠬᠡᠷᠬᠢᠨ ᠲᠣᠭᠤᠷᠢᠨ | ᠪᠠᠶᠢᠴᠠᠭᠠᠬᠤ ᠪᠥᠭᠡᠳ ᠬᠠᠮᠢᠶᠠᠷᠴᠤ ᠬᠠᠮᠠᠭᠠᠯᠠᠬᠤ ᠣᠷᠣᠨ ᠤ ᠳᠣᠲᠣᠷᠠᠬᠢ ᠣᠶ ᠰᠢᠭᠤᠶ ᠶᠢᠨ ᠡᠪᠡᠳᠴᠢᠨ | ᠬᠤᠷᠣᠬᠠᠶ ᠶᠢᠨ ᠬᠥᠨᠥᠭᠡᠯ ᠡᠭᠦᠰᠦᠭᠰᠡᠨ ᠪᠠᠶᠢᠳᠠᠯ ᠢ ᠮᠡᠳᠡᠭᠦᠯᠬᠦ︔ ᠵᠢᠷᠭᠤᠭ᠎ᠠ ᠳᠤ ᠤᠯᠤᠰ ᠪᠠ ᠮᠤᠵᠢ ᠶᠢᠨ ᠲᠡᠰ ᠤᠨ | ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠢ ᠳᠤᠷ᠎ᠠ ᠪᠠᠷ ᠢᠶᠠᠨ ᠲᠡᠭᠦᠵᠦ ᠮᠠᠯᠲᠠᠬᠤ ᠪᠠ | ᠳᠤᠷ᠎ᠠ ᠪᠠᠷ ᠢᠶᠠᠨ ᠳᠡᠪᠢᠰᠴᠦ ᠠᠩᠨᠠᠬᠤ ᠶᠠᠪᠤᠳᠠᠯ ᠢ ᠬᠡᠷᠬᠢᠨ ᠬᠤᠷᠢᠭᠯᠠᠨ ᠵᠣᠭᠰᠣᠭᠠᠬᠤ᠂ ᠬᠡᠷᠡᠭ ᠰᠢᠢᠳᠪᠦᠷᠢᠯᠡᠬᠦ | ᠪᠠᠶᠢᠭᠤᠯᠭ᠎ᠠ ᠶᠢ ᠬᠠᠮᠵᠢᠨ ᠤᠯᠤᠰ ᠤᠨ ᠪᠠ ᠮᠤᠵᠢ ᠶᠢᠨ ᠲᠡᠰ ᠤᠨ ᠭᠤᠤᠯᠳᠠᠯᠭ᠎ᠠ ᠲᠠᠢ ᠬᠠᠮᠠᠭᠠᠯᠠᠯᠲᠠ ᠶᠢ ᠡᠪᠳᠡᠭᠰᠡᠨ | ᠬᠡᠭᠡᠷ᠎ᠡ ᠶᠢᠨ ᠠᠮᠢᠲᠠᠨ ᠤᠷᠭᠤᠮᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ︔ ᠳᠣᠯᠤᠭ᠎ᠠ ᠳᠤ ᠠᠭᠤᠯᠠ ᠶᠢ | ᠪᠢᠲᠡᠭᠦᠮᠵᠢᠯᠡᠨ ᠣᠶᠢᠵᠢᠭᠤᠯᠬᠤ ᠣᠷᠣᠨ ᠢ ᠬᠡᠷᠬᠢᠨ ᠲᠣᠭᠤᠷᠢᠨ ᠪᠠᠶᠢᠴᠠᠭᠠᠵᠤ᠂ ᠬᠡᠭᠡᠷ᠎ᠡ ᠭᠠᠳᠠᠨ᠎ᠠ ᠮᠠᠯ | ᠬᠠᠷᠢᠭᠤᠯᠬᠤ ᠶᠢ ᠬᠤᠷᠢᠭᠯᠠᠨ ᠵᠣᠭᠰᠣᠭᠠᠬᠤ ᠪᠣᠶ᠃ | ᠡᠨᠡ ᠤᠳᠠᠭᠠᠨ ᠤ ᠪᠣᠯᠪᠠᠰᠤᠷᠠᠯ ᠤᠨ ᠬᠤᠷᠠᠯ ᠢᠶᠠᠷ ᠳᠠᠮᠵᠢᠭᠤᠯᠤᠨ᠂ ᠪᠦᠬᠦ ᠰᠢᠶᠠᠨ ᠤ ᠣᠶ ᠰᠢᠭᠤᠶ | ᠬᠠᠮᠠᠭᠠᠯᠠᠭᠴᠢᠳ ᠤᠨ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠤᠯᠠᠮ ᠨᠢᠭᠡ ᠠᠯᠬᠤᠮ | ᠳᠡᠭᠡᠭᠰᠢᠯᠡᠵᠦ᠂ ᠬᠠᠮᠢᠶᠠᠷᠤᠨ ᠬᠠᠮᠠᠭᠠᠯᠠᠬᠤ ᠥᠷᠲᠡᠭᠡ ᠪᠣᠯᠤᠨ ᠣᠶ ᠰᠢᠭᠤᠶ ᠬᠠᠮᠠᠭᠠᠯᠠᠭᠴᠢᠳ ᠳᠠᠷᠠᠭ᠎ᠠ ᠠᠯᠬᠤᠮ ᠤᠨ | ᠠᠵᠢᠯᠯᠠᠬᠤ ᠴᠢᠭᠯᠡᠯ ᠢᠶᠠᠨ ᠲᠣᠳᠣᠷᠬᠠᠶᠢᠯᠠᠵᠠᠶ᠃ 2020 ᠤᠨ ᠤ ᠨᠡᠶᠢᠲᠡ ᠶᠢᠨ ᠠᠰᠠᠷᠠᠮᠵᠢ ᠶᠢᠨ ᠣᠶ᠂ ᠪᠠᠶᠢᠭᠠᠯᠢ ᠶᠢᠨ | ᠣᠶ ᠰᠢᠭᠤᠶ ᠶᠢᠨ ᠡᠬᠢ ᠪᠠᠶᠠᠯᠢᠭ ᠢ ᠬᠠᠮᠢᠶᠠᠷᠴᠦ ᠬᠠᠮᠠᠭᠠᠯᠠᠬᠤ ᠳᠤ ᠰᠠᠭᠤᠷᠢ ᠲᠠᠯᠪᠢᠪᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |