ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠮᠠᠨ ᠤ ᠰᠢᠶᠠᠨ ᠳᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠤᠨ ᠠᠵᠢᠯᠯᠠᠭᠠᠨ ᠤ ᠪᠠᠶᠢᠳᠠᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-05-15
    5 ᠳ᠋ᠤᠭᠠᠷ ᠰᠠᠷ᠎ᠠ ᠶᠢᠨ 6 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ ᠪᠢᠨ ᠨᠠᠷ ᠮᠠᠨ ᠤ ᠰᠢᠶᠠᠨ ᠳᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃    ᠹᠸᠢ ᠳ᠋ᠦᠩ ᠪᠢᠨ ᠨᠠᠷ ᠮᠠᠨ ᠤ ᠰᠢᠶᠠᠨ ᠤ ᠹᠦ᠋ ᠺᠠᠩ ᠨᠡᠶᠢᠭᠡᠮ ᠲᠣᠭᠤᠷᠢᠭ ᠤᠨ ᠤᠷᠠᠨ ᠭᠠᠷ ᠤᠷᠠᠯᠠᠯ ᠤᠨ ᠭᠠᠵᠠᠷ ᠲᠤ ᠬᠦᠷᠴᠦ ᠶᠠᠳᠠᠭᠤ ᠶᠢ ᠲᠡᠳᠬᠦᠬᠦ ᠲᠠᠰᠤᠭ ᠤᠨ ᠡᠵᠡᠩᠨᠡᠯᠲᠡ ᠵᠢᠴᠢ ᠶᠠᠳᠠᠭᠤ ᠬᠥᠳᠡᠯᠮᠦᠷᠢ ᠬᠦᠴᠦᠨ ᠢ ᠰᠢᠩᠭᠡᠭᠡᠨ ᠠᠪᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠲᠠᠢ ᠲᠤᠬᠠᠶ ᠶᠢᠨ ᠲᠠᠯᠠᠪᠤᠷ ᠲᠤ ᠰᠠᠨᠠᠯ ᠰᠣᠯᠢᠯᠴᠠᠵᠠᠶ᠃ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠤᠨ ᠡᠵᠡᠩᠨᠡᠯᠲᠡ ᠶᠢᠨ ᠪᠠᠢᠳᠠᠯ ᠪᠠ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠬᠤᠳᠠᠯᠳᠤᠭᠠᠨ ᠤ ᠠᠵᠠ ᠲᠣᠬᠢᠶᠠᠯ  ᠢ ᠠᠳᠬᠤᠵᠤ᠂ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠢᠶᠠᠨ ᠠᠵᠤ ᠠᠬᠤᠶᠢᠯᠠᠯ ᠪᠣᠯᠤᠨ ᠶᠠᠳᠠᠭᠤ ᠬᠦᠴᠢᠷᠳᠡᠯᠲᠡᠶ ᠡᠷᠦᠬᠡ ᠬᠠᠮᠲᠤᠪᠠᠷ ᠠᠰᠢᠭ ᠬᠦᠷᠲᠡᠬᠦ ᠠᠵᠢᠯ ᠣᠯᠭᠤᠬᠤ ᠲᠠᠪᠴᠠᠩ ᠪᠣᠯᠭᠠᠬᠤ ᠶᠢ ᠬᠦᠰᠡᠵᠦ ᠪᠠᠶᠢᠨ᠎ᠠ᠃    ᠹᠸᠢ ᠳ᠋ᠦᠩ ᠪᠢᠨ ᠴᠢᠬᠤᠯᠠᠴᠢᠯᠠᠭᠰᠠᠨ ᠨᠢ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠨᠡᠭᠦᠵᠦ ᠭᠠᠷᠴᠤ ᠴᠢᠳᠠᠬᠤ᠂ ᠲᠣᠭᠲᠠᠭᠤᠨ ᠪᠠᠶᠢᠵᠤ ᠴᠢᠳᠠᠬᠤ᠂ ᠬᠥᠭᠵᠢᠵᠦ ᠴᠢᠳᠠᠬᠤ᠂ ᠪᠠᠶᠠᠵᠢᠵᠤ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠭᠠᠯᠵᠠᠯᠠᠯ ᠤᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠲᠣᠭᠲᠠᠭᠤᠨ ᠢᠶᠠᠷ ᠶᠠᠳᠠᠭᠤ ᠶᠢ ᠳᠠᠭᠠᠭᠤᠯᠬᠤ ᠦᠢᠯᠡᠳᠦᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠶᠠᠳᠠᠭᠤ ᠶᠢ ᠲᠡᠳᠬᠦᠬᠦ ᠤᠶᠢᠯᠡᠳᠪᠦᠷᠢ ᠶᠢᠨ ᠲᠠᠰᠤᠭ ᠨᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠢᠯ ᠣᠯᠭᠤᠯᠲᠠ ᠶᠢ ᠳᠠᠶᠢᠴᠢᠯᠠᠬᠤ ᠪᠠᠷ ᠬᠠᠷᠠᠯᠲᠠ ᠪᠣᠯᠭᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ ᠣᠯᠭᠤᠭᠰᠠᠨ ᠲᠤᠭ᠎ᠠ ᠬᠡᠮᠵᠢᠶ᠎ᠡ ᠪᠠᠷ ᠪᠠᠷᠢᠮᠵᠢᠶ᠎ᠠ ᠪᠣᠯᠭᠠᠵᠤ᠂ ᠣᠳᠣ ᠶᠢᠨ ᠪᠠᠶᠢᠭ᠎ᠠ ᠦᠢᠯᠡᠳᠪᠦᠷᠢᠯᠡᠯ ᠤᠨ ᠵᠠᠬᠢᠶᠠᠯᠠᠭ᠎ᠠ ᠶᠢᠨ ᠬᠠᠭᠤᠳᠠᠰᠤ ᠪᠠᠨ ᠴᠠᠭ ᠲᠠᠭᠠᠨ ᠪᠡᠶᠡᠯᠡᠭᠦᠯᠬᠦ  ᠶᠢᠨ ᠬᠠᠮᠲᠤ᠂ ᠲᠤᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠲᠤᠰ ᠭᠠᠵᠠᠷ ᠤᠨ ᠪᠣᠳᠠᠲᠤ  ᠪᠠᠶᠢᠳᠠᠯ ᠲᠠᠢ ᠨᠢ ᠨᠢᠭᠲᠠ ᠤᠶᠠᠯᠳᠤᠭᠤᠯᠤᠨ᠂ ᠰᠢᠨ᠎ᠡ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠨᠡᠭᠡᠭᠡᠵᠦ᠂ ᠰᠢᠨ᠎ᠡ ᠲᠤᠬᠠᠶᠢᠯᠠᠭᠰᠠᠨ ᠠᠵᠢᠯ ᠢ ᠥᠷᠭᠡᠳᠬᠡᠨ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠴᠢᠷᠮᠠᠶᠢᠵᠤ᠂ ᠠᠵᠤ ᠠᠬᠤᠶᠢᠯᠠᠯ ᠤᠨ ᠠᠰᠢᠭ ᠭᠥᠷᠳᠡᠬᠦ ᠪᠠ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠎ᠡ᠃         ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2