5 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ ᠵᠦᠸᠧᠽᠢ ᠱᠠᠨ ᠪᠠᠯᠭᠠᠰᠤᠨ ᠤ ᠱᠠᠨ ᠳ᠋ᠢᠩ ᠵᠠᠰᠠᠭ ᠵᠠᠬᠢᠷᠭᠠᠨ ᠤ | ᠲᠤᠰᠬᠤᠨ ᠳᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠪᠤᠲᠠᠲᠠᠢ | ᠪᠠᠶᠢᠴᠠᠭᠠᠨ ᠰᠤᠳᠤᠯᠵᠤ ᠰᠢᠪᠠᠳᠠᠨ ᠵᠢᠯᠣᠭᠤᠳᠪᠠ᠃ ᠲᠡᠷᠡ ᠴᠢᠬᠤᠯᠠᠴᠢᠯᠠᠭᠰᠠᠨ ᠨᠢ᠂ ᠶᠠᠳᠠᠭᠤ ᠶᠢ ᠲᠡᠳᠬᠦᠬᠦ ᠪᠠᠭ᠎ᠠ | ᠲᠣᠭᠠᠨ ᠤ ᠵᠢᠭᠡᠯᠡᠯᠭᠡ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ | ᠴᠢᠩᠬᠠᠳᠬᠠᠵᠤ᠂ ᠠᠵᠢᠯ ᠤᠨ ᠡᠷᠴᠢᠮ ᠢᠶᠠᠨ ᠴᠢᠩᠬᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠨ ᠬᠢᠵᠦ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ ᠶᠢᠨ ᠠᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠥᠷᠨᠢᠭᠦᠯᠬᠦ ᠶᠢ ᠲᠦᠯᠬᠢᠨ | ᠠᠬᠢᠭᠤᠯᠤᠨ᠎ᠠ᠃ | | ᠯᠢ ᠶᠢᠩ ᠰᠢᠶᠠᠨ ᠤ ᠳᠠᠷᠤᠭ᠎ᠠ ᠶᠠᠳᠠᠭᠤ ᠬᠦᠴᠢᠷᠳᠡᠯᠲᠡᠶ ᠡᠷᠦᠬᠡ ᠵᠠᠩ ᠶᠢᠨ ᠪᠦᠦ᠂ ᠱᠠᠩ ᠰᠾᠢ ᠸᠠ᠂ ᠶᠠᠨ ᠵᠢᠦ ᠸᠠ᠂ | ᠵᠧᠩ ᠹᠦ᠋ ᠬᠦᠶ᠂ ᠱᠢ ᠰᠠᠨ ᠪᠠᠨ ᠤ ᠭᠡᠷ ᠢᠶᠠᠷ ᠲᠣᠭᠤᠷᠢᠨ ᠦᠵᠡᠪᠡ᠃ ᠡᠷᠦᠬᠡ ᠪᠦᠷᠢ ᠳᠤ ᠲᠡᠷᠡ ᠴᠥᠮ ᠲᠠᠷᠢᠶᠠᠴᠢᠨ | ᠡᠷᠦᠬᠡ ᠶᠢᠨ ᠭᠡᠷ ᠪᠦᠯᠢ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ | ᠲᠦᠷᠦ ᠶᠢᠨ ᠪᠤᠳᠤᠯᠭ᠎ᠠ ᠶᠢ ᠤᠬᠠᠭᠤᠯᠤᠨ ᠲᠤᠤᠱᠯᠠᠭᠤᠯᠤᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠤᠯᠠᠨ ᠲᠦᠮᠡᠨ ᠤ | ᠵᠢᠭᠡᠯᠡᠯᠭᠡ ᠲᠠᠯᠪᠢᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠤᠶᠢᠯᠭᠠᠵᠤ᠂ ᠶᠠᠳᠠᠭᠤ ᠶᠢ ᠲᠡᠳᠬᠦᠬᠦ | ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠬᠦᠯᠢᠴᠡᠩᠭᠦᠢ ᠪᠠᠷ ᠲᠠᠶᠢᠯᠪᠤᠷᠢᠯᠠᠵᠤ᠂ ᠲᠣᠰᠬᠤᠨ ᠳᠤ ᠰᠠᠭᠤᠭ᠎ᠠ ᠠᠵᠢᠯ ᠤᠨ ᠭᠡᠰᠢᠭᠦᠳ ᠲᠠᠢ ᠬᠠᠮᠲᠦ ᠪᠠᠷ ᠶᠠᠳᠠᠭᠤ ᠶᠢ | ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠲᠦᠷᠭᠡᠳᠬᠡᠬᠦ ᠪᠤᠲᠠᠲᠠᠢ ᠠᠷᠭ᠎ᠠ ᠬᠡᠮᠵᠢᠶ᠎ᠡ ᠶᠢ | ᠰᠦᠪᠡᠭᠴᠢᠯᠡᠨ᠎ᠡ᠃ | | ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ 5 ᠰᠠᠷ᠎ᠠ ᠶᠢᠨ 12 ᠤᠨ | ᠡᠳᠦᠷ ᠤᠨ ᠦᠳᠡ ᠬᠤᠶᠢᠨ᠎ᠠ᠂ ᠯᠢ ᠶᠢᠩ ᠰᠢᠶᠠᠨ ᠤ ᠳᠠᠷᠤᠭ᠎ᠠ ᠳᠠᠷᠦ᠋ᠢᠬᠠᠨ ᠰᠢᠶᠠᠨ ᠤ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ᠂ ᠪᠠᠩᠬᠢ ᠶᠢᠨ ᠤᠶᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠪᠠᠩᠬᠢ᠂ | ᠰᠢᠤᠳᠠᠨ ᠤ ᠬᠠᠳᠠᠭᠠᠯᠠᠮᠵᠢ ᠶᠢᠨ ᠪᠠᠩᠬᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠮᠧᠩ ᠶᠢᠨ ᠲᠣᠰᠬᠤᠨ | ᠪᠠᠯᠭᠠᠰᠤᠨ ᠤ ᠪᠠᠩᠬᠢ ᠵᠡᠷᠭᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠪᠣᠯᠤᠨ ᠢᠲᠡᠭᠡᠮᠵᠢᠲᠦ ᠵᠢᠭᠡᠯᠡᠯᠭᠡ ᠶᠢᠨ | ᠲᠤᠬᠠᠶᠢᠯᠠᠭᠰᠠᠨ ᠠᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ ᠳ᠋ᠠ ᠢᠦᠶ ᠱᠤ ᠰᠢᠶᠠᠩ ᠤᠨ ᠯᠦ ᠼᠤᠤ ᠭᠧᠦ | ᠲᠣᠰᠬᠤᠨ ᠳᠤ ᠤᠴᠢᠨ ᠲᠤᠬᠠᠶ ᠶᠢᠨ ᠲᠠᠯᠠᠪᠠᠶ ᠳᠤ ᠪᠠᠶᠢᠴᠠᠭᠠᠨ᠂ ᠲᠥᠯᠥᠭᠡᠯᠡᠬᠦ ᠴᠢᠨᠠᠷᠲᠠᠶ ᠲᠠᠷᠢᠶᠠᠴᠢᠨ ᠡᠷᠦᠬᠡ ᠶᠢ | ᠰᠣᠩᠭᠤᠵᠤ ᠲᠤᠬᠠᠶ ᠶᠢᠨ ᠲᠠᠯᠠᠪᠠᠶ ᠶᠢᠨ ᠪᠣᠳᠠᠲᠤ ᠪᠠᠶᠢᠳᠠᠯ ᠢ ᠤᠶᠢᠯᠭᠠᠨ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠬᠦ᠂ | ᠲᠤᠬᠠᠶᠢᠯᠠᠭᠰᠠᠨ ᠠᠵᠢᠯ ᠤᠨ ᠴᠤᠪᠤᠷᠠᠯ ᠢ ᠳᠥᠭᠦᠮᠴᠢᠯᠡᠬᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠪᠣᠳᠠᠲᠠᠶ ᠠᠷᠭ᠎ᠠ ᠶᠢ ᠰᠤᠳᠤᠯᠵᠡᠢ᠃ | | ᠯᠢ ᠶᠢᠩ ᠰᠢᠶᠠᠨ ᠤ ᠳᠠᠷᠤᠭ᠎ᠠ ᠴᠢᠬᠤᠯᠠᠴᠢᠯᠠᠭᠰᠠᠨ ᠨᠢ᠂ ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠨᠢᠭᠡᠨᠲᠡ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ | ᠰᠢᠪᠲᠤᠯᠤᠯᠲᠠ ᠶᠢᠨ ᠱᠠᠲᠤᠨ ᠳᠤ ᠣᠷᠣᠵᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ | ᠠᠵᠢᠯ ᠨᠢ ᠶᠠᠳᠠᠭᠤ ᠬᠦᠴᠢᠷᠳᠡᠯᠲᠡᠢ ᠡᠷᠦᠬᠡ ᠶᠢᠨ ᠴᠢᠰᠤ ᠪᠦᠲᠦᠭᠡᠬᠦ ᠴᠢᠳᠠᠮᠵᠢ ᠶᠢ ᠨᠡᠮᠡᠭᠳᠡᠭᠦᠯᠬᠦ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠪᠠᠶᠠᠵᠢᠨ ᠴᠢᠨᠡᠭᠡᠯᠢᠭᠵᠢᠬᠦ ᠠᠯᠬᠤᠴᠠ ᠶᠢ ᠲᠦᠷᠭᠡᠳᠬᠡᠬᠦ ᠴᠢᠬᠤᠯᠠ | ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ ᠡᠷᠬᠡᠪᠰᠢ ᠲᠡᠷᠡ ᠶᠣᠰᠣᠭᠠᠷ ᠨᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ | ᠣᠶᠢᠷ᠎ᠠ ᠳᠤ᠂ ᠳ᠋ᠦ᠋ ᠰᠢᠤᠸᠠᠢ ᠵᠢᠶᠦ᠋ᠨ ᠤ ᠱᠦᠵᠢ᠂ ᠰᠦ ᠾᠧ ᠬᠤᠲᠠ ᠶᠢᠨ ᠳᠡᠳ᠋ ᠳᠠᠷᠤᠭ᠎ᠠ ᠤᠷᠢᠳ ᠬᠤᠵᠢᠳ ᠬᠤᠷᠠᠯ | ᠬᠤᠷᠠᠯᠳᠤᠭᠤᠯᠵᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠲᠤᠰᠬᠠᠶ ᠰᠡᠳᠦᠪ ᠢᠶᠠᠷ ᠰᠤᠳᠤᠯᠤᠨ | ᠪᠠᠶᠢᠷᠢᠯᠠᠭᠤᠯᠪᠠ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠨᠠᠩ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ | ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠡᠢ᠃ | | ᠯᠢ ᠶᠢᠩ ᠰᠢᠶᠠᠨ ᠤ ᠳᠠᠷᠤᠭ᠎ᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ | ᠡᠭᠦᠳᠴᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ | ᠪᠤᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ᠶᠠᠳᠠᠭᠤ ᠶᠢ ᠲᠡᠳᠬᠦᠬᠦ ᠺᠠᠳ᠋ᠷ ᠪᠠ ᠶᠠᠳᠠᠭᠤ ᠬᠦᠴᠢᠷᠳᠡᠯᠲᠡᠶ ᠣᠯᠠᠨ ᠲᠦᠮᠡᠨ ᠤ | ᠮᠡᠳᠡᠬᠦ ᠨᠣᠷᠮ᠎ᠠ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ | ᠪᠦᠬᠦ ᠲᠠᠯ᠎ᠠ ᠪᠠᠷ ᠥᠷᠨᠢᠭᠦᠯᠵᠦ᠂ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠴᠢᠩᠭ᠎ᠠ ᠵᠢᠷᠤᠮᠯᠠᠵᠤ᠂ ᠵᠢᠭᠡᠯᠡᠯᠭᠡ ᠶᠢᠨ ᠬᠤᠭᠤᠴᠠᠭ᠎ᠠ | ᠤᠷᠲᠤᠳᠬᠠᠨ︾᠃ ᠵᠢᠭᠡᠯᠡᠯᠭᠡ ᠵᠢᠭᠡᠯᠡᠬᠦ ᠨᠥᠬᠦᠴᠡᠯ ᠨᠢ ︽ ᠦᠷᠭᠡᠳᠬᠡᠬᠦ ᠠᠴᠠ ᠪᠠᠭᠠᠰᠬᠠᠬᠤ ᠦᠭᠡᠢ︾ ᠢᠲᠡᠭᠡᠮᠵᠢᠲᠦ | ᠵᠢᠭᠡᠯᠡᠯᠭᠡ ᠶᠢᠨ ᠵᠠᠷᠴᠢᠮ ᠢᠶᠠᠷ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ᠂ ᠵᠢᠭᠡᠯᠡᠯᠭᠡ ᠵᠢᠭᠡᠯᠡᠬᠦ ᠬᠦᠰᠡᠯ ᠰᠠᠨᠠᠭ᠎ᠠ ᠲᠠᠢ ᠣᠯᠠᠨ | ᠲᠦᠮᠡᠨ ᠤ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠳᠤ ᠵᠢᠭᠡᠯᠡᠯᠭᠡ ᠲᠠᠯᠪᠢᠵᠤ ᠪᠤᠯᠬᠤ ᠳᠤ ᠴᠥᠮ ᠵᠢᠭᠡᠯᠡᠯᠭᠡ | ᠲᠠᠯᠪᠢᠵᠤ ᠪᠣᠯᠤᠨ᠎ᠠ᠃ ᠡᠯ᠎ᠡ ᠰᠢᠶᠠᠩ ᠪᠠᠯᠭᠠᠰᠤᠨ ᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠵᠢᠯ ᠤᠨ | ᠲᠤᠰᠬᠠᠢ ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠢᠯ ᠤᠨ ᠵᠣᠯᠭᠠᠯᠲᠠ ᠶᠢ ᠴᠢᠩᠭᠠᠳᠬᠠᠵᠤ᠂ | ᠲᠤᠬᠠᠶᠢᠯᠠᠭᠰᠠᠨ ᠠᠵᠢᠯ ᠤᠨ ᠴᠤᠪᠤᠷᠠᠯ ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠵᠦ᠂ ᠵᠢᠭᠡᠯᠡᠯᠭᠡ | ᠲᠠᠯᠪᠢᠬᠤ ᠶᠢ ᠬᠢᠵᠠᠭᠠᠷᠯᠠᠬᠤ ︽ᠨᠠᠵᠠᠭᠠᠶ ᠲᠠᠯ᠎ᠠ ᠶᠢᠨ ᠨᠠᠷᠢᠨ ᠳᠠᠩᠰᠠ︾ ᠶᠢ ᠵᠢᠭᠰᠠᠭᠠᠵᠤ᠂ ᠶᠠᠳᠠᠭᠤ ᠬᠦᠴᠢᠷᠳᠡᠯᠲᠡᠶ ᠣᠯᠠᠨ | ᠲᠦᠮᠡᠨ ᠤ ᠠᠵᠤ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠴᠦ᠂ ᠶᠠᠳᠠᠭᠤ ᠶᠢ ᠲᠡᠳᠬᠦᠬᠦ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠵᠢᠭᠡᠯᠡᠯᠭᠡ ᠣᠯᠭᠤᠬᠤ᠂ ᠰᠠᠶᠢᠲᠤᠷ ᠬᠡᠷᠡᠭᠯᠡᠬᠦ᠂ ᠬᠤᠷᠢᠶᠠᠨ | ᠠᠪᠴᠤ ᠳᠡᠢᠯᠬᠦ ᠶᠢ ᠦᠨᠡᠨᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ | ᠪᠠᠬᠢᠵᠢᠭᠦᠯᠦᠨ ᠳᠡᠭᠡᠭᠰᠢᠯᠡᠭᠦᠯᠦᠨ᠎ᠡ᠃ | | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ | ᠳᠠᠷᠤᠭ᠎ᠠ ᠸᠠᠩ ᠢᠦᠢ ᠸᠧᠢ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |