2020 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020-05-19
ᠵᠠᠰᠠᠭ ᠤᠨ ᠣᠷᠳᠣᠨ ᠤ ᠠᠵᠢᠯ ᠤᠨ ᠢᠯᠡᠳᠬᠡᠯ— 2020 ᠣᠨ ᠤ 5 ᠳ᠋ᠤᠭᠠᠷ ᠰᠠᠷ᠎ᠠ ᠶᠢᠨ 8 ᠤ ᠡᠳᠦᠷ ᠵᠦᠧᠧᠽᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠤᠭᠡᠷ ᠤᠳᠠᠭᠠᠨ ᠤ ᠬᠤᠷᠠᠯᠳᠤᠭᠠᠨ ᠳᠡᠭᠡᠷ᠎ᠡᠰᠢᠶᠠᠨ ᠤ ᠳᠠᠷᠤᠭ᠎ᠠ ᠯᠢ ᠶᠢᠩᠲᠥᠯᠥᠭᠡᠯᠡᠭᠴᠢᠳ ᠡ᠄    ᠡᠳᠦᠭᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ᠨᠢᠭᠡ᠂ 2019 ᠣᠨ ᠤ ᠠᠵᠢᠯ ᠤᠨ ᠲᠤᠬᠠᠢ ᠡᠷᠭᠢᠴᠡᠭᠦᠯᠦᠯ    2019 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠮᠦᠨᠴᠦ ᠮᠠᠨ ᠤ ᠰᠢᠶᠠᠨ ᠤ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠬᠤ ᠵᠢᠯ ᠮᠥᠨ᠃ ᠨᠢᠭᠡ ᠵᠢᠯ ᠤᠨ ᠲᠤᠷᠰᠢ᠂ ᠪᠥᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ  ᠶᠢᠰᠦᠳᠤᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠣ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ ᠴᠢᠩᠭ᠎ᠠ ᠲᠦᠰᠢᠭᠯᠡᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠦᠷᠭᠦᠯᠵᠢᠯᠡᠨ ᠳᠡᠭᠡᠭᠰᠢᠯᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠪᠠ᠃ 2019 ᠣᠨ ᠤ ᠡᠴᠦᠰ ᠪᠣᠯᠲᠠᠯ᠎ᠠ᠂ ᠪᠥᠬᠦ ᠰᠢᠶᠠᠨ ᠤ ᠭᠠᠵᠠᠷ ᠣᠷᠣᠨ ᠤ ᠤᠶᠢᠯᠡᠳᠪᠦᠷᠢᠯᠡᠯ ᠤᠨ ᠶᠡᠷᠦᠩᠬᠡᠶ ᠥᠷᠲᠡᠭ ᠢ 50.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ  ᠤᠶᠢᠯᠡᠳᠪᠦᠷᠢ ᠶᠢᠨ ᠤᠶᠢᠯᠡᠳᠪᠦᠷᠢᠯᠡᠯ ᠤᠨ ᠶᠡᠷᠦᠩᠬᠡᠶ ᠥᠷᠲᠡᠭ ᠢ 38.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 1.44 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 12.33 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢ 22.01 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠲᠠ ᠪᠠᠯᠭᠠᠰᠤᠨ  ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠲᠠᠷᠢᠶᠠᠴᠢᠳ ᠤᠨ ᠬᠥᠮᠦᠨ ᠳᠤᠮᠳᠠᠴᠢ ᠴᠡᠪᠡᠷ ᠣᠷᠣᠯᠭ᠎ᠠ ᠶᠢ ᠲᠣᠰ ᠲᠣᠰ 32309 ᠲᠥᠭᠦᠷᠢᠭ ᠪᠠ 12101 ᠲᠥᠭᠦᠷᠢᠭ ᠲᠤ ᠬᠦᠷᠭᠡᠵᠦ᠂ 6.5% ᠪᠠ 11.2% ᠨᠡᠮᠡᠭᠳᠡᠪᠡ᠃ᠨᠢᠭᠡ ᠵᠢᠯ ᠤᠨ ᠲᠤᠷᠰᠢ᠂ ᠪᠢᠳᠡ ᠬᠠᠲᠠᠭᠤ ᠰᠢᠷᠦᠭᠦᠨ ᠪᠠᠶᠢᠯᠳᠤᠭᠠᠨ ᠬᠢᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠭ᠎ᠠ ᠶᠢᠨ ᠠᠬᠢᠴᠠ ᠲᠠᠢ ᠪᠣᠯᠪᠠ    ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ᠳᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ  ᠬᠡᠷᠡᠭᠵᠢᠭᠦᠯᠵᠦ  ᠪᠠᠶᠢᠭᠠᠳ ᠥᠷᠢ ᠥᠭᠴᠡᠭᠡ ᠶᠢ ᠡᠮᠬᠢ ᠵᠢᠷᠤᠮ ᠲᠠᠢ ᠪᠠᠷ ᠰᠢᠢᠳᠪᠦᠷᠢᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ 6.4 ᠳ᠋ᠦᠩᠰᠢᠭᠤᠷ ᠲᠥᠭᠦᠷᠢᠭ ᠲᠥᠯᠥᠵᠦ᠂ ᠬᠠᠷᠠᠯᠲᠠ ᠡᠭᠦᠷᠭᠡ ᠶᠢᠨ 308% ᠶᠢ ᠪᠡᠶᠡᠯᠡᠭᠦᠯᠪᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠪᠦᠬᠦ ᠵᠢᠯ ᠳᠤ ᠡᠩ ᠤᠨ ᠡᠳ᠋ ᠤᠨ ᠵᠠᠰᠠᠭ ᠤᠨ ᠵᠠᠷᠤᠯᠭ᠎ᠠ ᠶᠢ 5982 ᠲᠦᠮᠡᠨ ᠲᠥᠭᠦᠷᠢᠭ ᠪᠠᠭᠠᠰᠬᠠᠪᠠ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂  ᠬᠠᠤᠯᠢ ᠪᠤᠰᠤ ᠪᠠᠷ ᠪᠠᠯᠠ ᠴᠤᠭᠯᠠᠭᠤᠯᠬᠤ᠂ ᠥᠨᠳᠥᠷ ᠬᠦᠤ ᠲᠠᠢ ᠵᠢᠭᠡᠯᠡᠯᠭᠡ ᠲᠠᠯᠪᠢᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂  ᠠᠯᠪᠠᠨ ᠲᠤᠰᠢᠶᠠᠯᠲᠠᠨ ᠤ ᠡᠷᠡᠭᠦᠯ ᠪᠤᠰᠤ ᠵᠢᠭᠡᠯᠡᠯᠭᠡ ᠶᠢ ᠢᠯᠭᠠᠷᠠᠭᠤᠯᠤᠨ ᠴᠡᠭᠴᠡᠯᠡᠬᠦ ᠠᠵᠢᠯ ᠢ ᠭᠦᠨᠵᠡᠭᠡᠶ ᠠᠬᠢᠭᠤᠯᠵᠤ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠪᠠ᠃    ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠬᠥᠮᠦᠨ ᠢ ᠶᠠᠳᠠᠭᠤ ᠠᠴᠠ ᠠᠩᠭᠢᠵᠢᠷᠠᠭᠤᠯᠬᠤ᠂ ᠲᠣᠰᠬᠤᠨ ᠠᠴᠠ ᠵᠢᠭᠰᠠᠭᠠᠯ ᠠᠴᠠ ᠭᠠᠷᠭᠠᠬᠤ᠂ ᠰᠢᠶᠠᠨ ᠢ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠴᠢᠩᠭ᠎ᠠ ᠠᠩᠬᠠᠷᠴᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠲᠠᠢ ᠤᠶᠠᠯᠳᠤᠭᠤᠯᠤᠨ᠂ ᠪᠦᠬᠦ ᠵᠢᠯ ᠳᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ 6.71 ᠳ᠋ᠦᠩᠰᠢᠭᠤᠷ ᠳᠦᠭᠦᠷᠢᠭ ᠣᠷᠣᠭᠤᠯᠵᠤ᠂ 2800 ᠡᠷᠦᠬᠡ ᠶᠢᠨ 5707 ᠬᠥᠮᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯ ᠡᠭᠦᠰᠬᠦ ᠨᠣᠷᠮ᠎ᠠ ᠶᠢ 0.265% ᠪᠣᠯᠭᠠᠨ ᠪᠠᠭᠤᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠶ  ᠣᠭᠲᠣᠵᠣ᠂ ︽ᠶᠠᠳᠠᠭᠤ ᠬᠦᠴᠢᠷᠳᠡᠯ ᠤᠨ ᠮᠠᠯᠠᠭᠠᠶ︾ ᠶᠢ ᠠᠪᠴᠤ ᠬᠠᠶᠠᠭᠠᠳ᠂ ᠤᠯᠤᠰ ᠤᠨ ᠲᠠᠰ ᠤᠨ ᠶᠠᠳᠠᠭᠤ ᠬᠦᠴᠢᠷᠳᠡᠯᠲᠠᠢ ᠰᠢᠶᠠᠨ ᠤ ᠡᠩᠨᠡᠭᠡ ᠠᠴᠠ ᠵᠢᠩᠬᠢᠨᠢ ᠪᠠᠷ ᠤᠬᠤᠷᠢᠨ ᠭᠠᠷᠪᠠ᠃ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠶᠢ ᠲᠣᠪᠦ᠋ᠮ᠎ᠠ ᠰᠠᠶᠢᠲᠤᠷ ᠠᠳᠬᠤᠨ᠎ᠠ᠃ ︽ᠲᠣᠪᠶᠤᠭ ᠤᠨ ᠬᠡᠯᠪᠡᠷᠢ︾ ᠶᠢᠨ ᠠᠵᠤ ᠦᠢᠯᠡᠰ ᠤᠨ ᠶᠠᠳᠠᠭᠤ ᠶᠢ ᠲᠡᠳᠬᠦᠬᠦ ᠨᠥᠬᠦᠪᠥᠷᠢ ᠶᠢᠨ ᠪᠡᠯᠡ ᠮᠥᠩᠭᠦ ᠶᠢ 616 ᠲᠦᠮᠡᠨ ᠲᠥᠭᠦᠷᠢᠭ ᠲᠠᠷᠬᠠᠭᠠᠵᠤ᠂ 2622 ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠮᠤᠷᠪᠠ᠃ ᠨᠢᠭᠡ ᠪᠦᠯᠦᠭ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠰᠠᠶᠢᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠭᠠᠭᠤᠯᠬᠤ ᠴᠢᠳᠠᠪᠤᠷᠢ ᠪᠠᠷ ᠴᠢᠩᠭ᠎ᠠ᠂ ᠨᠥᠯᠥᠭᠡᠯᠡᠬᠦ  ᠤᠶᠢᠯᠡᠳᠤᠯ ᠢᠶᠠᠷ ᠶᠡᠭᠡ᠂ ᠶᠠᠳᠠᠭᠤ ᠶᠢ ᠲᠡᠳᠬᠦᠬᠦ ᠠᠰᠢᠭ ᠣᠯᠵᠠᠪᠦᠷᠢ ᠨᠢ ᠲᠣᠭᠲᠠᠭᠤᠨ ᠪᠠᠶᠢᠬᠤ ᠨᠡᠯᠢᠶᠡᠳ ᠶᠡᠭᠡ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠠᠯᠲᠠᠨ ᠲᠠᠬᠢᠶ᠎ᠠ ᠶᠠᠳᠠᠭᠤ ᠶᠢ ᠲᠡᠳᠬᠦᠬᠦ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠭᠤᠯᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠡᠳ᠋ᠰᠢᠭᠦᠯᠬᠦ ᠲᠥᠷᠥᠯ ᠵᠦᠢᠯ ᠢ ᠡᠬᠢᠯᠡᠭᠦᠯᠦᠨ ᠠᠵᠢᠯᠯᠠᠭᠤᠯᠵᠤ᠂ 64 ᠲᠣᠰᠬᠤᠨ ᠤ ᠱᠠᠲᠤᠨ ᠤ ᠬᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢ ᠪᠦᠬᠦᠨ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ 377 ᠡᠷᠦᠬᠡ ᠳᠠᠩᠰᠠᠯᠠᠨ ᠺᠠᠷᠲᠠᠯᠠᠭᠰᠠᠨ ᠲᠠᠢ ᠶᠠᠳᠠᠭᠤ ᠬᠦᠴᠢᠷᠳᠡᠯᠲᠡᠶ ᠣᠯᠠᠨ ᠲᠦᠮᠡᠨ ᠤ 1360.4 ᠲᠦᠮᠡᠨ ᠲᠥᠭᠦᠷᠢᠭ ᠤᠨ ᠮᠦᠩᠭᠦᠨ ᠭᠦᠢᠯᠡᠭᠡᠭᠡᠨ ᠢᠶᠠᠷ ᠶᠠᠳᠠᠭᠤ ᠶᠢ ᠲᠡᠳᠬᠦᠬᠦ ᠵᠢᠭᠡᠯᠡᠯᠭᠡ ᠶᠢ ᠭᠥᠷᠳᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠶ ᠬᠥᠭᠵᠢᠭᠡᠪᠡ᠃ ︽ᠭᠤᠷᠪᠠ ᠶᠢ ᠪᠠᠲᠤᠯᠠᠬᠤ︾ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠪᠡ᠃ 2373 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 2818 ᠡᠷᠦᠬᠡ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠢ ᠪᠡᠶᠡᠯᠡᠭᠦᠯᠵᠦ᠂ 4731 ᠨᠡᠷ᠎ᠡ ᠣᠯᠠᠨ ᠲᠦᠮᠡᠨ ᠠᠭᠤᠯᠠᠨ ᠲᠤᠰᠬᠤᠨ ᠠᠴᠠ ᠨᠡᠭᠦᠨ ᠭᠠᠷᠴᠤ ᠰᠢᠨ᠎ᠡ ᠣᠷᠣᠨ ᠰᠠᠭᠤᠴᠠ ᠳᠤ ᠨᠡᠭᠦᠨ ᠣᠷᠣᠪᠠ᠃ 15304 ᠶᠠᠳᠠᠭᠤ ᠬᠦᠴᠢᠷᠳᠡᠯᠲᠡᠶ ᠣᠯᠠᠨ ᠲᠦᠮᠡᠨ ᠰᠦᠢᠳᠬᠡᠯ ᠬᠤᠷᠢᠶᠠᠬᠤ ᠥᠬᠡᠶ ᠡᠷᠡᠭᠦᠯ ᠮᠡᠨᠳᠦ ᠶᠢᠨ ᠪᠡᠶ᠎ᠡ ᠶᠢᠨ  ᠪᠠᠶᠢᠴᠠᠭᠠᠯᠲᠠ ᠬᠢᠵᠦ᠂ 5432 ᠤᠳᠠᠭᠠᠨ ᠴᠢᠨᠠᠷᠲᠠᠶ ᠡᠪᠡᠳᠴᠢᠲᠡᠨ ᠡᠮᠨᠡᠯᠭᠡ ᠳᠤ ᠬᠦᠷᠭᠡᠵᠦ ᠡᠮ ᠨᠠᠶᠢᠷᠠᠭᠤᠯᠬᠤ  ᠤᠶᠢᠯᠡᠴᠢᠯᠡᠭᠡ ᠶᠢ ᠭᠥᠷᠳᠡᠪᠡ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠰᠤᠷᠭᠠᠭᠤᠯᠢ ᠶᠢᠨ ᠪᠠᠷᠢᠮᠵᠢᠶᠠᠵᠢᠭᠰᠠᠨ ᠨᠣᠷᠮ᠎ᠠ ᠶᠢ 100% ᠳᠤ ᠬᠦᠷᠭᠡᠨ᠎ᠡ᠃ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠲᠤ 1891 ᠬᠥᠮᠦᠨ ᠤᠳᠠᠭ᠎ᠠ ᠶᠢᠨ ᠰᠤᠷᠭᠠᠨ ᠬᠥᠮᠦᠵᠢᠯ ᠤᠨ ᠲᠤᠰᠠᠯᠠᠮᠵᠢ ᠶᠢ ᠬᠡᠷᠡᠭᠵᠢᠭᠦᠯᠵᠦ᠂ 451 ᠲᠦᠮᠡᠨ ᠲᠥᠭᠦᠷᠢᠭ ᠤᠨ ᠨᠥᠬᠦᠪᠥᠷᠢ ᠲᠠᠷᠬᠠᠭᠠᠪᠠ᠃ ᠨᠡᠶᠢᠭᠡᠮ ᠤᠨ ᠬᠢᠨ ᠤ ᠶᠠᠳᠠᠭᠤ ᠶᠢ ᠲᠡᠳᠬᠦᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠮᠤᠵᠢ ᠠᠯᠤᠰᠯᠠᠨ ᠠᠷᠠᠯᠵᠢᠶᠠᠯᠠᠵᠤ ᠰᠢᠯᠵᠢᠭᠦᠯᠦᠨ ᠭᠠᠷᠭᠠᠬᠤ 240 ᠮᠥ  ᠬᠦᠢᠴᠡᠳᠬᠡᠯ ᠲᠤᠭ᠎ᠠ ᠶᠢ ᠪᠡᠶᠡᠯᠡᠭᠦᠯᠵᠦ᠂ 7200 ᠲᠦᠮᠡᠨ ᠲᠥᠭᠦᠷᠢᠭ ᠤᠨ ᠠᠰᠢᠭ ᠣᠷᠣᠯᠭ᠎ᠠ ᠶᠢ ᠶᠠᠳᠠᠭᠤ ᠶᠢ ᠲᠡᠳᠬᠦᠬᠦ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠡᠷᠡᠭᠯᠡᠨ᠎ᠡ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠪᠡᠯᠡ ᠮᠥᠩᠭᠦ 7491 ᠲᠦᠮᠡᠨ ᠲᠥᠭᠦᠷᠢᠭ᠂ ᠳᠤᠮᠳᠠᠳᠤ ᠤᠯᠤᠰ  ᠶᠢᠨ ᠳᠠᠯᠠᠢ ᠶᠢᠨ ᠲᠣᠰᠣ ᠬᠠᠪᠰᠤᠷᠤᠨ ᠲᠡᠳᠬᠦᠬᠦ ᠪᠡᠯᠡ ᠮᠥᠩᠭᠦ 826 ᠲᠦᠮᠡᠨ ᠲᠥᠭᠦᠷᠢᠭ ᠣᠯᠵᠤ᠂ ᠲᠡᠳᠬᠦᠨ ᠳᠡᠮᠵᠢᠬᠦ ᠲᠥᠷᠥᠯ ᠵᠦᠢᠯ 29 ᠶᠢ ᠬᠡᠷᠡᠭᠵᠢᠭᠦᠯᠵᠦ᠂ ᠨᠡᠶᠢᠭᠡᠮ ᠤᠨ ᠬᠠᠪᠰᠤᠷᠤᠨ ᠲᠡᠳᠬᠦᠬᠦ  ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠡᠭᠦᠳᠪᠡ᠃   ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠰᠠᠶᠢᠵᠢᠷᠠᠪᠠ᠃ ᠣᠷᠴᠢᠨ ᠠᠬᠤᠶ ᠶᠢᠨ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠶᠡᠭᠡ ᠪᠠᠷ ᠲᠦᠯᠬᠢᠨ ᠠᠬᠢᠭᠤᠯᠵᠤ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ︽ᠡᠷᠭᠢᠵᠦ ᠬᠠᠷᠠᠬᠤ︾  ᠬᠠᠷᠢᠭᠤ ᠲᠤᠰᠬᠠᠭᠰᠠᠨ ᠠᠰᠠᠭᠤᠳᠠᠯ ᠢ ᠤᠳᠤ ᠶᠠᠭ ᠱᠠᠯᠠᠪᠳᠠᠨ ᠰᠢᠢᠳᠪᠦᠷᠢᠯᠡᠵᠦ ᠳᠠᠭᠤᠰᠬᠠᠭᠠᠳ ᠳ᠋ᠤᠭᠠᠷ ᠬᠠᠰᠦᠵᠤ ᠪᠠᠶᠢᠨ᠎ᠠ᠃ ᠬᠤᠶᠠᠳᠤᠭᠠᠷ ᠤᠳᠠᠭᠠᠨ ᠤ ᠪᠦᠬᠦ ᠤᠯᠤᠰ  ᠶᠢᠨ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠵᠤ ᠤᠶᠢᠯᠡᠳᠪᠦᠷᠢ ᠶᠢᠨ ᠠᠵᠤ ᠠᠬᠤᠶᠢᠯᠠᠯ ᠤᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠴᠢᠩᠭ᠎ᠠ ᠵᠢᠷᠤᠮᠵᠢᠭᠤᠯᠵᠤ᠂ ᠬᠤᠸᠠ ᠢ ᠵᠦᠸᠧᠽᠢ ᠢᠯᠴᠢ ᠶᠢᠨ ᠴᠠᠬᠢᠯᠭᠠᠨ 3᠂ 4 ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ  ᠭᠠᠳᠠᠭᠰᠢᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠰᠢᠶᠠᠨ ᠤ ᠬᠡᠪᠴᠢᠶᠡᠨ ᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠠᠭᠠᠷ ᠤᠨ ᠶᠠᠰᠤ ᠴᠢᠨᠠᠷ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ 93.6% ᠳᠤ ᠬᠥᠷᠪᠡ᠃ ᠤᠰᠤᠨ ᠤ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠤᠶᠢᠯᠡᠳᠪᠦᠷᠢ ᠶᠢᠨ ᠭᠤᠷᠪᠠᠳᠠᠬᠢ ᠡᠲᠡᠭᠡᠳ ᠤᠨ ᠡᠵᠡᠩᠨᠡᠯᠲᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠤᠶᠢᠯᠡᠳᠪᠦᠷᠢ ᠶᠢᠨ ︽ᠭᠤᠷᠪᠠᠨ ᠳᠣᠣᠷ᠎ᠠ︾  ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠣᠮᠧᠷ ᠬᠠᠰᠤᠬᠤ ᠰᠢᠯᠭᠠᠨ ᠠᠪᠬᠤ ᠠᠵᠢᠯ ᠢ ᠤᠷᠤᠭᠰᠢᠲᠠᠢ ᠪᠡᠶᠡᠯᠡᠭᠦᠯᠪᠡ᠃  ᠶᠡᠭᠡ ᠲᠦᠷᠭᠡᠨ ᠭᠤᠣᠯ ᠤᠨ ᠬᠡᠪᠲᠡᠭᠡ ᠪᠤᠷᠬᠠᠨ ᠤ ᠳᠣᠣᠷ᠎ᠠ ᠤᠯᠤᠰ ᠤᠨ ᠡᠵᠡᠮᠰᠢᠯ ᠤᠨ ᠣᠭᠲᠣᠯᠤᠭᠠᠰᠤ ᠵᠢᠴᠢ ᠪᠠ ᠢ ᠲᠠᠨ ᠤᠰᠤᠨ ᠰᠤᠷᠪᠤᠯᠵᠢ ᠶᠢᠨ ᠭᠠᠵᠠᠷ ᠳᠣᠣᠷᠠᠬᠢ ᠤᠰᠤᠨ ᠤ ᠴᠢᠨᠠᠷ ᠨᠢ ᠲᠤᠰ ᠲᠤᠰ ᠬᠤᠶᠠᠳᠤᠭᠠᠷ ᠲᠦᠷᠦᠯ ᠪᠠ ᠭᠤᠷᠪᠠᠳᠤᠭᠠᠷ ᠲᠦᠷᠦᠯ ᠤᠨ ᠪᠠᠷᠢᠮᠵᠢᠶ᠎ᠠ ᠳᠤ ᠬᠦᠷᠪᠡ᠃ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠵᠦᠸᠧᠽᠢ ᠱᠠᠨ ᠪᠠᠯᠭᠠᠰᠤ ᠶᠢᠨ ᠬᠡᠲᠦᠷᠡᠲᠡᠯ᠎ᠡ ᠮᠠᠯᠲᠠᠭᠰᠠᠨ ᠣᠷᠣᠨ ᠤ ᠬᠡᠪᠴᠢᠶᠡᠨ ᠳᠠᠬᠢ ᠤᠰᠤᠨ ᠤ ᠰᠤᠷᠪᠤᠯᠵᠢ ᠶᠢᠨ ᠭᠠᠵᠠᠷ ᠤᠨ ᠥᠪᠡᠷᠲᠡᠭᠡᠨ ᠪᠡᠯᠡᠳᠬᠡᠭᠰᠡᠨ ᠬᠤᠳᠳᠤᠭ ᠢ ᠪᠦᠬᠦᠨ ᠢ ᠪᠢᠲᠡᠭᠦᠮᠵᠢᠯᠡᠪᠡ᠃ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠠᠬᠢᠭᠤᠯᠵᠤ᠂ 17 ᠲᠣᠰᠣ  ᠨᠡᠮᠡᠭᠳᠡᠭᠦᠯᠬᠦ ᠥᠷᠲᠡᠭᠡᠨ ᠤ ᠭᠠᠵᠠᠷ ᠳᠣᠣᠷᠠᠬᠢ ᠲᠣᠰᠣᠨ ᠰᠠᠪᠠ ᠶᠢᠨ ᠨᠡᠪᠴᠢᠯᠲᠡ ᠶᠢ ᠰᠡᠷᠭᠡᠶᠢᠯᠡᠬᠦ ᠦᠭᠡᠷᠡᠴᠢᠯᠡᠯᠲᠡ ᠶᠢᠨ ᠢᠨᠵᠧᠨᠧᠷᠢᠩ ᠢ ᠪᠦᠬᠦᠨ ᠢ ᠪᠡᠶᠡᠯᠡᠭᠦᠯᠪᠡ᠃  ᠵᠦᠸᠧᠽᠢ᠂  ᠴᠢ  ᠰᠢᠶᠠ ᠶᠢᠨ ᠬᠤᠶᠠᠷ ᠪᠠᠯᠭᠠᠰᠤᠨ ᠤ ᠬᠤᠶᠠᠷ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠲᠦᠯᠬᠢᠨ ᠠᠬᠢᠭᠤᠯᠵᠤ᠂ ᠬᠢᠯᠢ ᠶᠢᠨ ᠳᠣᠲᠣᠷᠠᠬᠢ 4 ᠠᠭᠤᠷᠬᠠᠢ ᠶᠢᠨ ᠦᠢᠯᠡᠰ ᠤᠨ ᠡᠷᠬᠡ ᠶᠢ ᠬᠦᠴᠦᠨ ᠦᠭᠡᠢ ᠪᠣᠯᠭᠠᠬᠤ ᠵᠢᠴᠢ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠠᠵᠢᠯ ᠨᠢ ᠥᠪᠡᠷᠲᠡᠭᠡᠨ ᠵᠠᠰᠠᠬ  ᠣᠷᠣᠨ ᠤ ᠰᠢᠯᠭᠠᠨ ᠠᠪᠬᠤ ᠳᠤ ᠤᠷᠤᠭᠰᠢᠲᠠᠢ ᠬᠢᠷᠢ ᠲᠡᠩᠴᠡᠪᠡ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠠᠵᠢᠯ ᠢ ᠤᠷᠤᠭᠰᠢᠲᠠᠶ  ᠪᠡᠶᠡᠯᠡᠭᠦᠯᠪᠡ᠃ ᠬᠠᠤᠯᠢ ᠪᠤᠰᠤ ᠪᠠᠷ ᠴᠢᠯᠠᠭᠤ ᠭᠠᠷᠭᠠᠬᠤ᠂ ᠡᠯᠡᠰᠦ ᠮᠠᠯᠲᠠᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠠᠶᠢᠷ ᠴᠢᠯᠠᠭᠤᠨ ᠤ ᠡᠬᠢ ᠪᠠᠶᠠᠯᠢᠭ ᠢ ᠤᠯᠤᠰ  ᠶᠢᠨ ᠥᠮᠴᠢᠯᠡᠯᠲᠡ ᠪᠣᠯᠭᠠᠨ ᠡᠵᠡᠩᠨᠡᠬᠦ ᠶᠢ ᠪᠡᠶᠡᠯᠡᠭᠦᠯᠦᠨ᠎ᠡ᠃ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠪᠦᠬᠦ ᠵᠢᠯ ᠳᠤ 3.1 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ  ᠪᠡᠶᠡᠯᠡᠭᠦᠯᠵᠦ᠂ 7922 ᠮᠦ ᠠᠵᠤ ᠠᠬᠤᠢ ᠶᠢᠨ ᠤᠢ ᠶᠢ ᠲᠠᠷᠢᠪᠠ᠃ᠨᠢᠭᠡ ᠵᠢᠯ ᠤᠨ ᠲᠤᠷᠰᠢ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠦᠨᠡᠨ ᠢ ᠪᠠᠷᠢᠮᠲᠠᠯᠠᠨ ᠪᠣᠲᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ  ᠪᠠᠲᠤᠲᠠᠢ ᠠᠬᠢᠭᠤᠯᠪᠠ     ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠠᠪᠳᠠᠭᠤᠨ ᠢᠶᠠᠷ ᠠᠬᠢᠪᠠ᠃ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠲᠥᠮᠥᠰᠥ᠂ ᠨᠣᠬᠠᠶ ᠶᠢᠨ ᠬᠤᠰᠢᠭᠤ᠂ ᠥᠨᠳᠡᠭᠡᠨ ᠲᠠᠬᠢᠶ᠎ᠠ᠂ ᠭᠠᠭ᠋ᠠᠶ ᠪᠠᠷ ᠭᠤᠤᠯ ᠪᠣᠯᠭᠠᠭᠰᠠᠨ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠤᠶᠢᠯᠡᠰ ᠢ ᠦᠷᠭᠦᠯᠵᠢᠯᠡᠨ ᠤ ᠡᠬᠢᠵᠢᠭᠦᠯᠦᠨ ᠬᠥᠭᠵᠢᠭᠦᠯᠪᠡ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ᠂ ᠪᠦᠬᠦ ᠰᠢᠶᠠᠨ ᠤ ᠠᠮᠤ ᠪᠤᠳᠠᠭᠠᠨ ᠤ ᠶᠡᠷᠦᠩᠬᠡᠢ ᠤᠨᠠᠯᠲᠠ 1.23 ᠳ᠋ᠦᠩᠰᠢᠭᠤᠷ ᠵᠢᠩ ᠳᠤ ᠬᠦᠷᠴᠦ᠂ ᠠᠳᠠᠯᠢ  ᠬᠤᠭᠤᠴᠠᠭᠠᠨ ᠤ ᠬᠢ ᠠᠴᠠ 2.4% ᠨᠡᠮᠡᠭᠳᠡᠪᠡ᠃ ᠥᠨᠳᠡᠭᠡᠨ ᠲᠠᠬᠢᠶᠠᠨ ᠤ ᠲᠡᠵᠢᠭᠡᠨ ᠦᠷᠡᠵᠢᠭᠦᠯᠬᠦ ᠬᠡᠪᠴᠢᠶ᠎ᠡ ᠶᠢ 200 ᠲᠦᠮᠡ ᠳᠤ ᠬᠦᠷᠭᠡᠨ᠎ᠡ᠃ ᠮᠢᠬᠠᠨ ᠤ ᠭᠠᠷᠤᠯᠲᠠ 1.4 ᠲᠦᠮᠡᠨ ᠲᠣᠨ ᠳᠤ ᠬᠦᠷᠪᠡ᠃ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠡᠯ᠎ᠡ ᠲᠥᠷᠥᠯ ᠤᠨ ᠨᠥᠬᠦᠪᠥᠷᠢ ᠶᠢᠨ ᠪᠡᠯᠡ  ᠮᠦᠩᠭᠦ ᠶᠢ ᠨᠡᠶᠢᠲᠡ 5099.4 ᠲᠦᠮᠡᠨ ᠲᠥᠭᠦᠷᠢᠭ ᠲᠠᠷᠬᠠᠭᠠᠪᠠ᠃ ᠠᠮᠢᠲᠠᠨ ᠤ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠶᠢ ᠦᠷᠭᠦᠯᠵᠢᠯᠡᠨ  ᠴᠢᠩᠭᠠᠳᠬᠠᠵᠤ᠂ ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠢ  ᠪᠦᠲᠦᠮᠵᠢᠲᠠᠢ ᠰᠡᠷᠭᠡᠶᠢᠯᠡᠨ ᠬᠢᠵᠠᠭᠠᠷᠯᠠᠬᠤ ᠬᠡᠷᠡᠭᠲᠡᠶ᠃ ᠪᠦᠬᠦ ᠵᠢᠯ ᠳᠤ 32 ᠤᠳᠠᠭ᠎ᠠ ᠴᠠᠭ ᠠᠭᠤᠷ ᠤᠨ ᠠᠵᠢᠯ ᠢ ᠥᠷᠨᠢᠭᠦᠯᠵᠦ᠂ ᠬᠤᠷ᠎ᠠ ᠲᠤᠨᠳᠠᠰᠤᠨ ᠤ ᠬᠡᠮᠵᠢᠶ᠎ᠡ ᠨᠡᠶᠢᠲᠡ 406 ᠮᠢᠯᠢᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.5% ᠪᠠᠷ ᠨᠡᠮᠡᠭᠳᠡᠪᠡ᠃   ᠠᠵᠤ ᠤᠶᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠲᠦᠷᠭᠡᠪᠴᠢᠯᠡᠨ ᠬᠤᠪᠢᠷᠠᠭᠤᠯᠪᠠ᠃ ᠢ ᠳ᠋ᠦᠩ ᠳ᠋ᠦᠩ ᠰᠢᠩ ᠬᠢᠮᠢ ᠶᠢᠨ ᠠᠵᠤ ᠤᠶᠢᠯᠡᠳᠪᠦᠷᠢ ᠶᠢᠨ ᠴᠠᠬᠢᠯᠭᠠᠨ ᠴᠢᠯᠠᠭᠤᠨ ᠤ ᠤᠶᠢᠯᠡᠳᠪᠦᠷᠢ ᠶᠢᠨ ᠲᠠᠰᠤᠭ  ᠤᠨ  ᠤᠶᠢᠯᠡᠳᠪᠦᠷᠢᠯᠡᠯ ᠢᠶᠠᠨ ᠰᠡᠷᠭᠦᠭᠡᠵᠦ᠂ ᠳᠡᠯᠪᠡᠷᠡᠯᠲᠡ ᠶᠢᠨ ᠰᠢᠲᠠᠯᠲᠠ ᠳᠤ ᠡᠪᠳᠡᠭᠳᠡᠨ ᠰᠦᠢᠳᠦᠭᠰᠡᠨ  ᠲᠦᠬᠦᠭᠡᠷᠦᠮᠵᠢ ᠪᠠᠨ ᠰᠢᠨᠡᠳᠬᠡᠵᠦ ᠪᠠᠶᠢᠨ᠎ᠠ᠃ ᠰᠢᠩ ᠹᠧᠩ ᠯᠢᠲ᠋ᠢ ᠶᠢᠨ ᠪᠢᠯᠢᠭ ᠲᠦᠢᠯ ᠤᠨ ᠮᠠᠲ᠋ᠧᠷᠢᠶᠠᠯ ᠪᠠᠯ ᠴᠢᠯᠠᠭᠤᠨ ᠬᠢᠮᠢ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠤ ᠣᠷᠣᠵᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠪᠠᠨ ᠱᠠᠯᠠᠪᠳᠠᠭᠤᠯᠤᠨ ᠪᠠᠶᠢᠭᠤᠯᠵᠤ ᠪᠤᠶ᠃ ᠳᠤᠮᠳᠠ ᠪᠠᠷᠠᠭᠤᠨ ᠬᠡᠰᠡᠭ ᠤᠨ ᠮᠤᠯᠢᠪᠳᠧᠨ ᠤ ᠠᠭᠤᠷᠬᠠᠢ ᠶᠢᠨ 500 ᠲᠦᠮᠡᠨ ᠲᠣᠨ ᠤ ᠳᠠᠯᠳᠠ ᠬᠦᠴᠦᠨ ᠢ ᠠᠭᠤᠳᠠᠯᠵᠤ ᠡᠨᠧᠷᠺᠢ ᠶᠢ ᠥᠷᠭᠡᠳᠬᠡᠬᠦ ᠮᠡᠷᠭᠡᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠪᠡ᠃ ᠪᠥᠸᠧ ᠢ᠂ ᠴᠠᠩ ᠯᠦᠩ ᠵᠡᠷᠭᠡ ᠡᠨᠧᠷᠭᠢ ᠶᠡᠭᠡ ᠬᠤᠷᠣᠭᠳᠠᠭᠤᠯᠬᠤ ᠲᠡᠮᠦᠷ ᠤᠨ ᠬᠠᠶᠢᠯᠤᠰᠢ ᠶᠢᠨ 3 ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠢᠳᠡᠪᠬᠢᠲᠡᠢ ᠠᠬᠢᠭᠤᠯᠪᠠ᠃  ᠴᠢ ᠰᠢᠶᠠ ᠶᠢᠩ ᠤᠨ 2 × 35 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠲᠥᠷᠥᠯ ᠵᠦᠢᠯ ᠢ ᠬᠢᠨᠠᠨ ᠵᠦᠪᠰᠢᠶᠡᠷᠡᠭᠰᠡᠨ ᠴᠣᠬᠤᠯᠠᠪᠤᠷᠢ ᠣᠯᠪᠠ᠃ 2019 ᠣᠨ ᠳᠤ ᠂ ᠪᠥᠬᠦ ᠰᠢᠶᠠᠨ ᠢᠶᠠᠷ ᠢᠶᠠᠨ ᠬᠡᠪᠴᠢᠶᠡᠵᠢᠯ ᠠᠴᠠ ᠳᠡᠭᠡᠭᠰᠢᠬᠢ 12 ᠠᠵᠤ  ᠤᠶᠢᠯᠡᠳᠪᠦᠷᠢ ᠶᠢᠨ ᠠᠵᠤ  ᠠᠬᠤᠶᠢᠯᠠᠯ 38.2 ᠳ᠋ᠦᠩᠰᠢᠭᠤᠷ ᠲᠥᠭᠦᠷᠢᠭ ᠤᠨ ᠤᠶᠢᠯᠡᠳᠬᠦᠨ ᠤ ᠪᠥᠬᠦ ᠥᠷᠲᠡᠭ ᠢ ᠪᠡᠶᠡᠯᠡᠭᠦᠯᠪᠡ᠃    ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠡᠯᠧᠺᠲᠷᠣᠨ ᠬᠤᠳᠠᠯᠳᠤᠭ᠎ᠠ᠂ ᠵᠢᠭᠤᠯᠴᠢᠯᠠᠯ᠂ ᠮᠥᠩᠭᠦᠨ  ᠭ᠊ ᠭᠦᠢᠯᠭᠡᠭᠡ᠂ ᠪᠠᠷᠠᠭᠠᠨ ᠤ ᠭᠦᠢᠯᠭᠡᠭᠡ ᠵᠡᠷᠭᠡ ᠡᠯ᠎ᠡ ᠲᠦᠷᠦᠯ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠡᠳᠦᠷ ᠢᠷᠡᠬᠦᠶ᠎ᠡ ᠬᠥᠭᠵᠢᠶᠡᠨᠲᠡᠶ ᠪᠤᠯᠵᠤ ᠪᠠᠶᠢᠨ᠎ᠠ᠃ ᠲᠠᠷᠢᠶᠠᠯᠠᠩ ᠤᠨ ᠣᠨᠴᠠ ᠭᠠᠷᠤᠯᠲᠠ ᠶᠢᠨ ᠡᠯᠧᠺᠲᠷᠣᠨ ᠬᠤᠳᠠᠯᠳᠤᠭᠠᠨ ᠤ ᠠᠵᠤ ᠤᠶᠢᠯᠡᠰ ᠤᠨ ᠬᠦᠷᠢᠶᠡᠯᠡᠩ ᠡᠵᠡᠩᠨᠡᠯᠲᠡ ᠲᠤ ᠣᠷᠣᠵᠤ᠂ 60% ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠳᠤ ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠤᠶᠢᠯᠡᠴᠢᠯᠡᠭᠡᠨ ᠤ ᠥᠷᠲᠡᠭᠡ ᠪᠠᠶᠢᠭᠤᠯᠪᠠ᠃ ᠪᠥᠬᠦ ᠤᠯᠤᠰ ᠤᠨ ᠠᠩᠬᠠᠳᠠᠭᠴᠢ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠣᠯᠠᠨ ᠨᠡᠶᠢᠲᠡ ᠶᠢᠨ ᠨᠡᠷᠡᠲᠦ ᠲᠡᠮᠳᠡᠭ ᠤᠨ ︽ᠵᠦᠸᠧᠽᠢ ᠠᠮᠲᠠᠲᠦ ᠢᠳᠡᠭᠡᠨ︾ ᠢ ᠪᠣᠶ ᠪᠣᠯᠭᠠᠵᠤ᠂ ᠵᠦᠸᠧᠽᠢ ᠤᠲᠤᠮᠠᠯ ᠲᠠᠬᠢᠶ᠎ᠠ᠂ ᠮᠤᠩ ᠬᠤᠸᠠ ᠬᠦᠢᠲᠡᠨ ᠲᠣᠰᠣ ᠰᠢᠬᠠᠬᠤ ᠵᠡᠷᠭᠡ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠶᠢ ᠦᠳᠲᠡᠷ ᠲᠦᠷᠭᠡᠨ ᠬᠥᠭᠵᠢᠭᠦᠯᠪᠡ᠃ ︽ᠠᠯᠲᠠᠨ ᠲᠠᠬᠢᠶ᠎ᠠ ᠶᠠᠳᠠᠭᠤ ᠶᠢ ᠲᠡᠳᠬᠦᠬᠦ︾ ᠲᠥᠷᠥᠯ ᠵᠦᠢᠯ ᠨᠢ ᠪᠥᠬᠦ ᠤᠯᠤᠰ ᠤᠨ ᠡᠯᠧᠺᠲᠷᠣᠨ ᠬᠤᠳᠠᠯᠳᠤᠭᠠᠨ ᠤ ᠨᠠᠷᠢᠯᠢᠭ  ᠤᠨᠤᠪᠴᠢᠲᠠᠢ ᠪᠠᠷ ᠶᠠᠳᠠᠭᠤ ᠶᠢ ᠲᠡᠳᠬᠦᠬᠦ 50 ᠰᠢᠯᠢᠳᠡᠭ ᠬᠡᠷᠡᠭ ᠤᠨ ᠵᠢᠱᠢᠶ᠎ᠡ ᠳᠤ ᠰᠣᠩᠭᠤᠭᠳᠠᠪᠠ᠃ ᠯᠢᠨ ᠬᠤᠤ ᠬᠠᠭᠤᠴᠢᠨ ᠴᠡᠶᠢᠵᠠ ᠲᠣᠮᠣ ᠮᠠᠯᠤᠷ ᠥᠲᠡᠭᠡ ᠶᠢᠨ ᠭᠤᠤᠯ ᠰᠡᠳᠦᠪᠲᠦ ᠴᠡᠴᠡᠷᠯᠢᠭ ᠲᠣᠭᠲᠠᠭᠰᠠᠨ ᠬᠤᠭᠤᠴᠠᠭᠠᠨ ᠳᠠᠭᠠᠨ ᠴᠡᠴᠡᠷᠯᠢᠭ ᠨᠡᠭᠡᠭᠡᠵᠦ᠂ ᠵᠢᠭᠤᠯᠴᠢᠯᠠᠯ ᠤᠨ ᠠᠵᠤ ᠤᠶᠢᠯᠡᠰ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠪᠠ᠃ ᠪᠦᠬᠦ ᠵᠢᠯ ᠳᠤ ᠳᠤᠮᠳᠠᠳᠤ ᠭᠠᠳᠠᠭᠠᠳᠤ ᠶᠢᠨ ᠵᠤᠭᠠᠴᠠᠭᠰᠠᠳ ᠢ 92.4 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 1.48 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15.7% ᠨᠡᠮᠡᠭᠳᠡᠪᠡ᠃ᠨᠢᠭᠡ ᠵᠢᠯ ᠤᠨ ᠲᠤᠷᠰᠢ᠂ ᠪᠢᠳᠡ ᠬᠠᠮᠵᠢᠯᠴᠠᠨ ᠬᠥᠭᠵᠢᠬᠦ᠂ ᠰᠢᠰᠲ᠋ᠧᠮᠵᠢᠭᠦᠯᠦᠨ ᠬᠤᠷᠠᠮᠳᠤᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠨᠵᠡᠭᠡᠶᠢᠷᠡᠭᠦᠯᠦᠨ ᠠᠬᠢᠭᠤᠯᠪᠠ    ᠪᠥᠬᠦ ᠵᠢᠯ ᠳᠤ ᠨᠡᠶᠢᠲᠡ 194 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠡᠬᠢᠯᠡᠭᠦᠯᠵᠦ᠂ 141 ᠵᠦᠢᠯ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ 72.7% ᠳᠤ ᠬᠥᠷᠪᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠪᠡ᠃ ᠥᠭᠡᠷᠡᠴᠢᠯᠡᠯᠲᠡ ᠳᠤ ᠬᠤᠯᠪᠣᠭᠳᠠᠬᠤ ᠰᠠᠯᠠᠭ᠎ᠠ ᠮᠥᠴᠢᠷ ᠤᠳ ᠫᠠᠶᠢᠰᠠ ᠡᠯᠭᠦᠬᠦ᠂ ᠠᠵᠢᠯᠲᠠᠨ ᠢ ᠰᠢᠯᠵᠢᠭᠦᠯᠦᠨ  ᠬᠠᠷᠢᠶᠠᠯᠠᠬᠤ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠪᠦᠬᠦᠨ ᠢ ᠪᠣᠳᠠᠲᠠᠶᠢᠵᠢᠭᠤᠯᠵᠤ᠂ ᠵᠠᠰᠠᠭ ᠤᠨ  ᠤᠷᠳᠤᠨ ᠤ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠨᠡᠩ ᠰᠢᠨᠵᠢᠯᠡᠬᠦ ᠤᠬᠠᠭᠠᠨᠴᠢ ᠂ ᠨᠡᠩ ᠥᠨᠳᠥᠷ ᠦᠷ᠎ᠡ ᠪᠦᠲᠦᠮᠵᠢᠲᠡᠶ ᠪᠣᠯᠭᠠᠨ᠎ᠠ᠃ ᠲᠠᠷᠢᠶᠠᠯᠠᠩ ᠬᠥᠳᠡᠭᠡ ᠲᠣᠰᠬᠤᠨ ᠤ ᠥᠭᠡᠷᠡᠴᠢᠯᠡᠯᠲᠡ ᠭᠦᠨᠵᠡᠭᠡᠶᠢᠷᠡᠨ ᠠᠬᠢᠪᠠ᠃ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠡᠳ᠋ ᠬᠥᠷᠥᠩᠭᠡ ᠪᠦᠷᠢᠳᠬᠡᠨ ᠬᠠᠷᠭᠤᠭᠤᠯᠬᠤ ᠪᠠ ᠪᠦᠷᠢᠯᠳᠦᠬᠦᠨ ᠤ ᠪᠡᠶ᠎ᠡ ᠭᠠᠷᠤᠯ ᠢ ᠨᠤᠲᠠᠯᠠᠬᠤ ᠠᠵᠢᠯ ᠢ ᠪᠦᠬᠦᠨ ᠢ ᠪᠡᠶᠡᠯᠡᠭᠦᠯᠵᠦ᠂ ᠰᠲ᠋ᠣᠺ ᠤᠨ ᠡᠷᠬᠡ ᠶᠢᠨ ᠲᠣᠬᠢᠷᠠᠭᠤᠯᠤᠯᠲᠠ ᠨᠢ 82.6% ᠠᠴᠠ ᠳᠡᠭᠡᠭᠰᠢᠬᠢ ᠵᠠᠰᠠᠭ ᠵᠠᠬᠢᠷᠭᠠᠨ ᠤ ᠭᠠᠴᠠᠭ᠎ᠠ ᠶᠢ ᠬᠠᠮᠤᠷᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠭᠦᠨᠵᠡᠭᠡᠶ ᠬᠡᠷᠡᠭᠵᠢᠭᠦᠯᠪᠡ᠃ ᠪᠥᠬᠦ ᠵᠢᠯ ᠳᠤ ᠨᠡᠶᠢᠲᠡ 5117.94 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠪᠠ᠃ ᠠᠯᠪᠠᠨ ᠤ ᠲᠡᠷᠭᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠲᠦᠷᠢᠶᠡᠰᠦᠯᠡᠬᠦ ᠲᠠᠪᠴᠠᠩ  ᠢ ᠪᠠᠶᠢᠭᠤᠯᠵᠤ ᠠᠰᠢᠭᠯᠠᠯᠲᠠ ᠳᠤ  ᠣᠷᠣᠭᠤᠯᠵᠤ᠂ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠵᠠᠷᠤᠳᠠᠯ ᠢ ᠠᠷᠪᠢᠯᠠᠭᠰᠠᠨ ᠨᠣᠷᠮ᠎ᠠ 6.7% ᠳᠤ ᠬᠦᠷᠪᠡ᠃ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠪᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ 356 ᠲᠥᠷᠦᠯ ᠵᠦᠢᠯ ᠢ ᠨᠡᠶᠢᠳᠡᠯᠡᠵᠦ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠤᠨ 534 ᠨᠠᠷᠢᠨ ᠳᠠᠩᠰᠠ ᠶᠢ ᠨᠠᠢᠷᠠᠭᠤᠯᠤᠨ ᠵᠣᠬᠢᠶᠠᠵᠤ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠭᠤᠷᠪᠠ ᠶᠢ ᠲᠥᠪᠯᠡᠷᠡᠭᠦᠯᠦᠨ᠂ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 23 ᠰᠠᠯᠠᠭ᠎ᠠ ᠮᠥᠴᠢᠷ 64 ᠴᠣᠩᠬᠤ ᠶᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠣᠷᠣᠭᠤᠯᠤᠨ ᠰᠠᠭᠤᠬᠤ ᠠᠵᠢᠯ ᠢᠶᠠᠨ ᠥᠷᠨᠢᠭᠦᠯᠪᠡ᠃ ᠬᠠᠮᠤᠭ ᠠᠷᠪᠢᠨ ᠳᠠᠭᠠᠨ ᠨᠢᠭᠡ ᠤᠳᠠᠭ᠎ᠠ ᠭᠦᠶᠦᠬᠦ ᠲᠣᠳᠣᠷᠬᠠᠶ ᠬᠠᠭᠤᠳᠠᠰᠤ ᠶᠢ 188 ᠵᠤᠷᠪᠤᠰ ᠡᠮᠬᠢᠯᠡᠨ ᠲᠢᠭᠯᠡᠵᠦ ᠂ 17.5 ᠲᠦᠮᠡᠨ ᠬᠤᠪᠢ ᠵᠠᠰᠠᠭ ᠵᠠᠬᠢᠷᠭᠠᠨ ᠤ ᠵᠥᠪᠰᠢᠶᠡᠷᠡᠯ ᠪᠠ  ᠤᠶᠢᠯᠡᠴᠢᠯᠡᠭᠡᠨ ᠤ ᠵᠦᠢᠯᠡᠰ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ ᠳᠠᠭᠤᠰᠬᠠᠨ᠂ ᠲᠤᠭ᠎ᠠ ᠪᠠᠷᠢᠮᠲᠠ ᠶᠢ ᠢᠯᠡᠭᠦᠤ ᠭᠦᠶᠦᠯᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠬᠦ ᠠᠵᠢᠯ ᠤᠨ ᠪᠠᠶᠢᠳᠠᠯ ᠢ ᠦᠨᠳᠦᠰᠦᠨ ᠳᠡᠭᠡᠨ ᠪᠤᠢ ᠪᠣᠯᠭᠠᠪᠠ᠃ᠨᠢᠭᠡ ᠵᠢᠯ ᠤᠨ ᠲᠤᠷᠰᠢ᠂ ᠪᠢᠳᠡ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠪᠦᠬᠦ ᠲᠠᠯ᠎ᠠ ᠪᠠᠷ ᠬᠥᠭᠵᠢᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠦᠷᠰᠦ ᠪᠠᠶᠢᠳᠠᠯ ᠢᠯᠡᠳᠲᠡ ᠳᠡᠭᠡᠭᠰᠢᠯᠡᠪᠡ    ᠬᠤᠲᠠ ᠪᠠᠯᠭᠠᠰᠤᠨ ᠤ ᠳᠦᠷᠰᠦ ᠪᠠᠶᠢᠳᠠᠯ ᠦᠷᠭᠦᠯᠵᠢᠯᠡᠨ ᠰᠢᠯᠢᠳᠡᠭᠵᠢᠪᠡ᠃ ᠠᠷᠠᠳ ᠤᠨ ᠠᠮᠢᠳᠤᠷᠠᠯ ᠤᠨ ᠴᠢᠬᠤᠯᠠ ᠪᠦᠬᠦᠢ ᠵᠠᠷᠤᠯᠭ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠳᠬᠡᠨ ᠨᠦᠬᠦᠪᠦᠷᠢᠯᠡᠵᠦ᠂ ᠬᠤᠲᠠ ᠶᠢᠨ ᠲᠣᠭᠤᠷᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠴᠢ ᠰᠢᠶᠠ ᠶᠢᠩ ᠪᠠᠯᠭᠠᠰᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠪᠠᠯᠭᠠᠰᠤᠨ ᠤ ᠲᠣᠭᠤᠷᠢᠭ ᠤᠨ ᠣᠯᠠᠨ ᠵᠢᠯ ᠤᠨ ᠲᠤᠷᠰᠢ ︽ᠪᠤᠵᠠᠷ ᠰᠠᠮᠠᠭᠤᠨ ᠮᠠᠭᠤ︾ ᠣᠷᠴᠢᠨ ᠲᠣᠭᠤᠷᠢᠨ ᠢ ᠲᠦᠢᠯᠪᠤᠷᠢᠲᠠᠢ ᠴᠡᠭᠴᠡᠯᠡᠨ ᠵᠠᠰᠠᠪᠠ᠃ ᠴᠡᠴᠡᠷᠯᠢᠭ ᠤᠨ ᠨᠣᠭᠤᠭᠠᠷᠠᠭᠤᠯᠤᠯᠲᠠ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠡᠷᠭᠡᠪᠡᠷ ᠠᠳᠬᠤᠵᠤ᠂ ᠤᠯᠤᠰ ᠶᠢᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠠᠮᠵᠢᠯᠲᠠ ᠲᠠᠢ ᠪᠠᠷ ᠫᠠᠶᠢᠰᠠ ᠡᠯᠭᠦᠪᠡ᠃    ᠬᠥᠳᠡᠭᠡ ᠲᠣᠰᠬᠤᠨ ᠤ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠭᠤᠷᠪᠠᠨ ᠵᠢᠯ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠡᠷᠦᠬᠡ ᠶᠢᠨ ︽ᠨᠤᠷᠠᠬᠤ  ᠠᠶᠤᠯᠲᠠᠢ ᠭᠡᠷ ᠪᠠᠶᠢᠰᠢᠩ ᠢ ᠲᠡᠭᠰᠢᠷᠡᠭᠦᠯᠬᠦ︾ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ 1595 ᠡᠷᠦᠬᠡ ᠶᠢᠨ 5423 ᠲᠠᠰᠤᠯᠭ᠎ᠠ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠨᠤᠷᠠᠭᠠᠪᠠ᠃ 1296 ᠵᠢᠵᠢᠭ ᠬᠤᠳᠳᠤᠭ ᠮᠠᠯᠲᠠᠵᠤ᠂ 56 ᠲᠦᠭᠡᠭᠡᠯ ᠤᠰᠤ ᠶᠢ ᠥᠭᠡᠷᠡᠴᠢᠯᠡᠵᠦ᠂ 180 ᠬᠤᠳᠳᠤᠭ ᠮᠠᠯᠲᠠᠵᠤ᠂ ᠪᠦᠬᠦ ᠰᠢᠶᠡᠨ ᠤ ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ 77 ᠺᠢᠯᠣᠮᠧᠲᠷ ᠪᠡᠶᠡᠯᠡᠭᠦᠯᠵᠦ᠂ 109  ᠵᠠᠰᠠᠭ ᠵᠠᠬᠢᠷᠭᠠᠨ ᠤ ᠲᠣᠰᠬᠤᠨ ᠤ ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠬᠦ ᠨᠣᠷᠮ᠎ᠠ 100% ᠳᠤ ᠬᠦᠷᠪᠡ᠃ ︽ᠵᠣᠷᠯᠣᠩ ᠤᠨ ᠬᠤᠪᠢᠰᠬᠠᠯ︾ ᠤᠨ ᠲᠤᠷᠰᠢᠯᠲᠠ ᠶᠢ ᠬᠡᠷᠡᠭᠵᠢᠭᠦᠯᠪᠡ᠃ 2 ᠲᠦᠮᠡ ᠭᠠᠷᠤᠶ ᠲᠣᠨ ᠬᠤᠭ ᠨᠣᠪᠰᠢ ᠶᠢ ᠴᠡᠪᠡᠷᠯᠡᠨ ᠲᠢᠭᠯᠡᠵᠦ᠂ 23 ᠵᠠᠰᠠᠭ ᠵᠠᠬᠢᠷᠭᠠᠨ ᠤ ᠲᠣᠰᠬᠤᠨ ᠳᠤ 46 ᠬᠤᠭ ᠨᠣᠪᠰᠢ ᠪᠤᠯᠠᠬᠤ ᠨᠦᠬᠡ ᠶᠢ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠶ  ᠰᠢᠢᠳᠪᠦᠷᠢᠯᠡᠪᠡ᠃ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠤ ᠲᠥᠯᠥᠭᠡ ᠵᠢᠳᠬᠦᠵᠦ᠂ ᠠᠷᠠᠳ ᠤᠨ ᠠᠮᠢᠳᠤᠷᠠᠯ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠪᠠ  ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠪᠠ᠃ ᠬᠥᠳᠡᠯᠮᠦᠷᠢ ᠠᠵᠢᠯ ᠣᠯᠭᠤᠯᠲᠠ ᠶᠢ ᠯᠠᠪᠳᠠᠭᠤᠨ ᠢᠶᠠᠷ ᠠᠬᠢᠭᠤᠯᠪᠠ᠃ ᠬᠤᠲᠠ ᠪᠠᠯᠭᠠᠰᠤᠨ ᠤ 644 ᠬᠥᠮᠦᠨ ᠳᠤ ᠰᠢᠨ᠎ᠡ ᠪᠠᠷ ᠠᠵᠢᠯ ᠣᠯᠭᠤᠵᠤ᠂ 3.79 ᠲᠦᠮᠡᠨ ᠮᠠᠯᠴᠢᠨ ᠲᠠᠷᠢᠶᠠᠴᠢᠨ ᠢ  ᠰᠢᠯᠵᠢᠭᠦᠯᠦᠨ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.2% ᠤᠨ ᠳᠣᠲᠣᠷ᠎ᠠ ᠬᠢᠵᠠᠭᠠᠷᠯᠠᠪᠠ᠃ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠢᠵᠢ ᠪᠦᠷᠢᠳᠦᠭᠦᠯᠬᠦ ᠥᠨᠳᠥᠷ ᠪᠠᠷᠢᠮᠵᠢᠶᠠᠲᠤ ᠰᠤᠷᠭᠠᠨ ᠬᠦᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ  ᠵᠦᠪᠰᠢᠶᠡᠷᠡᠯ ᠢ ᠣᠯᠵᠠᠶ᠃ ᠪᠡᠭᠡᠵᠢᠩ ᠤᠨ ᠴᠤᠤᠶᠠᠩ ᠲᠣᠭᠤᠷᠢᠭ ᠯᠤᠭ᠎ᠠ ᠰᠤᠷᠭᠠᠭᠤᠯᠢ ᠶᠢᠨ ᠵᠠᠬᠢᠷᠤᠯ᠂ ᠪᠠᠭᠰᠢ ᠬᠠᠷᠢᠯᠴᠠᠨ ᠲᠣᠮᠢᠯᠠᠬᠤ ᠰᠣᠯᠢᠯᠴᠠ ᠭᠠᠨ ᠤ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠬᠦᠴᠦᠲᠡᠢ ᠠᠬᠢᠭᠤᠯᠪᠠ᠃ ᠰᠣᠶᠣᠯ ᠤᠨ ᠤᠶᠢᠯᠡᠰ ᠡᠳᠦᠷ ᠢᠷᠡᠬᠦᠶ᠎ᠡ ᠴᠡᠴᠡᠭᠯᠡᠨ ᠬᠥᠭᠵᠢᠪᠡ᠃ ᠭᠤᠷᠪᠠᠳᠤᠭᠠᠷ ᠬᠤᠭᠤᠴᠠᠭᠠᠨ ᠤ ᠤᠲᠤᠮᠠᠯ ᠲᠠᠬᠢᠶᠠᠨ ᠤ ᠠᠮᠲᠠᠲᠤ ᠢᠳᠡᠭᠡᠨ ᠤ ᠵᠢᠭᠤᠯᠴᠢᠯᠠᠯ ᠤᠨ ᠰᠣᠶᠣᠯ ᠵᠢᠴᠢ ᠠᠷᠪᠠᠨ ᠬᠤᠶᠠᠳᠤᠭᠠᠷ ᠬᠤᠭᠤᠴᠠᠭᠠᠨ ᠤ ᠠᠭᠤᠳᠠᠮ ᠲᠠᠯᠠᠪᠠᠢ ᠶᠢᠨ ᠣᠯᠠᠨ ᠲᠦᠮᠡᠨ ᠤ ᠰᠣᠶᠣᠯ ᠤᠷᠠᠯᠢᠭ ᠤᠨ ᠠᠵᠢᠯᠯᠠᠭ᠎ᠠ᠂ ᠭᠤ‌‍ᠷᠪᠠᠳᠤᠭᠠᠷ ᠬᠤᠭᠤᠴᠠᠭᠠᠨ ᠤ ︽ᠶᠢᠰᠦᠨ  ᠨᠤᠭᠤᠯᠠᠭᠠᠲᠦ ᠡᠬᠡᠰᠢᠭᠯᠡᠯ︾ ᠵᠡᠷᠭᠡ ᠰᠢᠷᠢᠰ ᠰᠣᠶᠣᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠤᠯᠠᠭᠠᠨᠮᠥ᠋ᠴᠢᠷ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ 16 ᠣᠷᠣᠭᠤᠯᠤᠨ ᠠᠪᠴᠢᠷᠠᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ 102 ᠲᠠᠯᠠᠪᠤᠷ ᠤᠳᠠᠭ᠎ᠠ ᠥᠷᠨᠢᠭᠦᠯᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠢᠮᠠᠭᠲᠠ ᠰᠢᠨ᠎ᠡ ᠴᠠᠭ ᠦᠶ᠎ᠡ ᠶᠢᠨ ᠢᠳᠡᠪᠬᠢ ᠬᠦᠴᠦᠨ ᠢ ᠳᠠᠮᠵᠢᠭᠤᠯᠵᠤ ᠪᠠᠶᠢᠨ᠎ᠠ᠃  ᠡᠷᠡᠭᠦᠯ ᠮᠡᠨᠳᠦ ᠶᠢᠨ ᠤᠶᠢᠯᠡᠰ ᠡᠷᠡᠭᠦᠯ ᠢᠶᠠᠷ ᠬᠥᠭᠵᠢᠪᠡ᠃ ᠤᠳᠠᠭᠠᠨ ᠴᠢᠨᠠᠷᠲᠠᠶ ᠡᠪᠡᠳᠴᠢᠨ ᠢ ᠡᠮᠨᠡᠯᠭᠡ ᠳᠤ ᠬᠦᠷᠭᠡᠵᠦ ᠡᠮ ᠨᠠᠶᠢᠷᠠᠭᠤᠯᠬᠤ ᠳᠤ ᠡᠭᠦᠳᠡᠨ ᠳᠡᠭᠡᠷ᠎ᠡ ᠨᠢ  ᠤᠶᠢᠯᠡᠴᠢᠯᠡᠬᠦ᠂ ᠬᠦᠨᠳᠦ ᠡᠪᠡᠳᠴᠢᠨ ᠢ ᠡᠮᠨᠡᠯᠭᠡ ᠳᠤ ᠰᠠᠭᠤᠯᠭᠠᠬᠤ ᠳᠤ ︽ᠤᠷᠢᠳᠠᠪᠠᠷ ᠣᠨᠣᠰᠢᠯᠠᠨ ᠡᠮᠨᠡᠵᠦ᠂ ᠳᠠᠷᠠᠭ᠎ᠠ ᠨᠢ  ᠰᠦᠢᠳᠬᠡᠯ ᠲᠤᠰᠢᠶᠠᠬᠤ︾ ᠪᠠ ︽ᠨᠢᠭᠡ ᠯᠡ ᠥᠷᠲᠡᠭᠡᠨ ᠤ ᠬᠡᠯᠪᠡᠷᠢ︾ ᠶᠢᠨ ᠳ᠋ᠦᠩᠨᠡᠨ ᠪᠤᠳᠤᠬᠤ ᠳᠦᠷᠢᠮ ᠢ  ᠦᠷᠭᠦᠯᠵᠢᠯᠡᠨ ᠲᠦᠯᠬᠢᠨ ᠠᠬᠢᠭᠤᠯᠤᠨ᠎ᠠ᠃ 3 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ 25 ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ  ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠰᠢᠶᠠᠨ ᠤ 109 ᠵᠠᠰᠠᠭ ᠵᠠᠬᠢᠷᠭᠠᠨ ᠤ  ᠲᠤᠰᠬᠤᠨ ᠤ ᠡᠷᠡᠭᠦᠯ ᠬᠠᠮᠠᠭᠠᠯᠠᠯ ᠤᠨ ᠲᠠᠰᠤᠭ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠪᠡ᠃ ᠨᠡᠶᠢᠭᠡᠮ ᠤᠨ ᠪᠠᠲᠤᠯᠠᠭ᠎ᠠ ᠶᠢ ᠤᠯᠠᠮ ᠲᠡᠭᠦᠯᠳᠡᠷᠵᠢᠭᠦᠯᠪᠡ᠃ ᠡᠷᠦᠬᠡ ᠪᠠᠷ ᠪᠠᠲᠤᠯᠠᠭ᠎ᠠ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ᠂ ᠵᠡᠮᠳᠡᠭᠴᠦᠳ ᠤᠨ ᠨᠦᠬᠦᠪᠦᠷᠢ᠂ ᠥᠨᠳᠥᠷ ᠨᠠᠰᠤᠨ ᠤ ᠨᠥᠬᠦᠪᠥᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠣᠯᠭᠤᠨ᠎ᠠ᠃ ︽ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠨ ᠬᠠᠮᠠᠭᠠᠯᠠᠬᠤ︾ ᠪᠠ ︽ᠪᠠᠴᠢᠮ ᠪᠠ ᠬᠦᠴᠢᠷ ᠠᠴᠠ ᠠᠪᠤᠷᠠᠬᠤ︾ ᠠᠵᠢᠯᠯᠠᠭ᠎ᠠ ᠶᠢ ᠡᠬᠢᠯᠡᠨ ᠬᠡᠷᠡᠭᠵᠢᠭᠦᠯᠵᠦ᠂ ᠣᠷᠣᠯᠭ᠎ᠠ ᠪᠠᠭᠠᠲᠠᠶ ᠣᠨᠴᠠᠭᠠᠢ ᠬᠥᠮᠦᠰ ᠤᠨ ᠳᠠᠬᠢᠨ ᠶᠠᠳᠠᠭᠤᠷᠠᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃    ᠨᠡᠶᠢᠭᠡᠮ ᠤᠨ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠲᠥᠪ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠬᠦ ᠪᠠᠷ ᠲᠤᠰᠢᠶᠠᠭᠰᠠᠨ 31 ᠵᠦᠢᠯ ᠤᠨ ᠰᠦᠪᠡᠭᠴᠢ ᠶᠢ ᠪᠦᠬᠦᠨ ᠢ ᠬᠢᠨᠠᠨ ᠪᠠᠶᠢᠴᠠᠭᠠᠵᠤ ᠳᠠᠭᠤᠰᠬᠠᠭᠠᠳ᠂ 9 ᠤᠳᠠᠭᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠡᠷᠡᠭ ᠢ ᠤᠷᠤᠭᠰᠢᠲᠠᠶ ᠳᠡᠩᠨᠡᠨ ᠰᠢᠢᠳᠪᠦᠷᠢᠯᠡᠪᠡ᠃ ᠵᠤᠰᠠᠯᠠᠩ ᠪᠠᠶᠢᠭᠤᠯᠬᠤ ᠂ ︽ᠲᠠᠷᠢᠶᠠᠨ ᠭᠠᠵᠠᠷ ᠢ ᠨᠡᠷ᠎ᠡ ᠪᠤᠷᠤᠭᠤᠯᠠᠭᠰᠠᠨ ᠬᠡᠷ ᠪᠠᠶᠢᠰᠢᠩ︾᠂ ︽ᠣᠷᠣᠨ ᠰᠠᠭᠤᠴᠠ ᠮᠠᠶ᠋ᠢᠭ︾ ᠤᠨ ᠪᠤᠯᠠᠰᠢᠨ ᠭᠠᠵᠠᠷ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ  ᠲᠤᠰᠬᠠᠢ ᠪᠠᠶᠢᠴᠠᠭᠠᠨ ᠴᠡᠪᠡᠷᠯᠡᠵᠦ᠂ ᠬᠠᠤᠯᠢ ᠶᠣᠰᠣᠭᠠᠷ ᠭᠠᠵᠠᠷ ᠰᠢᠷᠣᠶ ᠬᠠᠮᠢᠶᠠᠷᠴᠤ ᠬᠡᠷᠡᠭᠯᠡᠬᠦ ᠦᠵᠡᠯ ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂  ᠪᠦᠬᠦ ᠵᠢᠯ ᠳᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ 218 ᠪᠦᠯᠦᠭ 1289 ᠬᠥᠮᠦᠨ ᠤᠳᠠᠭ᠎ᠠ ᠬᠦᠯᠢᠶᠡᠨ ᠠᠪᠴᠤ᠂ ᠲᠦᠷᠦᠭᠦᠤ ᠵᠢᠯ ᠤᠨ ᠬᠢ ᠠᠴᠠ ᠲᠤᠰ ᠲᠤᠰ 38% ᠪᠠ 49% ᠪᠠᠷ ᠪᠠᠭᠤᠷᠠᠪᠠ᠃ ︽ᠵᠠᠭᠤᠨ ᠡᠳᠦᠷ ᠤᠨ ᠣᠷᠭᠤᠳᠤᠤᠯ ᠬᠡᠷᠡᠭᠲᠡᠨ ᠢ ᠨᠡᠬᠡᠮᠵᠢᠯᠡᠬᠦ︾ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂  ᠰᠦᠯᠵᠢᠶᠡᠨ ᠳᠡᠭᠡᠷᠡᠬᠢ 29 ᠣᠷᠭᠤᠳᠤᠤᠯ ᠬᠡᠷᠡᠭᠲᠡᠨ ᠢ ᠪᠠᠷᠢᠵᠤ ᠠᠪᠴᠢᠷᠠᠪᠠ᠃ ᠢ ᠳ᠋ᠦᠩ ᠳ᠋ᠦᠩ ᠳ᠋ᠦᠩ ᠰᠢᠩ ᠬᠢᠮᠢ ᠶᠢᠨ ᠠᠵᠤ ᠤᠶᠢᠯᠡᠳᠪᠦᠷᠢ ᠶᠢᠨ ︽4 · 24︾ ᠤ ᠳᠡᠯᠪᠡᠷᠡᠯᠲᠡ ᠶᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ  ᠨᠠᠶᠢᠳᠠᠪᠦᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠨᠠᠩ  ᠪᠦᠷᠢᠨᠰᠢᠭᠦᠯᠪᠡ᠃    ᠬᠢᠨᠠᠨ ᠪᠣᠳᠣᠵᠤ ᠬᠢᠨᠠᠯᠲᠠ ᠲᠠᠯᠪᠢᠬᠤ᠂ ᠬᠠᠤᠯᠢ ᠶᠣᠰᠣᠭᠠᠷ ᠲᠤᠭ᠎ᠠ ᠪᠦᠷᠢᠳᠬᠡᠬᠦ᠂ ᠵᠠᠰᠠᠭ ᠤᠨ ᠶᠠᠪᠤᠳᠠᠯ ᠢ ᠰᠢᠮᠳᠠᠭᠤᠯᠤᠨ ᠪᠠᠶᠢᠴᠠᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠵᠤ  ᠤᠶᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠤᠳᠬ᠎ᠠ ᠤᠷᠠᠯᠢᠭ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠢᠲᠠᠨ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠦᠷᠭᠦᠯᠵᠢᠯᠡᠨ ᠴᠢᠩᠭᠠᠷᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠤᠬᠡ ᠣᠶᠢᠯᠠᠯᠭ᠎ᠠ᠂ ᠰᠢᠤᠳᠠᠨ ᠴᠢᠮᠡᠭᠡ ᠬᠤᠯᠪᠣᠭ᠎ᠠ᠂ ᠰᠣᠨᠢᠨ ᠮᠡᠳᠡᠭᠡ ᠷᠠᠳᠢᠣ᠋ ᠲᠧᠯᠸᠢᠰ᠂ ᠮᠥᠩᠭᠦᠨ  ᠭᠦᠢᠯᠭᠡᠭᠡᠨ ᠳᠠᠭᠠᠳᠬᠠᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠰᠢᠨ᠎ᠡ ᠠᠬᠢᠴᠠ ᠲᠠᠢ ᠪᠣᠯᠵᠤ᠂ ᠡᠮᠡᠭᠲᠡᠶᠢᠴᠦᠳ ᠬᠡᠤᠬᠡᠳ᠂ ᠨᠠᠰᠤᠲᠠᠶᠢᠴᠤᠳ ᠪᠣᠯᠤᠨ ᠵᠡᠮᠳᠡᠭᠴᠦᠳ ᠤᠨ ᠤᠶᠢᠯᠡᠰ ᠰᠢᠨ᠎ᠡ ᠳᠠᠪᠰᠢᠯᠲᠠ ᠲᠠᠢ ᠪᠣᠯᠪᠠ᠃ᠨᠢᠭᠡ ᠵᠢᠯ ᠤᠨ ᠲᠤᠷᠰᠢ᠂ ᠪᠢᠳᠡ ᠬᠠᠤᠯᠢ ᠶᠣᠰᠣᠭᠠᠷ ᠰᠢᠶᠠᠨ ᠢ ᠵᠠᠰᠠᠬᠤ᠂ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ    ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠤᠤᠯ ᠰᠡᠳᠦᠪᠲᠦ  ᠬᠦᠮᠦᠵᠢᠯ ᠤᠨ ᠪᠥᠬᠦ ᠶᠠᠪᠤᠴᠠ ᠳᠤ  ᠲᠤᠤᠱᠯᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠳᠤᠯᠠᠭᠠᠯᠠᠭ᠎ᠠ ᠬᠠᠩᠭᠠᠬᠤ᠂ ᠶᠠᠪᠤᠵᠤ ᠰᠠᠭᠤᠬᠤ ᠵᠡᠷᠭᠡ ᠨᠢᠭᠡ ᠪᠦᠯᠦᠭ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠲᠣᠬᠢᠲᠠᠶ ᠰᠢᠢᠳᠪᠦᠷᠢᠯᠡᠨ᠎ᠡ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠵᠠᠰᠠᠭ ᠤᠨ ᠣᠷᠳᠣᠨ ᠤ ᠠᠵᠢᠯ ᠤᠨ ᠭᠤᠤᠯᠳᠠᠯᠭ᠎ᠠ ᠠᠴᠠ ᠴᠢᠬᠤᠯᠠ  ᠵᠦᠢᠯ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ︾ ᠪᠠᠶᠢᠬᠤ  ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠭᠦᠢᠴᠡᠳᠬᠡᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠵᠢᠴᠢ ᠲᠡᠭᠦᠨ ᠤ ᠪᠦᠷᠢᠯᠳᠦᠬᠦᠨ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠲᠠᠷ ᠤᠨ ᠠᠵᠢᠯ ᠤᠨ ᠰᠤᠷᠲᠠᠯ ᠢ ᠢᠯᠡᠳᠲᠡ ᠬᠤᠪᠢᠷᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 45 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠂ 35 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠪᠦᠬᠦᠨ ᠢ ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠪᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠶᠢᠨ  ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠵᠠᠰᠠᠭ ᠤᠨ ᠣᠷᠳᠣᠨ ᠤ ᠬᠠᠤᠯᠢ  ᠴᠠᠭᠠᠵᠠ ᠶᠢᠨ ᠵᠥᠪᠯᠡᠭᠴᠢ ᠵᠡᠷᠭᠡ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ 1996  ᠵᠦᠢᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ᠂  ᠭᠠᠴᠠᠭᠠᠨ ᠤ ᠱᠠᠲᠤᠨ ᠤ ᠠᠷᠠᠳ ᠲᠤ ᠲᠦᠬᠦᠮ ᠦᠵᠡᠭᠦᠯᠬᠦ  ᠤᠶᠢᠯᠡᠴᠢᠯᠡᠭᠡᠨ ᠤ ᠣᠷᠣᠯᠠᠨ  ᠭᠦᠢᠴᠡᠳᠬᠡᠬᠦ ᠴᠡᠭ ᠢ 39  ᠪᠠᠶᠢᠭᠤᠯᠪᠠ᠃    ᠲᠥᠯᠥᠭᠡᠯᠡᠭᠴᠢᠳ ᠡ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤᠶ᠎ᠠ ᠪᠡᠷᠬᠡ ᠶᠤᠮ᠃ ᠥᠩᠭᠡᠷᠡᠭᠰᠡᠨ ᠨᠢᠭᠡ ᠵᠢᠯ ᠳᠤ᠂ ᠪᠠᠶᠢᠳᠠᠯ ᠬᠦᠴᠢᠷᠳᠡᠯ ᠤᠯᠠᠨ ᠤ ᠮᠡᠳᠡᠭᠡᠵᠢ ᠪᠠᠷ᠂ ᠥᠷᠢ ᠥᠭᠴᠡᠭᠡ ᠶᠢ ᠪᠠᠭᠠᠰᠬᠠᠵᠤ᠂ ᠬᠥᠭᠵᠢᠯᠲᠡ ᠶᠢ ᠡᠷᠢᠯᠬᠢᠯᠡᠬᠦ ᠶᠢᠨ ᠬᠦᠴᠢᠷᠳᠡᠯ ᠵᠢᠱᠢᠯᠲᠡ ᠠᠴᠠ ᠳᠠᠪᠠᠵᠤ᠂ ᠠᠷᠠᠳ ᠤᠨ ᠠᠮᠢᠳᠤᠷᠠᠯ ᠢ ᠪᠠᠲᠤᠯᠠᠬᠤ᠂ ᠬᠤᠷᠢᠭ᠎ᠠ ᠱᠤᠭᠤᠮ ᠢ ᠰᠠᠬᠢᠬᠤ ᠡᠭᠦᠷᠭᠡ ᠶᠢᠨ ᠬᠦᠨᠳᠦ ᠨᠢ ᠵᠢᠱᠢᠯᠲᠡ ᠠᠴᠠ ᠳᠠᠪᠠᠪᠠ᠃ ᠭᠡᠪᠡᠴᠦ ᠪᠠᠶᠢᠳᠠᠯ ᠬᠡᠴᠢᠨᠡᠨ ᠨᠠᠷᠢᠨ ᠪᠤᠳᠤᠯᠢᠶᠠᠨᠲᠠᠢ᠂ ᠡᠭᠦᠷᠭᠡ ᠬᠡᠳᠦᠢ ᠬᠠᠲᠠᠭᠤ ᠪᠡᠷᠬᠡ ᠪᠠᠶᠢᠭᠰᠠᠨ ᠴᠤ᠂ ᠪᠢᠳᠡ ᠨᠠᠮ ᠤᠨ ᠲᠥᠪ  ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ  ᠲᠤᠤᠱᠯᠠᠭᠤᠯᠤᠨ ᠨᠠᠶᠢᠳᠠᠪᠦᠷᠢᠵᠢᠭᠤᠯᠵᠤ᠂ ᠠᠷᠠᠳ ᠤᠯᠠᠨ ᠳᠤ ᠴᠢᠩᠭ᠎ᠠ ᠲᠦᠰᠢᠭᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠡᠷᠡᠯᠬᠡᠭᠯᠡᠨ ᠤᠷᠤᠭᠰᠢᠯᠠᠳᠠᠭ ᠯᠠ ᠶᠤᠮ ᠪᠣᠯ ᠳᠠᠪᠠᠵᠤ ᠳᠡᠶᠢᠯᠬᠦ ᠦᠭᠡᠢ ᠳᠠᠪᠠᠭ᠎ᠠ ᠭᠡᠵᠦ ᠪᠠᠶᠢᠬᠤ ᠦᠭᠡᠢ᠂ ᠰᠢᠢᠳᠪᠦᠷᠢᠯᠡᠵᠦ ᠳᠡᠶᠢᠯᠬᠦ ᠦᠭᠡᠢ ᠬᠦᠴᠢᠷ ᠠᠰᠠᠭᠤᠳᠠᠯ ᠭᠡᠵᠦ ᠪᠠᠶᠢᠬᠤ ᠦᠭᠡᠢ ᠭᠡᠳᠡᠭ ᠢ ᠪᠣᠳᠠᠲᠤ ᠬᠡᠷᠡᠭ ᠮᠠᠷᠭᠤᠰᠢ ᠦᠭᠡᠢ  ᠭᠡᠷᠡᠴᠢᠯᠡᠪᠡ᠃  ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ  ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠬᠦᠮ ᠪᠣᠯᠤᠨ ᠡᠯ᠎ᠡ ᠡᠲᠡᠭᠡᠳ ᠤᠨ ᠬᠥᠮᠦᠰ ᠵᠢᠴᠢ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ ᠵᠢᠴᠢ ᠭᠠᠷᠮᠠᠭᠠᠶ ᠬᠥᠭᠵᠢᠯᠲᠡ ᠳᠤ ᠣᠷᠣᠯᠴᠠᠭᠰᠠᠨ᠂ ᠬᠠᠯᠠᠮᠵᠢᠯᠠᠭᠰᠠᠨ᠂ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠶᠠᠳᠠᠭᠤ ᠠᠴᠠ ᠠᠩᠭᠢᠵᠢᠷᠠᠭᠤᠯᠬᠤ ᠶᠢᠨ ᠲᠥᠯᠥᠭᠡ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠭᠰᠠᠨ ᠥᠷᠭᠡᠨ ᠤᠯᠠᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ᠂ ᠥᠪᠡᠷᠲᠡᠭᠡᠨ ᠵᠠᠰᠠᠬᠤ ᠣᠷᠣᠨ ᠤ ᠰᠢᠶᠠᠨ ᠳᠤ ᠰᠠᠭᠤᠭ᠎ᠠ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠢ ᠠᠩᠬᠢ᠂ ᠬᠤᠳᠠ ᠶᠢᠨ ᠡᠯ᠎ᠡ ᠰᠢᠶᠠᠩ ᠪᠠᠯᠭᠠᠰᠦᠨ ᠳᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ᠂ ᠬᠠᠪᠰᠤᠷᠤᠯᠴᠠᠭ᠎ᠠ ᠪᠠᠶᠢᠭᠤᠯᠤᠨ ᠬᠠᠪᠰᠤᠷᠤᠨ ᠲᠡᠳᠬᠦᠭᠰᠡᠨ᠂ ᠴᠡᠭ ᠲᠣᠭᠲᠠᠭᠠᠨ ᠬᠠᠪᠰᠤᠷᠤᠨ ᠲᠡᠳᠬᠦᠭᠰᠡᠨ ᠪᠡᠭᠡᠵᠢᠩ ᠬᠤᠳᠠ ᠶᠢᠨ ᠴᠤᠤᠶᠠᠩ ᠲᠣᠭᠤᠷᠢᠭ᠂ ᠳᠤᠮᠳᠠᠳᠤ ᠤᠯᠤᠰ ᠤᠨ ᠳᠠᠯᠠᠢ ᠶᠢᠨ ᠲᠤᠰᠤᠨ ᠤ ᠺᠣᠮᠫᠠᠨᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠠ ᠬᠠᠶᠢᠷ᠎ᠠ ᠬᠠᠯᠠᠮᠵᠢ ᠶᠢᠨ ᠬᠥᠮᠦᠰ ᠲᠤ ᠬᠠᠮᠤᠭ ᠤᠨ ᠴᠢᠩ ᠰᠡᠳᠬᠢᠯ ᠤᠨ ᠬᠦᠨᠳᠦᠳᠬᠡᠯ ᠢᠶᠠᠨ ᠳᠡᠪᠰᠢᠭᠦᠯᠦᠶ᠎ᠡ︕    ᠲᠥᠯᠥᠭᠡᠯᠡᠭᠴᠢᠳ ᠡ᠂  ᠤᠷᠤᠰᠬᠠᠯ ᠳᠤᠮᠳᠠᠬᠢ ᠣᠩᠭᠤᠴᠠ ᠨᠠᠩ ᠪᠠᠴᠢᠮ᠂  ᠬᠠᠭᠠᠰ ᠠᠪᠠᠷᠢᠭᠰᠠᠨ ᠠᠭᠤᠯᠠᠨ ᠨᠠᠩ ᠡᠭᠴᠡ᠃ ᠠᠮᠵᠢᠯᠲᠠ ᠪᠦᠲᠦᠮᠵᠢ ᠤᠯᠬᠤ ᠶᠢᠨ ᠬᠠᠮᠲᠤ᠂ ᠪᠢᠳᠡ ᠪᠠᠰᠠ ᠪᠥᠬᠦ ᠰᠢᠶᠠᠨ ᠤ ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠯ᠎ᠠ᠄ ᠠᠵᠤ ᠠᠬᠤᠶ ᠪᠠᠭᠤᠷᠠᠬᠤ  ᠳᠠᠷᠤᠯᠲᠠ ᠬᠢᠵᠢᠭ ᠤᠨ ᠪᠠᠶᠢᠳᠠᠯ ᠤᠨ ᠨᠥᠯᠥᠭᠡ ᠶᠢ ᠭᠥᠷᠳᠡᠬᠦ ᠨᠢ ᠦᠷᠭᠦᠯᠵᠢᠯᠡᠨ ᠶᠡᠬᠡᠰᠴᠦ᠂ ᠪᠣᠳᠠᠲᠤ ᠴᠣᠭᠴᠠ ᠶᠢᠨ ᠠᠵᠤ ᠠᠬᠤᠶ ᠨᠢ ᠭᠠᠵᠠᠷ ᠰᠢᠷᠣᠶ᠂ ᠪᠠᠯᠠ ᠮᠥᠩᠭᠦ᠂ ᠴᠢᠳᠠᠪᠤᠷᠢᠲᠠᠨ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠠᠯᠢ ᠣᠯᠠᠨ ᠬᠦᠴᠦᠨ ᠵᠦᠢᠯ ᠳᠤ ᠬᠢᠵᠠᠭᠠᠷᠯᠠᠭᠳᠠᠵᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠴᠥᠭᠡᠨ ᠪᠤᠰᠤ ᠥᠷᠢᠰᠥᠯᠳᠦᠭᠡᠨ ᠲᠤᠯᠭᠠᠷᠠᠵᠤ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠦ᠋ᠮ᠎ᠠ ᠪᠠᠶᠢᠵᠤ᠂ ᠥᠷᠢ ᠥᠭᠴᠡᠭᠡ ᠶᠢ ᠲᠥᠯᠥᠬᠦ ᠵᠢᠴᠢ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠠᠲᠠᠭᠤ ᠵᠠᠷᠤᠯᠭ᠎ᠠ ᠶᠢᠨ ᠳᠠᠷᠤᠯᠲᠠ ᠮᠥᠨ  ᠨᠡᠯᠢᠶᠡᠳ ᠶᠡᠭᠡ ᠪᠠᠶᠢᠭᠰᠠᠭᠠᠷ︔ ᠠᠷᠠᠳ ᠤᠨ ᠠᠮᠢᠳᠤᠷᠠᠯ ᠤᠨ ᠥᠷᠢ ᠰᠢᠷᠢ ᠤᠯᠠᠨ ᠪᠠᠶᠢᠵᠤ᠂ ᠤᠯᠠᠨ ᠲᠦᠮᠡᠨ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠪᠠᠰᠠ ᠬᠠᠨᠤᠮᠵᠢ ᠦᠭᠡᠢ ᠭᠠᠵᠠᠷ ᠪᠠᠶᠢᠨ᠎ᠠ︔ ᠳᠤᠷ᠎ᠠ ᠪᠠᠷ ᠢᠶᠠᠨ ᠮᠠᠯᠲᠠᠵᠤ ᠬᠤᠯᠠᠭᠠᠶᠢᠯᠠᠨ ᠮᠠᠯᠲᠠᠬᠤ᠂ ᠣᠷᠴᠢᠨ ᠲᠣᠭᠤᠷᠢᠨ ᠢ ᠡᠪᠳᠡᠬᠦ ᠦᠵᠡᠭᠳᠡᠯ ᠪᠠᠰᠠ ᠪᠠᠶᠢᠨ ᠪᠠᠶᠢᠨ ᠭᠠᠷᠴᠤ ᠪᠠᠶᠢᠨ᠎ᠠ︔ ᠵᠠᠰᠠᠭ ᠤᠨ ᠣᠷᠳᠣᠨ ᠤ ᠠᠵᠢᠯᠲᠠᠨ ᠤ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠷᠢᠭᠤᠴᠠᠯᠭᠠᠲᠤ ᠤᠬᠠᠮᠰᠠᠷ᠂ ᠡᠭᠦ‌‍ᠷᠭᠡᠯᠡᠬᠦ ᠤᠬᠠᠮᠰᠠᠷ᠂  ᠤᠶᠢᠯᠡᠴᠢᠯᠡᠬᠦ ᠤᠬᠠᠮᠰᠠᠷ ᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠡᠭᠦᠨ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ  ᠰᠢᠢᠳᠪᠦᠷᠢᠯᠡᠬᠦ ᠬᠡᠷᠡᠭᠲᠡᠶ᠃ ᠬᠤᠶᠠᠷ᠂ 2020 ᠤᠨ ᠭᠤᠣᠯ ᠠᠵᠢᠯ    2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰᠬᠦ ᠵᠢᠯ ᠮᠥᠨ᠂ ᠪᠠᠰᠠ ᠴᠤ ᠨᠢᠭᠡᠳᠦᠭᠡᠷ ᠵᠠᠭᠤᠨ ᠵᠢᠯ ᠤᠨ ᠲᠡᠮᠡᠴᠡᠬᠦ  ᠬᠠᠷᠠᠯᠲᠠ ᠶᠢ ᠪᠡᠶᠡᠯᠡᠭᠦᠯᠬᠦ ᠶᠢᠨ ᠭᠡᠷᠡᠴᠢᠯᠡᠬᠦ ᠵᠢᠯ ᠮᠥᠨ᠃ ᠰᠢᠨ᠎ᠡ ᠵᠢᠯ ᠡᠬᠢᠯᠡᠮᠡᠭᠴᠡ᠂ ᠨᠢᠭᠡ ᠤᠳᠠᠭᠠᠨ ᠤ ᠭᠡᠨᠡᠳᠲᠡ ᠡᠭᠦᠰᠦᠭᠰᠡᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠳᠲᠡᠷ ᠲᠦᠷᠭᠡᠨ ᠪᠥᠬᠦ ᠤᠯᠤᠰ ᠲᠤ ᠳᠡᠯᠭᠡᠷᠡᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠴᠢᠩᠭ᠎ᠠ ᠰᠢᠯᠭᠠᠯᠲᠠ ᠳᠤ ᠤᠴᠠᠷᠠᠪᠠ᠃ ᠬᠢᠵᠢᠭ ᠤᠨ ᠪᠠᠶᠢᠳᠠᠯ ᠪᠣᠯ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠡᠮᠦᠨ᠎ᠡ ᠹᠷᠣᠨᠲ ᠲᠤ ᠪᠠᠲᠤ ᠰᠠᠬᠢᠵᠤ᠂ ᠪᠠᠭ᠎ᠠ ᠭᠡᠷ ᠢᠶᠠᠨ ᠬᠠᠶᠠᠵᠤ ᠤᠯᠠᠨ ᠤ ᠲᠥᠯᠥᠭᠡ ᠵᠢᠳᠬᠦᠵᠦ᠂ ᠪᠣᠳᠠᠲᠤ ᠠᠵᠢᠯᠯᠠᠭ᠎ᠠ ᠪᠠᠷ ᠢᠶᠠᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠡᠷᠡᠰ ᠪᠠᠲᠤ ᠲᠠᠩᠭᠠᠷᠢᠭ ᠢᠶᠠᠨ  ᠲᠠᠶᠢᠯᠪᠦᠷᠢᠯᠡᠵᠦ ᠪᠠᠶᠢᠨ᠎ᠠ︕ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠬᠤ ᠶᠢᠨ ᠬᠠᠮᠲᠤ ᠪᠢᠳᠡ ᠢᠲᠡᠭᠡᠯ ᠵᠣᠷᠢᠭ ᠢᠶᠠᠨ ᠪᠠᠲᠤᠳᠬᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠴᠢᠷᠮᠠᠶᠢᠨ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠪᠠ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠡᠪ ᠤᠨ ᠡᠮᠬᠢ ᠵᠢᠷᠤᠮ ᠢ ᠠᠯᠬᠤᠮ ᠠᠯᠬᠤᠮ ᠢᠶᠠᠷ ᠰᠡᠷᠭᠦᠭᠡᠪᠡ᠃    ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ  ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠤᠨ᠎ᠠ᠃ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ  ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠳᠤᠮᠳᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽13 · 5︾ ᠶᠢᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨᠬᠦ ᠪᠠᠲᠤᠯᠠᠨ᠎ᠠ᠃    ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠪᠡᠯ᠂ ᠡᠨᠡ ᠵᠢᠯ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠤᠶᠢᠯᠡᠳᠪᠦᠷᠢᠯᠡᠯ ᠤᠨ ᠪᠦᠬᠦ ᠦᠷᠲᠡᠭ ᠢ 6% ᠪᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4.5%  ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠳᠪᠦᠷᠢ ᠶᠢᠨ ᠨᠡᠮᠡᠭᠳᠡᠯ ᠥᠷᠲᠡᠭ ᠢ 16% ᠪᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 5% ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ ᠶᠢ 3.8% ᠪᠠᠷ  ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 8% ᠪᠠᠷ ᠨᠡᠮᠡᠭᠳᠡᠭᠦᠯᠦᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠪᠠ ᠡᠭᠦᠷᠭᠡ ᠶᠢᠨ ᠲᠣᠭᠤᠷᠢᠨ ᠳᠤ᠂ ᠡᠨᠡ ᠵᠢᠯ ᠪᠢᠳᠡ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ ︵ᠨᠢᠭᠡ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠣᠯᠤᠨ᠎ᠠ    ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠰᠡᠷᠭᠡᠶᠢᠯᠡᠨ ᠠᠷᠢᠯᠭᠠᠨ᠎ᠠ᠃ ᠰᠢᠨ᠎ᠡ ᠪᠠᠷ ᠨᠡᠮᠡᠭᠳᠡᠭᠰᠡᠨ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠥᠷᠢ ᠲᠠᠯᠪᠢᠬᠤ ᠬᠢᠭᠡᠳ ᠬᠥᠭᠵᠢᠭᠦᠯᠬᠦ᠂ ᠲᠣᠭᠲᠠᠭᠤᠨ ᠢᠶᠠᠷ ᠨᠡᠮᠡᠭᠳᠡᠭᠦᠯᠬᠦ ᠬᠢᠭᠡᠳ ᠲᠦᠭᠰᠢᠭᠦᠷᠢ ᠶᠢ ᠰᠡᠷᠭᠡᠶᠢᠯᠡᠬᠦ ᠶᠢᠨ ᠬᠠᠷᠢᠴᠠᠭ᠎ᠠ ᠶᠢ ᠵᠥᠪ ᠢᠶᠠᠷ ᠰᠠᠶᠢᠳᠤᠷ ᠰᠢᠢᠳᠪᠦᠷᠢᠯᠡᠬᠦ ᠬᠡᠷᠡᠭᠲᠡᠶ᠃ ᠣᠯᠠᠨ ᠠᠷᠭ᠎ᠠ ᠵᠠᠮ ᠢᠶᠠᠷ ᠡᠳ᠋ ᠤᠨ ᠢᠷᠡᠯᠲᠡ ᠶᠢᠨ ᠭᠠᠶᠢᠯᠢ ᠶᠢᠨ ᠢᠷᠡᠯᠲᠡ ᠶᠢ ᠪᠤᠶᠢᠵᠢᠭᠤᠯᠤᠨ ᠲᠡᠵᠢᠭᠡᠵᠦ᠂ ᠡᠩ ᠤᠨ ᠴᠢᠨᠠᠷᠲᠠᠶ ᠵᠠᠷᠤᠯᠭ᠎ᠠ ᠶᠢ ᠬᠢᠵᠠᠭᠠᠷᠯᠠᠬᠤ ᠪᠠ ᠪᠠᠭᠠᠰᠬᠠᠵᠤ᠂ ᠬᠢᠵᠠᠭᠠᠷ ᠲᠠᠢ ᠡᠳ᠋ ᠤᠨ ᠬᠦᠴᠦᠨ ᠢ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠡᠷᠡᠭᠯᠡᠨ᠎ᠡ᠃ ᠳᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠬᠤ᠂ ᠲᠥᠰᠦᠪ ᠤᠨ ᠳᠣᠲᠣᠷᠠᠬᠢ ᠲᠤᠬᠢᠷᠠᠭᠤᠯᠤᠯᠲᠠ᠂ ᠰᠤᠯᠠ ᠪᠠᠶᠢᠭ᠎ᠠ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ᠂ ᠦᠯᠡᠳᠡᠭᠡᠯ ᠪᠡᠯᠡ ᠮᠥᠩᠭᠦ ᠶᠢ ᠠᠮᠢᠳᠤᠯᠢᠭ ᠪᠣᠯᠭᠠᠬᠤ᠂ ᠤᠯᠤᠰ ᠶᠢᠨ ᠥᠮᠴᠢᠯᠡᠯᠲᠡ ᠡᠳ᠋ ᠬᠥᠷᠥᠩᠭᠡ ᠶᠢ ᠰᠢᠢᠳᠪᠦᠷᠢᠯᠡᠬᠦ᠂ ᠬᠢᠨᠠᠨ ᠬᠠᠰᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠯᠡᠳᠡᠭᠡᠯ ᠥᠷᠢ ᠥᠭᠴᠡᠭᠡ ᠶᠢ ᠰᠢᠢᠳᠪᠦᠷᠢᠯᠡᠵᠦ᠂ ᠬᠤᠭᠤᠴᠠᠭ᠎ᠠ ᠲᠤᠯᠤᠭᠰᠠᠨ ᠥᠷᠢ ᠲᠥᠯᠥᠬᠦ᠃ ᠥᠷᠢ ᠰᠢᠷᠢ ᠶᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠷᠠᠳ ᠤᠨ  ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠤᠳᠠᠭᠠᠰᠢᠷᠠᠭᠤᠯᠤᠭᠰᠠᠨ ᠠᠰᠠᠭᠤᠳᠠᠯ ᠢ ᠨᠠᠷᠢᠨ  ᠬᠢᠨᠠᠮᠠᠭᠠᠢ ᠰᠢᠢᠳᠪᠦᠷᠢᠯᠡᠵᠦ᠂ ᠪᠦᠬᠦ ᠵᠢᠯ ᠳᠤ 4.6 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠠᠷᠢᠯᠭᠠᠬᠤ ᠪᠠᠷ ᠲᠥᠯᠥᠪᠯᠡᠵᠦ ᠪᠠᠶᠢᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠪᠠ ᠪᠡᠯᠡᠳᠬᠡᠬᠦ ᠠᠵᠢᠯ ᠢ ᠰᠠᠶᠢᠲᠤᠷ ᠬᠢᠵᠤ᠂ ᠰᠠᠭᠤᠷᠢ ᠮᠥᠩᠭᠦ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠨ᠎ᠠ᠃ ᠵᠠᠰᠠᠭ ᠤᠨ ᠣᠷᠳᠣᠨ ᠠᠴᠠ ᠪᠡᠯᠡ ᠣᠷᠣᠭᠤᠯᠵᠤ ᠬᠤᠪᠢ ᠣᠷᠣᠭᠤᠯᠬᠤ ᠠᠷᠭ᠎ᠠ ᠮᠠᠶ᠋ᠢᠭ ᠢ ᠠᠪᠴᠤ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢ ᠥᠭᠡᠷᠡᠴᠢᠯᠡᠨ ᠪᠠᠶᠢᠭᠤᠯᠬᠤ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ᠮᠥᠩᠭᠦᠨ  ᠭᠦᠢᠯᠭᠡᠭᠡᠨ ᠤ ᠲᠦᠭᠰᠢᠭᠦᠷᠢ ᠶᠢ  ᠪᠦᠲᠦᠮᠵᠢᠲᠠᠢ ᠰᠡᠷᠭᠡᠶᠢᠯᠡᠬᠦ ᠬᠡᠷᠡᠭᠲᠡᠶ᠃    ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ︽ᠳᠥᠷᠪᠡ ᠶᠢ ᠠᠷᠢᠯᠭᠠᠬᠤ ᠦᠭᠡᠢ︾ ᠱᠠᠭᠠᠷᠳᠠᠯᠭ᠎ᠠ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠠᠷᠪᠠᠨ ᠵᠦᠢᠯ ᠤᠨ ᠠᠷᠭ᠎ᠠ ᠬᠡᠮᠵᠢᠶ᠎ᠡ ᠶᠢᠨ ᠶᠠᠳᠠᠭᠤ ᠶᠢ ᠪᠠᠭᠠᠰᠬᠠᠬᠤ ᠤᠶᠢᠯᠡᠳᠤᠯ ᠢ ᠦᠷᠭᠦᠯᠵᠢᠯᠡᠨ ᠪᠠᠬᠢᠵᠢᠭᠦᠯᠵᠦ᠂ ᠭᠤᠭᠤᠵᠢᠭᠳᠠᠭᠰᠠᠨ ᠳᠤᠲᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ  ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠠᠷᠢᠭᠤᠴᠠᠯᠭ᠎ᠠ ᠪᠠᠨ ᠦᠯᠦ ᠰᠠᠯᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠤᠬᠢᠷᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠤᠨ ᠰᠤᠯᠠᠷᠠᠭᠤᠯᠤᠯ ᠥᠬᠡᠶ᠂ ᠬᠤᠶᠢᠷᠭᠤᠰᠢᠬᠤ ᠥᠬᠡᠶ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠡᠷᠴᠢᠮ ᠢ ᠰᠤᠯᠠᠷᠠᠭᠤᠯᠤᠯ ᠥᠬᠡᠶ᠂  ᠱᠠᠭᠠᠷᠳᠠᠯᠭ᠎ᠠ ᠶᠢ ᠬᠤᠪᠢᠷᠠᠭᠤᠯᠬᠤ ᠥᠬᠡᠶ ᠪᠠᠶᠢᠬᠤ ᠶᠢ ᠡᠷᠡᠰ ᠪᠡᠶᠡᠯᠡᠭᠦᠯᠦᠨ᠎ᠡ᠃ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠭᠠᠴᠠᠭᠠᠨ ᠤ ᠲᠤᠰᠬᠠᠶ ᠠᠩᠭᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠬᠠᠪᠰᠤᠷᠤᠨ ᠲᠡᠳᠬᠦᠬᠦ ᠠᠵᠢᠯ ᠤᠨ ᠦᠷᠭᠦᠯᠵᠢᠯᠡᠯᠳᠦ ᠴᠢᠨᠠᠷ  ᠢ ᠪᠠᠲᠤᠯᠠᠵᠤ᠂ 18 ᠲᠤᠰᠬᠠᠶ ᠵᠦᠢᠯ ᠤᠨ ᠠᠵᠢᠯ ᠢ ᠠᠬᠢᠭᠤᠯᠬᠤ ᠳᠤᠭᠤᠶᠢᠯᠠᠩ ᠤᠨ ᠡᠭᠦᠷᠭᠡ ᠴᠢᠳᠠᠪᠤᠷᠢ ᠶᠢᠨ ᠤᠶᠢᠯᠡᠳᠤᠯ ᠢ ᠰᠠᠶᠢᠲᠤᠷ ᠪᠠᠳᠠᠷᠠᠭᠤᠯᠤᠨ᠎ᠠ᠃ ᠬᠠᠪᠰᠤᠷᠤᠨ ᠲᠡᠳᠬᠦᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠲᠠᠷᠢᠶᠠᠯᠠᠩ ᠢ ᠳᠡᠮᠵᠢᠵᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠠᠢ ᠵᠣᠯᠭᠠᠭᠤᠯᠵᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠣᠯᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠨᠤᠷᠠᠭᠠᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠰᠢ ᠭᠠᠷᠴᠤ ᠨᠤᠲᠤᠭ ᠲᠠᠭᠠᠨ ᠪᠤᠴᠠᠭᠰᠠᠨ ᠣᠯᠠᠨ ᠲᠦᠮᠡᠨ ᠤ ᠣᠷᠣᠨ ᠰᠠᠭᠤᠴᠠ ᠶᠢᠨ ᠠᠰᠠᠭᠤᠳᠠᠯ ᠢ ᠲᠣᠬᠢᠲᠠᠶ ᠰᠢᠢᠳᠪᠦᠷᠢᠯᠡᠨ᠎ᠡ᠃ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠶᠠᠳᠠᠭᠤ ᠶᠢ ᠲᠡᠳᠬᠦᠬᠦ ᠠᠵᠤ ᠤᠶᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠯᠳᠤᠭᠰᠠᠨ ᠨᠢᠭᠲᠠ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ ᠲᠥᠷᠥ ᠶᠢᠨ ᠪᠣᠳᠣᠯᠭ᠎ᠠ ᠶᠢ ᠰᠤᠯᠠᠷᠠᠭᠤᠯᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠶᠠᠭ ᠶᠠᠪᠤᠭᠳᠠᠵᠤ ᠪᠠᠶᠢᠭ᠎ᠠ ᠶᠡᠭᠡ ᠪᠠᠶᠢᠴᠠᠭᠠᠯᠲᠠ ᠲᠠᠢ ᠤᠶᠠᠯᠳᠤᠭᠤᠯᠤᠨ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠵᠢᠴᠢ ᠠᠶᠤᠯ ᠥᠬᠡᠶ ᠤᠤᠭᠤᠬᠤ ᠤᠰᠤ᠂ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ᠂ ᠦᠨᠳᠦᠰᠦᠨ ᠵᠦᠢᠯ ᠢ ᠪᠠᠲᠤᠯᠠᠬᠤ᠂ ᠪᠠᠯᠠ ᠮᠥᠩᠭᠦ ᠣᠷᠣᠭᠤᠯᠬᠤ ᠵᠡᠷᠭᠡ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠪᠣᠳᠠᠲᠤ ᠪᠠᠶᠢᠳᠠᠯ ᠢ ᠦᠨᠳᠦᠰᠦᠯᠡᠨ ᠵᠦᠶ ᠵᠣᠬᠢᠰᠲᠠᠶ ᠲᠣᠬᠢᠷᠠᠭᠤᠯᠤᠯᠲᠠ ᠬᠢᠬᠦ ᠬᠡᠷᠡᠭᠲᠡᠶ᠃ ᠠᠵᠤ ᠤᠶᠢᠯᠡᠰ ᠢᠶᠠᠷ ᠲᠡᠳᠬᠦᠨ ᠳᠡᠮᠵᠢᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠪᠠ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠡᠭᠡᠵᠢᠩ ᠥᠪᠥᠷ ᠮᠣᠩᠭᠤᠯ ᠪᠣᠯᠤᠨ ᠳᠤᠮᠳᠠᠳᠤ ᠤᠯᠤᠰ  ᠶᠢᠨ ᠳᠠᠯᠠᠢ ᠶᠢᠨ ᠲᠣᠰᠣᠨ ᠤ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠭᠠᠷᠮᠠᠭᠠᠶ ᠪᠦᠲᠦᠭᠡᠭᠳᠡᠬᠦᠨ ᠤ ᠭᠠᠳᠠᠭᠰᠢ ᠪᠤᠷᠤᠯᠠᠭᠤᠯᠬᠤ ᠵᠠᠬ᠎ᠠ ᠳᠡᠯᠭᠡᠭᠦᠷ ᠢ ᠥᠷᠭᠡᠳᠬᠡᠨ᠎ᠡ᠃ ︽ᠶᠠᠳᠠᠭᠤᠴᠤᠳ ᠢ ᠰᠡᠷᠭᠡᠶᠢᠯᠡᠨ ᠬᠠᠮᠠᠭᠠᠯᠠᠬᠤ︾ ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠢᠳᠠᠪᠤᠷᠢᠵᠢᠭᠤᠯᠬᠤ᠂ ︽ᠪᠠᠴᠢᠮ ᠪᠠ ᠬᠦᠴᠢᠷ ᠠᠴᠠ ᠠᠪᠤᠷᠠᠬᠤ︾ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠳᠠᠬᠢᠨ ᠶᠠᠳᠠᠭᠤᠷᠠᠭᠰᠠᠨ ᠬᠥᠮᠦᠨ ᠠᠮᠠ ᠪᠣᠯᠤᠨ ᠰᠢᠨ᠎ᠡ ᠪᠠᠷ ᠡᠭᠦᠰᠦᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠨ᠎ᠡ᠃ ᠬᠢᠨᠠᠯᠲᠠ ᠬᠠᠮᠢᠶᠠᠷᠤᠯᠲᠠ ᠶᠢ ᠰᠤᠯᠠᠷᠠᠭᠤᠯᠬᠤ ᠥᠬᠡᠶ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠮᠠᠯᠠᠭᠠᠶ ᠪᠠᠨ ᠠᠪᠴᠤ ᠬᠠᠶᠠᠬᠤ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠬᠠᠷᠢᠴᠠᠭᠤᠯᠵᠤ᠂ ᠤᠯᠤᠰ  ᠶᠢᠨ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠬᠥᠳᠡᠯᠦᠩᠭᠦᠶ ᠪᠠᠷ ᠬᠢᠨᠠᠨ ᠬᠡᠮᠵᠢᠬᠦ ᠶᠢ ᠴᠢᠩᠭᠠᠳᠬᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠳᠠᠭᠠᠵᠤ᠂ ᠦᠯᠡᠳᠡᠭᠰᠡᠨ 434 ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠪᠡ᠃ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂  ᠲᠦᠷᠦᠯ  ᠵᠦᠢᠯ ᠤᠨ ᠬᠠᠮᠢᠶ᠎ᠠ ᠪᠥᠬᠦᠶ ᠭᠠᠷᠳᠠᠮ ᠢ ᠲᠡᠭᠦᠯᠳᠡᠷᠵᠢᠭᠦᠯᠦᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ  ᠪᠠᠭᠠᠰᠬᠠᠬᠤ  ᠤᠶᠢᠯᠡᠳᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃    ᠣᠷᠴᠢᠨ ᠲᠣᠭᠤᠷᠢᠨ  ᠢ ᠵᠠᠰᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠶᠢ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠥᠬᠡ ᠣᠭᠲᠠᠷᠭᠤᠢ ᠶᠢ ᠬᠠᠮᠠᠭᠠᠯᠠᠬᠤ  ᠳᠠᠶᠢᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ᠬᠤᠸᠠ ᠢ ᠵᠦᠸᠧᠽᠢ ᠢᠯᠴᠢ ᠴᠠᠬᠢᠯᠭᠠᠨ ᠤ ᠦᠢᠯᠡᠳᠦᠭᠰᠡᠨ 2 ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢ ᠥᠭᠡᠷᠡᠴᠢᠯᠡᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠢᠳᠡᠭᠡᠨ ᠤᠮᠳᠠᠭᠠᠨ ᠤ ᠲᠣᠰᠣᠨ ᠤᠲᠤᠭ᠎ᠠ ᠪᠠ ᠬᠤᠭ ᠲᠣᠭᠤᠰᠣ ᠶᠢ ᠬᠢᠵᠠᠭᠠᠷᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠢᠯᠴᠢ ᠬᠠᠩᠭᠠᠬᠤ ᠬᠤᠭᠤᠯᠠᠶ ᠲᠣᠤᠷ ᠤᠨ ᠪᠦᠷᠬᠦᠴᠡ ᠶᠢᠨ ᠬᠡᠪᠴᠢᠶᠡᠨ ᠳᠣᠲᠣᠷᠠᠬᠢ ᠨᠡᠭᠦᠷᠡᠰᠦ ᠰᠢᠲᠠᠭᠠᠬᠤ ᠵᠢᠵᠢᠭ ᠭᠦᠸᠧᠯᠦ ᠪᠣᠯᠤᠨ ᠠᠷᠠᠳ ᠤᠨ ᠬᠡᠷᠡᠭᠯᠡᠭᠡᠨ ᠤ ᠳᠤᠯᠠᠭᠠᠯᠠᠯᠭ᠎ᠠ ᠶᠢᠨ ᠵᠤᠤᠬ᠎ᠠ ᠶᠢ ᠠᠯᠬᠤᠮ ᠠᠯᠬᠤᠮ ᠢᠶᠠᠷ ᠰᠢᠯᠢᠳᠡᠭᠵᠢᠭᠦᠯᠵᠦ᠂ ᠠᠷᠠᠳ ᠤᠨ ᠬᠡᠷᠡᠭᠯᠡᠭᠡᠨ ᠤ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠵᠤᠤᠬ᠎ᠠ ᠶᠢ ᠳᠡᠯᠭᠡᠷᠡᠭᠦᠯᠦᠨ᠎ᠡ᠃ ᠨᠣᠮᠢᠨ ᠤᠰᠤ ᠶᠢ ᠬᠠᠮᠠᠭᠠᠯᠠᠬᠤ ᠳᠠᠶᠢᠨ ᠤ ᠢᠯᠠᠯᠲᠠ ᠶᠢ ᠵᠠᠪᠠᠯ ᠣᠯᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠤᠱᠢᠯᠠᠭᠤᠯᠵᠡᠢ᠂ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢᠨ ᠬᠤᠤᠰ ᠡᠵᠡᠮᠳᠡᠯ ᠢ ᠴᠢᠩᠭᠠᠳᠬᠠᠵᠤ᠂ ᠭᠠᠵᠠᠷ ᠳᠣᠤᠷᠠᠬᠢ ᠤᠰᠤ ᠶᠢ ᠲᠣᠭᠲᠠᠭᠠᠯ ᠠᠴᠠ ᠵᠥᠷᠢᠴᠡᠨ ᠲᠠᠲᠠᠵᠤ ᠬᠡᠷᠡᠭᠯᠡᠬᠦ ᠠᠵᠢᠯᠯᠠᠭ᠎ᠠ ᠳᠤ ᠦᠷᠭᠦᠯᠵᠢᠯᠡᠨ ᠴᠤᠬᠢᠯᠲᠠ ᠥᠭᠭᠦᠨ᠎ᠡ᠃ ᠤᠤᠭᠤᠬᠤ ᠤᠰᠤᠨ ᠤ ᠡᠬᠢ ᠰᠤᠷᠪᠤᠯᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠪᠠ ᠪᠣᠬᠢᠷᠲᠤᠯ ᠭᠠᠳᠠᠭᠰᠢᠯᠠᠭᠤᠯᠬᠤ ᠠᠮᠠ ᠶᠢ ᠢᠯᠭᠠᠷᠠᠭᠤᠯᠤᠨ ᠴᠡᠭᠴᠡᠯᠡᠵᠦ᠂  ᠬᠠᠮᠠᠭᠠᠯᠠᠯᠲᠠ ᠶᠢᠨ ᠲᠡᠮᠳᠡᠭ ᠪᠠ ᠲᠤᠰᠠᠭᠠᠷᠯᠠᠵᠤ ᠰᠡᠷᠭᠡᠶᠢᠯᠡᠨ ᠬᠠᠮᠠᠭᠠᠯᠠᠬᠤ ᠢᠨᠵᠧᠨᠧᠷᠢᠩ ᠢ ᠪᠠᠶᠢᠭᠤᠯᠬᠤ ᠬᠡᠷᠡᠭᠲᠡᠢ᠃ ᠪᠣᠬᠢᠷ ᠤᠰᠤ  ᠰᠢᠢᠳᠪᠦᠷᠢᠯᠡᠬᠦ  ᠤᠶᠢᠯᠡᠳᠪᠦᠷᠢ ᠶᠢᠨ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢᠨ ᠳᠡᠭᠡᠭᠰᠢᠯᠡᠭᠦᠯᠦᠨ᠂ ᠶᠡᠭᠡ ᠲᠦᠷᠭᠡᠨ ᠭᠤᠤᠯ ᠤᠨ ᠤᠰᠤᠨ ᠤ ᠴᠢᠨᠠᠷ ᠢ ᠤᠯᠤᠰ ᠠᠴᠠ ᠡᠵᠡᠮᠳᠡᠬᠦ ᠣᠭᠲᠣᠯᠤᠭᠠᠰᠤ ᠠᠴᠠ ᠳᠠᠪᠠᠭᠤᠯᠢᠭ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠴᠡᠪᠡᠷ ᠬᠥᠷᠥᠰᠥ ᠶᠢ ᠬᠠᠮᠠᠭᠠᠯᠠᠬᠤ  ᠳᠠᠶᠢᠨ ᠤ ᠢᠯᠠᠯᠲᠠ ᠶᠢ ᠵᠠᠪᠠᠯ ᠣᠯᠬᠤ ᠬᠡᠷᠡᠭᠲᠡᠶ᠃ ᠪᠣᠬᠢᠷᠲᠤᠯ ᠦᠭᠡᠢ ᠠᠭᠤᠷᠬᠠᠶ ᠪᠠ ᠡᠵᠡᠨ ᠦᠭᠡᠢ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ  ᠠᠵᠢᠯ ᠢ ᠲᠦᠷᠭᠡᠳᠬᠡᠨ ᠠᠬᠢᠭᠤᠯᠵᠤ᠂ ᠵᠢᠯ ᠤᠨ ᠰᠡᠭᠦᠯᠴᠢ ᠠᠴᠠ ᠡᠮᠦᠨ᠎ᠡ ᠤᠶᠢᠯᠡᠳᠪᠦᠷᠢᠯᠡᠭᠰᠡᠨ ᠠᠭᠤᠷᠬᠠᠶ ᠶᠢ ᠪᠦᠬᠦᠨ ᠢ ᠬᠤᠲᠠ ᠶᠢᠨ ᠱᠠᠲᠤᠨ ᠤ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠬᠦᠷᠦᠭᠦᠯᠦᠨ᠎ᠡ᠃ ᠬᠠᠶᠢᠷ ᠴᠢᠯᠠᠭᠤᠨ ᠤ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠤᠰ ᠶᠢᠨ ᠥᠮᠴᠢᠯᠡᠯᠲᠡ ᠡᠵᠡᠩᠨᠡᠯᠲᠡ ᠶᠢᠨ ᠦᠷ᠎ᠡ ᠠᠰᠢᠭ ᠢ ᠪᠠᠲᠤᠯᠠᠨ᠎ᠠ᠃ ᠵᠦᠸᠧᠽᠢ ᠱᠠᠨ ᠪᠠᠯᠭᠠᠰᠤ ᠪᠣᠯᠤᠨ ᠴᠢ ᠰᠢᠶᠠ ᠶᠢᠩ ᠠᠵᠤ  ᠤᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠶᠠᠷ ᠠᠵᠤ ᠤᠶᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠳᠠᠭᠠᠯᠠᠬᠤ ᠲᠠᠯᠠᠪᠠᠢ ᠶᠢᠨ ᠪᠦᠲᠦᠭᠡᠨ  ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ 2020 ᠣᠨ ᠤ 7 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠲᠠᠯ᠎ᠠ ᠪᠠᠷ ᠪᠠᠶᠢᠭᠤᠯᠵᠤ ᠳᠠᠭᠤᠰᠬᠠᠨ  ᠠᠵᠢᠯᠯᠠᠭᠤᠯᠬᠤ ᠶᠢ ᠦᠨᠡᠨ ᠬᠦ ᠪᠠᠲᠤᠯᠠᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠴᠢᠩᠭ᠎ᠠ ᠬᠠᠮᠢᠶᠠᠷᠤᠨ ᠡᠵᠡᠮᠳᠡᠵᠦ᠂ ᠪᠠᠭᠠᠰᠤᠨ ᠪᠣᠬᠢᠷᠲᠤᠯ ᠢ  ᠶᠡᠷᠦᠩᠬᠡᠶᠢᠯᠡᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ ᠴᠢᠩᠭᠠᠳᠬᠠᠵᠤ᠂ ᠤᠯᠤᠰ ᠶᠢᠨ ᠰᠢᠨ᠎ᠡ ᠨᠢᠭᠡᠨ  ᠡᠭᠡᠯᠵᠢᠯᠡᠨ ᠲᠠᠷᠢᠶᠠᠯᠠᠬᠤ ᠶᠢ ᠵᠣᠭᠰᠣᠭᠠᠵᠤ ᠣᠢ ᠰᠢᠭᠤᠶ ᠶᠢ ᠰᠡᠷᠭᠦᠭᠡᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ 1.6 ᠲᠦᠮᠡᠨ ᠮᠦ ᠬᠡᠷᠡᠭᠵᠢᠭᠦᠯᠵᠦ᠂ 1 ᠲᠦᠮᠡᠨ ᠮᠦ ᠠᠵᠤ ᠠᠬᠤᠢ ᠶᠢᠨ ᠤᠢ ᠶᠢ ᠬᠥᠭᠵᠢᠭᠦᠯᠦᠨ᠎ᠡ᠃ ︵ᠬᠤᠶᠠᠷ︶ ᠲᠥᠷᠥᠯ ᠵᠦᠢᠯ ᠢᠶᠠᠷ ᠳᠠᠶᠢᠴᠢᠯᠠᠬᠤ ᠶᠢ ᠪᠠᠷᠢᠮᠲᠠᠯᠠᠵᠤ᠂ ᠠᠵᠤ ᠠᠬᠤᠶ ᠶᠢᠨ ᠴᠢᠨᠠᠷ ᠰᠠᠶᠢᠲᠠᠶ  ᠬᠦᠭᠵᠢᠯᠲᠡ ᠶᠢ ᠠᠬᠢᠭᠤᠯᠤᠨ᠎ᠠ    ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠬᠠᠩᠭᠠᠯᠭ᠎ᠠ ᠶᠢ ᠰᠢᠯᠢᠳᠡᠭᠵᠢᠭᠦᠯᠬᠦ᠂ ᠶᠠᠰᠤ ᠴᠢᠨᠠᠷ  ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂  ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠨ᠂ ᠪᠣᠬᠢᠷᠲᠤᠯ ᠦᠭᠡᠢ ᠣᠷᠭᠠᠨᠢᠭ ᠪᠣᠬᠢᠷᠲᠤᠯ ᠣᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠶᠡᠬᠡᠪᠡᠷ ᠬᠥᠭᠵᠢᠭᠦᠯᠦᠨ᠎ᠡ᠃ ᠵᠢᠯ ᠤᠨ ᠳᠣᠲᠣᠷ᠎ᠠ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠲᠥᠮᠥᠰᠥ᠂ ᠨᠣᠬᠠᠶ ᠶᠢᠨ ᠬᠤᠰᠢᠭᠤ᠂ ᠭᠠᠭ᠋ᠠᠶ᠂ ᠥᠨᠳᠡᠭᠡ ᠳᠠᠬᠢᠶ᠎ᠠ ᠲᠠᠷᠢᠵᠤ ᠲᠡᠵᠢᠭᠡᠬᠦ ᠬᠡᠪᠴᠢᠶ᠎ᠡ ᠶᠢ ᠲᠣᠰ ᠲᠣᠰ 5 ᠲᠦᠮᠡᠨ ᠮᠦ᠂ 22 ᠲᠦᠮᠡᠨ ᠮᠦ᠂ 12 ᠲᠦᠮᠡᠨ ᠮᠦ᠂ 6 ᠲᠦᠮᠡᠨ ᠠᠮᠠ᠂ 340 ᠲᠦᠮᠡᠨ ᠲᠣᠯᠣᠭᠠᠶ ᠳᠤ ᠬᠦᠷᠦᠭᠦᠯᠦᠨ᠎ᠡ᠃ ᠲᠦᠷᠭᠡᠨ ᠬᠥᠯᠳᠡᠭᠡᠵᠦ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠵᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ᠃ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠭᠡᠵᠢᠩ ᠤᠨ ᠯᠢᠦ ᠪᠢ ᠵᠢᠤᠢ ᠢᠳᠡᠭᠡᠨ ᠤ ᠺᠣᠮᠫᠠᠨᠢ ᠲᠠᠢ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠵᠢᠶᠠᠩ ᠼᠠᠢ ᠬᠠᠩᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠴᠢᠨᠠᠷ ᠰᠠᠶᠢᠲᠠᠶ ᠥᠨᠳᠥᠷ ᠤᠨᠠᠯᠲᠠ ᠲᠠᠢ ᠲᠥᠮᠥᠰᠥ ᠶᠢᠨ ᠦᠷ᠎ᠡ ᠶᠢᠨ ᠲᠥᠮᠥᠰᠥ ᠶᠢ ᠪᠤᠶᠢᠵᠢᠭᠤᠯᠵᠤ᠂ ᠨᠢᠭᠡᠳᠦᠭᠡᠷ ᠳᠡᠰ ᠤᠨ ᠲᠥᠮᠥᠰᠥ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ 1 ᠢ ᠪᠠᠶᠢᠭᠤᠯᠵᠤ᠂ ᠤᠤᠯ ᠪᠦᠲᠦᠭᠡᠭᠳᠡᠬᠦᠨ ᠲᠠᠷᠢᠬᠤ ᠰᠠᠭᠤᠷᠢᠨ ᠭᠠᠵᠠᠷ 2 ᠢ ᠪᠠᠶᠢᠭᠤᠯᠤᠨ᠎ᠠ᠃ ᠲᠥᠮᠥᠰᠥᠨ ᠤ ᠪᠦᠬᠦ ᠨᠤᠨᠲᠠᠭ ᠢ ᠪᠣᠯᠪᠠᠰᠤᠷᠠᠭᠤᠯᠬᠤ ᠠᠵᠤ ᠤᠶᠢᠯᠡᠰ ᠢ ᠬᠥᠭᠵᠢᠭᠦᠯᠵᠦ᠂ ᠨᠠᠷᠢᠯᠢᠭ ᠭᠦᠨᠵᠡᠭᠡᠶ ᠡᠳᠡᠰᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠤᠶᠢᠯᠡᠳᠬᠦᠨ ᠤ ᠨᠡᠮᠡᠯᠲᠡ ᠦᠷᠲᠡᠭ ᠢ ᠨᠡᠮᠡᠭᠳᠡᠭᠦᠯᠦᠨ᠎ᠡ᠃ ᠠᠯᠲᠠᠨ ᠲᠠᠬᠢᠶ᠎ᠠ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠲᠦᠷᠭᠡᠳᠬᠡᠵᠦ᠂ 240 ᠲᠦᠮᠡᠨ ᠲᠣᠯᠣᠭᠠᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠡᠷᠲᠡᠬᠡᠨ ᠭᠦᠢᠴᠡᠳ ᠤᠨᠠᠯᠲᠠ ᠶᠢ ᠪᠡᠶᠡᠯᠡᠬᠦᠯᠬᠦ ᠶᠢ ᠪᠠᠲᠤᠯᠠᠨ᠎ᠠ᠃ 2.6 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠡᠶᠢᠳᠤᠷ ᠬᠡᠷᠡᠭᠵᠢᠭᠦᠯᠦᠨ᠎ᠡ᠃ 1 ᠲᠦᠮᠡᠨ ᠲᠡᠭᠰᠢ ᠳᠥᠷᠪᠡᠯᠵᠢᠨ ᠮᠧᠲᠷ ᠤᠨ ᠡᠪᠡᠰᠦ ᠬᠠᠳᠠᠭᠠᠯᠠᠬᠤ ᠫᠧᠩ᠂ 8000 ᠲᠡᠭᠰᠢ ᠳᠥᠷᠪᠡᠯᠵᠢᠨ ᠮᠧᠲᠷ ᠤᠨ ᠮᠠᠯ ᠤᠨ ᠳᠤᠯᠠᠭᠠᠨ ᠫᠧᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠵᠤ᠂ ᠬᠦᠨᠳᠦ ᠬᠤᠷ᠎ᠠ ᠶᠢᠨ ᠬᠡᠮᠵᠢᠶ᠎ᠡ ᠶᠢ ᠬᠡᠮᠵᠢᠬᠦ 2 ᠥᠷᠲᠡᠭᠡ ᠪᠠ ᠬᠥᠷᠥᠰᠥᠨ ᠤ ᠤᠰᠤ ᠶᠢ ᠬᠢᠨᠠᠨ ᠬᠡᠮᠵᠢᠬᠦ 4 ᠥᠷᠲᠡᠭᠡ ᠶᠢᠨ  ᠰᠢᠨ᠎ᠡ ᠪᠠᠷ ᠪᠠᠶᠢᠭᠤᠯᠤᠨ᠎ᠠ᠃    ᠠᠵᠤ ᠤᠶᠢᠯᠡᠳᠪᠦᠷᠢ ᠶᠢᠨ ᠪᠣᠳᠠᠲᠤ ᠴᠣᠭᠴᠠ ᠶᠢᠨ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠦᠨ᠎ᠡ᠃ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠬᠦᠰᠢᠷᠡᠮᠡᠯ ᠠᠵᠤ ᠠᠬᠤᠶᠢᠯᠠᠯ ᠢ ᠶᠡᠭᠡ ᠬᠦᠴᠦ ᠣᠷᠣᠭᠤᠯᠤᠨ ᠴᠡᠪᠡᠷᠯᠡᠨ ᠴᠡᠭᠴᠡᠯᠡᠨ᠎ᠡ᠃ ᠭᠤᠣᠯᠯᠠᠭᠴᠢ ᠠᠵᠤ ᠠᠬᠤᠶᠢᠯᠠᠯ ᠤᠨ ᠨᠠᠷᠢᠯᠢᠭ ᠣᠨᠣᠴᠠᠲᠠᠶ ᠲᠣᠬᠢᠷᠠᠭᠤᠯᠤᠯᠲᠠ ᠶᠢ ᠴᠢᠩᠭᠠᠳᠬᠠᠵᠤ᠂ ᠢ ᠳ᠋ᠦᠩ ᠳ᠋ᠦᠩ ᠰᠢᠩ ᠬᠢᠮᠢ ᠶᠢᠨ ᠠᠵᠤ ᠤᠶᠢᠯᠡᠳᠪᠦᠷᠢ ᠶᠢᠨ ᠤᠶᠢᠯᠡᠳᠪᠦᠷᠢᠯᠡᠯ ᠤᠨ ᠪᠡᠯᠡᠳᠬᠡᠮᠵᠢ ᠲᠦᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠠᠬᠢᠴᠠ ᠶᠢ ᠲᠦᠷᠭᠡᠳᠬᠡᠵᠦ᠂ 7 ᠳ᠋ᠤᠭᠠᠷ ᠰᠠᠷ᠎ᠠ ᠶᠢᠨ ᠰᠡᠭᠦᠯᠴᠢ ᠪᠠᠷ ᠤᠶᠢᠯᠡᠳᠪᠦᠷᠢᠯᠡᠯ ᠢᠶᠠᠨ ᠪᠦᠬᠦ ᠲᠠᠯ᠎ᠠ ᠪᠠᠷ ᠰᠡᠷᠭᠦᠭᠡᠬᠦ ᠪᠠᠷ ᠴᠢᠷᠮᠠᠶᠢᠨ᠎ᠠ᠃ ᠢ ᠳ᠋ᠦᠩ ᠳ᠋ᠦᠩ ᠰᠢᠩ ᠬᠢᠮᠢ ᠶᠢᠨ ᠠᠵᠤ ᠦᠢᠯᠡᠳᠪᠦᠷᠢ᠂ ᠵᠦᠩ ᠰᠢ ᠠᠭᠤᠷᠬᠠᠢ ᠶᠢᠨ ᠦᠢᠯᠡᠰ ᠤᠨ ᠠᠵᠤ ᠦᠢᠯᠡᠳᠪᠦᠷᠢ ᠲᠤ ᠬᠡᠷᠡᠭᠯᠡᠬᠦ ᠤᠰᠤᠨ ᠤ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠦᠩ ᠰᠢ ᠠᠭᠤᠷᠬᠠᠢ ᠶᠢᠨ ᠦᠢᠯᠡᠰ ᠤᠨ ᠦᠯᠡᠳᠤᠭ᠍ᠳᠡᠯ ᠠᠭᠤᠷᠬᠠᠢ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 500 ᠲᠦᠮᠡᠨ ᠲᠣᠨ ᠤ ᠡᠨᠧᠷᠭᠢ ᠦᠷᠭᠡᠳᠬᠡᠬᠦ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠳᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠬᠤᠸᠠ ᠢ ᠵᠦᠸᠧᠽᠢ ᠴᠠᠬᠢᠯᠭᠠᠨ ᠤ  ᠤᠶᠢᠯᠡᠳᠪᠦᠷᠢ ᠶᠢᠨ ᠠᠭᠤᠷ ᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠵᠤ᠂ 4 ᠮᠠᠰᠢᠨ ᠴᠣᠭᠴᠠᠯᠠᠪᠤᠷᠢ ᠶᠢᠨ ᠳᠦᠭᠦᠷᠡᠩ ᠳᠠᠭᠠᠭᠠᠴᠠ ᠶᠢᠨ ᠤᠶᠢᠯᠡᠳᠪᠦᠷᠢᠯᠡᠯ ᠢ ᠪᠡᠶᠡᠯᠡᠭᠦᠯᠦᠨ᠎ᠡ᠃ ᠪᠥᠸᠧ ᠢ᠂ ᠴᠠᠩ ᠯᠦᠩ ᠵᠡᠷᠭᠡ 3 ᠡᠨᠧᠷᠭᠢ ᠶᠡᠭᠡ ᠬᠤᠷᠣᠭᠳᠠᠭᠤᠯᠬᠤ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠳᠠᠭᠤᠰᠬᠠᠨ ᠠᠵᠢᠯᠯᠠᠭᠤᠯᠬᠤ ᠶᠢ ᠠᠬᠢᠭᠤᠯᠤᠨ᠎ᠠ᠃ ︽ᠱᠠᠨᠰᠢ ᠪᠡᠭᠡᠵᠢᠩ ᠤᠨ ᠳᠥᠷᠪᠡᠨ ᠱᠤᠭᠤᠮ︾ ᠤᠨ ᠤᠷᠲᠤ ᠳᠠᠮᠵᠢᠭᠤᠯᠬᠤ ᠬᠤᠭᠤᠯᠠᠶ ᠶᠢ ᠰᠠᠶᠢᠲᠤᠷ ᠠᠰᠢᠭᠯᠠᠵᠤ᠂ ᠵᠥᠩ ᠨᠤᠩ᠂ ᠮᠤᠩ ᠰᠢᠨ᠂ ᠲᠦᠩ ᠾᠦᠢ ᠵᠡᠷᠭᠡ ᠭᠤᠷᠪᠠᠨ ᠪᠠᠶᠢᠭᠠᠯᠢ ᠶᠢᠨ ᠰᠢᠲᠠᠮᠠᠬᠠᠶ ᠬᠡᠶ ᠶᠢᠨ ᠺᠣᠮᠫᠠᠨᠢ ᠶᠢᠨ ᠰᠢᠲᠠᠮᠠᠬᠠᠶ ᠬᠡᠶ ᠶᠢᠨ ᠢᠷᠡᠯᠲᠡ ᠳᠤᠲᠠᠭᠳᠠᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠤᠶᠢᠯᠡᠳᠪᠦᠷᠢᠯᠡᠯ ᠤᠨ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠱᠠᠩᠬᠠᠶ ᠶᠢᠨ ᠹᠦ᠋ ᠲᠠᠢ ᠯᠠᠶ ᠺᠣᠮᠫᠠᠨᠢ ᠶᠢᠨ ᠰᠢᠩ ᠹᠤᠩ᠂ ᠽᠢ ᠴᠧᠨ ᠯᠢᠲ᠋ᠢ ᠳ᠋ᠢᠶᠠᠨ ᡂᠢ ᠶᠢᠨ ᠪᠢᠯᠢᠭ ᠲᠦᠢᠯ  ᠤᠨ ᠮᠠᠲ᠋ᠧᠷᠢᠶᠠᠯ ᠤᠨ ᠲᠥᠷᠥᠯ ᠵᠦᠢᠯ ᠢ ᠠᠯᠢ ᠲᠦᠷᠭᠡᠨ ᠢᠶᠠᠷ ᠪᠠᠶᠢᠭᠤᠯᠬᠤ ᠶᠢᠨ ᠬᠠᠮᠲᠤ ᠡᠷᠲᠡᠬᠡᠨ ᠠᠰᠢᠭᠯᠠᠯᠲᠠ ᠳᠤ ᠣᠷᠣᠭᠤᠯᠵᠦ᠂ ᠪᠥᠬᠦ ᠤᠯᠤᠰ ᠤᠨ ᠬᠠᠮᠤᠭ ᠤᠨ ᠲᠣᠮᠣ ᠰᠢᠨ᠎ᠡ ᠡᠨᠧᠷᠭᠢ ᠶᠢᠨ ᠳ᠋ᠢᠶᠠᠨ ᡂᠢ ᠶᠢᠨ ᠠᠵᠤ ᠤᠶᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠦᠬᠦ ᠬᠦᠴᠦᠨ ᠢᠶᠠᠷ ᠢᠶᠠᠨ  ᠴᠢ ᠰᠢᠶᠠ ᠶᠢᠩ ᠤᠨ 2 × 35 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠤ ᠲᠦᠷᠦᠯ ᠵᠦᠢᠯ ᠳᠤ ᠰᠠᠶᠢᠲᠤᠷ ᠦᠢᠯᠡᠴᠢᠯᠡᠵᠦ᠂ 5 ᠳ᠋ᠤᠭᠠᠷ ᠰᠠᠷ᠎ᠠ ᠶᠢᠨ ᠰᠡᠭᠦᠯᠴᠢ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ︽ ᠵᠦᠸᠧᠽᠢ ᠤᠲᠤᠮᠠᠯ ᠳᠠᠬᠢᠶ᠎ᠠ︾ ᠶᠢᠨ ᠨᠡᠷᠡᠲᠦ ᠲᠡᠮᠳᠡᠭᠲᠦ ᠶᠢ ᠡᠮᠬᠢᠯᠡᠨ ᠨᠡᠶᠢᠯᠡᠭᠦᠯᠬᠦ ᠡᠷᠴᠢᠮ ᠢ  ᠴᠢᠩᠭᠠᠷᠠᠭᠤᠯᠵᠤ᠂ ᠤᠲᠤᠮᠠᠯ ᠰᠢᠭᠦᠰᠦᠲᠦ ᠢᠳᠡᠭᠡᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠠᠬᠢᠭᠤᠯᠵᠤ᠂ ᠤᠲᠤᠮᠠᠯ ᠲᠠᠬᠢᠶᠠᠨ ᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃    ᠭᠤᠷᠪᠠᠳᠤᠭᠠᠷ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠰᠢᠯᠢᠳᠡᠭᠵᠢᠭᠦᠯᠦᠨ᠎ᠡ᠃ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ  ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ ᠃ ᠪᠡᠭᠡᠵᠢᠩ ᠠᠴᠠ ᠬᠥᠬᠡᠬᠤᠲᠠ ᠬᠦᠷᠬᠦ  ᠳᠡᠭᠡᠳᠦ ᠬᠤᠷᠳᠤᠴᠠᠲᠤ ᠲᠡᠮᠦᠷ ᠵᠠᠮ ᠤᠨ ᠵᠠᠮ ᠢ ᠠᠰᠢᠭᠯᠠ ᠮᠠᠨ ᠤ ᠰᠢᠶᠠᠨ ᠤ  ᠬᠤᠶᠠᠷ ᠥᠷᠲᠡᠭᠡ ︵ᠵᠦᠸᠧᠽᠢ ᠵᠡᠭᠦᠨ ᠥᠷᠲᠡᠭᠡ᠂  ᠴᠢ ᠰᠢᠶᠠ ᠶᠢᠩ ᠡᠮᠦᠨ᠎ᠡ ᠥᠷᠲᠡᠭᠡ︶ ᠶᠢᠨ ᠲᠣᠬᠢᠶᠠᠯ ᠢ  ᠠᠰᠢᠭᠯᠠᠵᠤ᠂ ᠵᠢᠭᠤᠯᠴᠢᠯᠠᠯ ᠤᠨ ᠵᠠᠮ ᠱᠤᠭᠤᠮ ᠢ ᠰᠠᠶᠢᠲᠤᠷ ᠲᠥᠯᠥᠪᠯᠡᠨ ᠪᠣᠭᠤᠳᠠᠯᠯᠠᠵᠤ᠂ ᠨᠡᠶᠢᠰᠯᠡᠯ᠂ ᠣᠷᠣᠨ ᠤ ᠲᠥᠪ ᠲᠣᠮᠣ ᠵᠠᠬ᠎ᠠ ᠳᠡᠯᠭᠡᠭᠦᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃ ᠰᠣᠶᠣᠯ ᠵᠢᠭᠤᠯᠴᠢᠯᠠᠯ ᠤᠨ ᠣᠨᠴᠠᠯᠢᠭᠲᠤ ᠲᠣᠰᠬᠤᠨ ᠪᠠᠯᠭᠠᠰᠤ ᠶᠢ ᠶᠡᠬᠡᠪᠡᠷ ᠬᠥᠭᠵᠢᠭᠦᠯᠵᠦ᠂ ᠰᠢᠩ ᠰᠢᠩ ᠭᠧᠦ᠂ ᠵᠢᠦ ᠯᠦᠩ ᠸᠠᠨ ᠬᠥᠳᠡᠭᠡ ᠲᠣᠰᠬᠤᠨ ᠤ ᠵᠢᠭᠤᠯᠴᠢᠯᠠᠯ ᠲᠥᠪᠯᠡᠷᠡᠭᠰᠡᠨ ᠣᠷᠣᠨ ᠤ ᠰᠢᠨ᠎ᠡ ᠪᠠᠷ ᠭᠠᠷᠬᠤ ᠵᠢᠭᠤᠯᠴᠢᠯᠠᠯ ᠤᠨ  ᠲᠦᠷᠦᠯ  ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠬᠤᠤ ᠰᠢᠩ ᠨᠡᠭᠦᠷᠡᠰᠦ ᠲᠡᠭᠡᠭᠡᠪᠦᠷᠢᠯᠡᠬᠦ ᠲᠤᠰᠬᠠᠶ ᠱᠤᠭᠤᠮ ᠤᠨ ᠭᠠᠭᠴᠠ ᠴᠢᠭᠯᠡᠯ ᠤᠨ ᠪᠠ G7 ᠰᠢᠨ᠎ᠡ ᠪᠠᠷ  ᠨᠡᠭᠡᠭᠡᠭᠰᠡᠨ ᠲᠣᠰᠣᠨ ᠭᠡᠷ ᠡᠵᠡᠩᠨᠡᠬᠦ ᠭᠠᠵᠠᠷ ᠢ ᠡᠷᠲᠡᠬᠡᠨ ᠪᠠᠶᠢᠭᠤᠯᠵᠤ ᠳᠠᠭᠤᠰᠬᠠᠬᠤ ᠶᠢ ᠠᠬᠢᠭᠤᠯᠵᠤ᠂ ᠯᠢᠨ ᠬᠤᠤ  ᠡᠷᠲᠡᠨ ᠤ ᠴᠠᠶᠢᠵᠠ ᠵᠢᠴᠢ ᠬᠤᠩ ᠵᠤᠤ ᠵᠢᠭᠤᠯᠴᠢᠯᠠᠯ ᠤᠨ ᠣᠷᠣᠨ ᠤ ᠲᠡᠭᠡᠭᠡᠪᠦᠷᠢ ᠶᠢᠨ ᠬᠦᠴᠦᠨ ᠤ ᠬᠡᠷᠡᠭᠴᠡᠭᠡ  ᠱᠠᠭᠠᠷᠳᠠᠯᠭ᠎ᠠ ᠶᠢ ᠬᠠᠩᠭᠠᠨ᠎ᠠ᠃ ᠤᠯᠤᠰ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ  ᠢᠳᠡᠪᠬᠢᠲᠠᠢ ᠲᠡᠮᠡᠴᠡᠨ ᠣᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠡᠷᠭᠡ ᠵᠣᠭᠰᠣᠬᠤ ᠲᠠᠯᠠᠪᠠᠢ ᠪᠠᠶᠢᠭᠤᠯᠬᠤ᠂ ᠳᠣᠲᠣᠭᠠᠳᠤ ᠴᠠᠭᠠᠷᠢᠭ ᠵᠠᠮ  ᠢ ᠲᠥᠯᠥᠪᠵᠢᠭᠦᠯᠬᠦ᠂ ᠴᠠᠬᠢᠯᠭᠠᠨ ᠬᠦᠴᠦᠨ ᠤ ᠲᠤᠰᠬᠠᠶ ᠤᠲᠠᠰᠤ ᠲᠠᠲᠠᠬᠤ᠂ ᠴᠢᠮᠡᠭᠡ ᠨᠡᠪᠲᠡᠷᠡᠯᠭᠡ ᠶᠢᠨ ᠳᠣᠬᠢᠶ᠎ᠠ ᠶᠢ ᠪᠦᠷᠬᠦᠬᠦ ᠵᠡᠷᠭᠡ ᠢᠨᠵᠧᠨᠧᠷᠢᠩ ᠢ ᠳᠠᠮᠵᠢᠵᠤ᠂ ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢᠨ  ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠣᠳᠣᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠳᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠵᠢᠯᠣᠭᠤᠳᠴᠤ᠂ ᠪᠦᠬᠦ ᠵᠢᠯ ᠳᠤ ᠵᠤᠭᠠᠴᠠᠭᠰᠠᠳ ᠤᠨ ᠬᠦᠯᠢᠶᠡᠨ ᠠᠪᠬᠤ ᠬᠡᠮᠵᠢᠶ᠎ᠡ ᠶᠢ 100 ᠲᠦᠮᠡᠨ ᠬᠥᠮᠦᠨ ᠤᠳᠠᠭ᠎ᠠ ᠶᠢ ᠳᠠᠪᠠᠭ᠋ᠤ ᠪᠠᠷ ᠴᠢᠷᠮᠠᠶᠢᠵᠤ᠂ ᠵᠢᠭᠤᠯᠴᠢᠯᠠᠯ ᠤᠨ ᠣᠷᠣᠯᠭ᠎ᠠ ᠶᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ︽ᠤᠯᠤᠰ ᠶᠢᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ  ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠢᠴᠡᠳ ᠰᠠᠶᠢᠲᠤᠷ ᠬᠡᠷᠡᠭᠯᠡᠵᠦ᠂ ᠰᠢᠶᠠᠨ ᠤ ᠬᠡᠪᠴᠢᠶᠡᠨ ᠤ ᠲᠠᠷᠢᠶᠠᠯᠠᠩ ᠤᠨ ᠣᠨᠴᠠ ᠭᠠᠷᠤᠯᠲᠠ ᠶᠢᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠬᠡᠷᠡᠭᠯᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠣᠯᠠᠨ ᠲᠦᠮᠡᠨ ᠤ ᠬᠡᠷᠡᠭᠯᠡᠭᠡᠨ ᠤ ᠣᠯᠠᠨ ᠡᠰᠢᠵᠢᠭᠰᠡᠨ ᠂ ᠶᠠᠰᠤ ᠴᠢᠨᠠᠷ ᠤᠨ ᠰᠢᠨ᠎ᠡ ᠬᠤᠪᠢᠷᠠᠯᠲᠠ ᠳᠤ ᠢᠳᠡᠪᠬᠢᠲᠡᠢ ᠵᠣᠬᠢᠴᠠᠵᠤ᠂ ᠰᠤᠷᠭᠠᠨ ᠬᠥᠮᠦᠵᠢᠯ᠂ ᠨᠢᠯᠬ᠎ᠠ ᠬᠡᠤᠬᠡᠳ ᠪᠤᠶᠢᠵᠢᠭᠤᠯᠬᠤ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠰᠣᠶᠣᠯ ᠵᠡᠷᠭᠡ ᠠᠵᠤ ᠦᠢᠯᠡᠰ ᠤᠨ ᠲᠥᠷᠥᠯ ᠵᠦᠢᠯ ᠢ ᠶᠡᠬᠡᠪᠡᠷ ᠬᠥᠭᠵᠢᠭᠦᠯᠵᠦ᠂ ᠮᠥᠩᠭᠦᠨ ᠭᠦᠢᠯᠭᠡᠭᠡᠨ ᠳᠠᠭᠠᠳᠬᠠᠯ᠂ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠵᠡᠷᠭᠡ ᠤᠶᠢᠯᠡᠴᠢᠯᠡᠭᠡᠨ ᠤ ᠠᠵᠢᠯ ᠲᠥᠷᠥᠯ ᠢ ᠬᠥᠭᠵᠢᠭᠦᠯᠦᠨ  ᠪᠤᠵᠠᠭᠠᠶᠢᠷᠠᠭᠤᠯᠵᠤ᠂ ᠬᠡᠷᠡᠭᠯᠡᠭᠡᠨ ᠤ ᠦᠢᠯᠡᠴᠢᠯᠡᠭᠡᠨ ᠤ ᠰᠢᠨ᠎ᠡ ᠬᠠᠯᠠᠭᠤᠨ ᠴᠡᠭ ᠢ ᠬᠦᠴᠦᠯᠡᠨ ᠨᠡᠭᠡᠭᠡᠨ ᠬᠥᠭᠵᠢᠭᠦᠯᠵᠦ᠂ ᠠᠵᠤ ᠤᠶᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠦᠷᠳᠡᠭ ᠤᠨ ᠬᠡᠯᠬᠢᠶ᠎ᠡ ᠶᠢ ᠤᠷᠲᠤᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ᠎ᠠ᠃︵ᠭᠤᠷᠪᠠ︶ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠤᠨ᠎ᠠ    ᠬᠤᠲᠠ ᠪᠠᠯᠭᠠᠰᠤᠨ ᠤ ᠬᠠᠮᠢᠶᠠᠷᠤᠯᠲᠠ ᠶᠢ ᠴᠢᠩᠭᠠᠳᠬᠠᠨ᠎ᠠ᠃ ︽ᠪᠦᠬᠦ ᠰᠢᠶᠠᠨ ᠤ ᠤᠯᠤᠰ  ᠶᠢᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠪᠡ︾ ᠶᠢ ᠨᠠᠶᠢᠷᠠᠭᠤᠯᠤᠨ ᠵᠤᠬᠢᠶᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ︽ᠭᠤᠷᠪᠠᠨ ᠣᠷᠣᠨ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠵᠠᠭᠠᠭᠯᠠᠨ  ᠲᠤᠭᠳᠠᠭᠠᠵᠤ᠂  ᠤᠶᠢᠯᠡᠳᠪᠦᠷᠢᠯᠡᠯ ᠤᠨ ᠣᠷᠣᠨ ᠵᠠᠶ ᠶᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠶᠢᠯᠭᠠᠬᠤ᠂ ᠠᠮᠢᠳᠤᠷᠠᠯ ᠤᠨ ᠣᠷᠣᠨ ᠵᠠᠶ ᠶᠢ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠯᠭᠠᠬᠤ᠂ ᠠᠮᠢ ᠠᠬᠤᠶ ᠶᠢᠨ ᠣᠷᠣᠨ ᠵᠠᠶ ᠶᠢ ᠠᠭᠤᠯᠠ ᠤᠰᠤ ᠲᠤᠩᠭᠠᠯᠠᠭ ᠪᠠᠶᠢᠯᠭᠠᠬᠤ ᠬᠠᠷᠠᠯᠲᠠ ᠶᠢ ᠪᠡᠶᠡᠯᠡᠭᠦᠯᠦᠨ᠎ᠡ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠵᠦ᠂ ᠬᠠᠭᠤᠴᠢᠨ ᠵᠢᠵᠢᠭ ᠲᠤᠭᠤᠷᠢᠭ᠂ ᠵᠡᠭᠡᠯᠢ ᠳᠠᠭᠠᠭᠰᠠᠨ ᠵᠢᠵᠢᠭ ᠭᠤᠳᠤᠮᠵᠢ ᠪᠠᠷ ᠲᠤᠰᠬᠠᠶ ᠳᠡᠭᠡᠭᠰᠢᠯᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠮᠤᠬᠤᠷᠳᠠᠯ ᠢ ᠴᠡᠪᠡᠷᠯᠡᠵᠦ᠂ 3 ᠰᠠᠭᠤᠷᠢ ᠬᠤᠭ ᠨᠣᠪᠰᠢ ᠰᠢᠢᠳᠪᠦᠷᠢᠯᠡᠬᠦ ᠲᠠᠯᠠᠪᠠᠢ ᠶᠢ ᠰᠢᠨ᠎ᠡ ᠪᠠᠷ ᠪᠠᠶᠢᠭᠤᠯᠤᠨ᠎ᠠ᠃ ᠵᠦᠸᠧᠽᠢ ᠱᠠᠨ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠴᠥᠭᠦᠷᠥᠮ ᠵᠡᠷᠭᠡ ᠢᠨᠵᠧᠨᠧᠷᠢᠩ ᠢ ᠪᠦᠲᠦᠭᠡᠨ ᠪᠠᠶᠢᠭᠤᠯᠵᠤ᠂  ᠴᠢ ᠰᠢᠶᠠ ᠶᠢᠩ ᠪᠣᠬᠢᠷ ᠤᠰᠤ  ᠰᠢᠢᠳᠪᠦᠷᠢᠯᠡᠬᠦ  ᠤᠶᠢᠯᠡᠳᠪᠦᠷᠢ  ᠶᠢᠨ ᠥᠨᠳᠥᠷ ᠦᠷ᠎ᠡ ᠪᠦᠲᠦᠮᠵᠢᠲᠡᠶ ᠡᠵᠡᠩᠨᠡᠬᠦ ᠶᠢ ᠲᠦᠯᠬᠢᠨ ᠠᠬᠢᠭᠤᠯᠤᠨ᠎ᠠ᠃ ᠤᠰᠤ ᠬᠠᠩᠭᠠᠬᠤ᠂ ᠢᠯᠴᠢ ᠬᠠᠩᠭᠠᠬᠤ ᠬᠠᠭᠤᠴᠢᠨ ᠬᠤᠭᠤᠯᠠᠶ ᠶᠢᠨ ᠲᠣᠣᠷ ᠢ ᠰᠡᠯᠪᠢᠨ ᠵᠠᠰᠠᠵᠤ ᠥᠭᠡᠷᠡᠴᠢᠯᠡᠵᠦ᠂ 5 ᠰᠠᠭᠤᠷᠢ ᠤᠰᠤ ᠪᠠᠷ ᠴᠡᠪᠡᠷᠰᠢᠭᠦᠯᠬᠦ ᠵᠣᠷᠯᠣᠩ ᠰᠢᠨ᠎ᠡ ᠪᠠᠷ ᠪᠠᠶᠢᠭᠤᠯᠵᠤ᠂ ᠬᠤᠲᠠ ᠶᠢᠨ ᠶᠠᠪᠤᠳᠠᠯ ᠤᠨ ᠵᠠᠮ ᠵᠢᠴᠢ ᠶᠠᠪᠠᠭᠠᠨ ᠬᠥᠮᠦᠨ ᠤ ᠵᠠᠮ ᠤᠨ ᠬᠠᠮᠠᠭᠠᠯᠠᠯᠲᠠ ᠶᠢ 4500 ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠨᠡᠭᠦᠲᠡᠯ ᠠᠷᠠᠳ ᠤᠨ ᠲᠣᠭᠤᠷᠢᠭ ᠤᠨ ᠵᠠᠮ ᠢ 4 ᠺᠢᠯᠣᠮᠧᠲᠷ ᠥᠭᠡᠷᠡᠴᠢᠯᠡᠨ ᠪᠠᠶᠢᠭᠤᠯᠵᠤ ᠥᠷᠭᠡᠳᠬᠡᠪᠡ᠃ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠳᠥᠭᠦᠮ ᠪᠦᠳᠦᠭᠦᠯᠢᠭ ᠣᠷᠣᠨ  ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠦᠯᠡᠳᠡᠭᠳᠡᠯ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠡᠷᠲᠡᠬᠡᠨ ᠪᠡᠶᠡᠯᠡᠭᠦᠯᠦᠨ᠎ᠡ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠶᠢ ᠲᠦᠷᠭᠡᠳᠬᠡᠵᠦ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠤᠶᠢᠯᠡᠴᠢᠯᠡᠭᠡ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠠᠰᠠᠮᠠᠯ ᠵᠠᠮ ᠤᠨ ᠠᠶᠤᠯ ᠦᠭᠡᠶ ᠤᠶᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠠᠮᠲᠤᠷᠠᠨ ᠥᠷᠨᠢᠭᠦᠯᠵᠦ᠂ ᠵᠠᠮ ᠠᠷᠠᠴᠢᠯᠠᠨ ᠬᠠᠮᠠᠭᠠᠯᠠᠬᠤ ᠶᠢ ᠴᠢᠩᠭᠠᠳᠬᠠᠨ᠂ ᠲᠣᠯᠣᠭᠠᠶ ᠨᠢ ᠲᠠᠰᠤᠷᠠᠭᠰᠠᠨ ᠵᠠᠮ  ᠢ ᠬᠤᠯᠪᠣᠵᠤ᠂ ᠶᠠᠳᠠᠭᠤ ᠶᠢ ᠲᠡᠳᠬᠦᠬᠦ ᠵᠠᠮ ᠢ ᠥᠷᠭᠡᠳᠬᠡᠬᠦ ᠬᠡᠷᠡᠭᠲᠡᠶ᠃ 353 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠷᠭᠤᠳᠤᠭᠠᠷ ᠰᠤᠮᠤᠨ ᠤ 35 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠭᠤᠣᠯ ᠪᠣᠯᠭᠠᠨ  ᠪᠠᠭᠳᠠᠭᠠᠮᠵᠢ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 2878 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠴᠠᠬᠢᠯᠭᠠᠨ ᠲᠣᠤᠷ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃  ᠴᠢ ᠰᠢᠶᠠ ᠶᠢᠩ ᠪᠠᠯᠭᠠᠰᠤ ᠪᠠ ᠪᠠᠶᠠᠨᠰᠢᠯᠢ ᠪᠠᠯᠭᠠᠰᠤᠨ ᠳᠤ ᠬᠥᠳᠡᠭᠡ ᠲᠣᠰᠬᠤᠨ ᠤ ᠣᠷᠴᠢᠨ ᠲᠣᠭᠤᠷᠢᠨ  ᠢ  ᠶᠡᠷᠦᠩᠬᠡᠶᠢᠯᠡᠨ ᠴᠡᠭᠴᠡᠯᠡᠨ ᠵᠠᠰᠠᠬᠤ ᠲᠤᠷᠰᠢᠯᠲᠠ ᠬᠢᠵᠦ᠂ ᠬᠥᠳᠡᠭᠡ ᠲᠣᠰᠬᠤᠨ ᠤ ︽ᠪᠤᠵᠠᠷ ᠰᠠᠮᠠᠭᠤᠨ ᠮᠠᠭᠤ︾ ᠪᠠᠶᠢᠳᠠᠯ ᠢ ᠲᠦᠢᠯᠪᠤᠷᠢᠲᠠᠶ ᠬᠤᠪᠢᠷᠠᠭᠤᠯᠤᠨ᠎ᠠ᠃ ᠣᠨᠳᠣᠤ ᠭᠠᠵᠠᠷ ᠨᠡᠭᠦᠯᠭᠡᠵᠦ ᠬᠠᠭᠤᠴᠢᠨ ᠢ ᠨᠤᠷᠠᠭᠠᠨ ᠳᠠᠬᠢᠨ ᠬᠠᠭᠠᠯᠪᠤᠷᠢᠯᠠᠬᠤ ᠶᠢ ᠶᠡᠬᠡᠪᠡᠷ ᠲᠦᠯᠬᠢᠨ ᠠᠬᠢᠭᠤᠯᠵᠤ᠂ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠤᠷᠰᠢᠯᠲᠠ ᠬᠢᠭᠰᠡᠨ ᠰᠠᠭᠤᠷᠢᠨ ᠳᠡᠭᠡᠷ᠎ᠡ᠂ ︽ᠵᠣᠷᠯᠣᠩ ᠤᠨ ᠬᠤᠪᠢᠰᠬᠠᠯ︾ ᠢ ᠠᠯᠬᠤᠮ ᠬᠤᠪᠢᠶᠠᠨ ᠳᠡᠯᠭᠡᠷᠡᠭᠦᠯᠦᠨ᠎ᠡ᠃ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠰᠬᠤᠨ︾ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ︾ ᠵᠡᠷᠭᠡ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ 3 — 5 ᠠᠵᠤ  ᠤᠶᠢᠯᠡᠰ ᠤᠨ ᠣᠨᠴᠠᠯᠢᠭ ᠢᠶᠠᠷ ᠢᠯᠡ ᠲᠣᠳᠣ᠂ ᠠᠮᠢ ᠠᠬᠤᠶ ᠶᠢᠨ ᠣᠷᠴᠢᠨ ᠲᠣᠭᠤᠷᠢᠨ ᠨᠢ ᠭᠤᠶᠢᠳᠠ ᠰᠠᠶᠢᠬᠠᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠵᠢᠭᠤᠯᠴᠢᠯᠠᠬᠤ ᠳᠤ ᠲᠣᠬᠢᠷᠠᠮᠵᠢᠲᠠᠶ ᠤᠨᠴᠠᠯᠢᠬᠳᠤ ᠠᠶᠢᠯ  ᠲᠤᠰᠬᠤᠨ ᠢ ᠪᠥᠲᠥᠭᠡᠨ ᠪᠠᠶᠢᠭᠤᠯᠤᠨ᠎ᠠ᠃ ︵ᠳᠦᠷᠪᠡ︶ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ  ᠲᠠᠰᠤᠷᠠᠯᠲᠠ ᠦᠭᠡᠢ ᠨᠡᠮᠡᠭᠳᠡᠭᠦᠯᠦᠨ᠎ᠡ    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ᠪᠠᠭᠤᠯᠭᠠᠬᠤ ᠤᠶᠠᠯᠳᠤᠭᠤᠯᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ︽ᠨᠢᠭᠡ ᠰᠦᠯᠵᠢᠶ᠎ᠡ︾  ᠶᠢᠨ ᠨᠡᠶᠢᠳᠡᠮ ᠭᠦᠢᠴᠡᠳᠬᠡᠬᠦ ᠨᠣᠷᠮ᠎ᠠ᠂ ︽ᠨᠢᠭᠡ ᠴᠣᠩᠬᠤ︾ ᠶᠢᠨ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠪᠠ  ᠦᠨᠳᠦᠷ ᠳᠠᠪᠲᠠᠮᠵᠢᠲᠤ ᠣᠯᠠᠨ ᠨᠡᠶᠢᠲᠡ ᠶᠢᠨ ᠤᠶᠢᠯᠡᠴᠢᠯᠡᠭᠡᠨ ᠤ ᠵᠦᠢᠯᠡᠰ ᠤᠨ ︽ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠬᠦ︾ ᠪᠦᠷᠬᠦᠴᠡ ᠶᠢᠨ ᠨᠣᠷᠮ᠎ᠠ ᠶᠢ ᠴᠥᠮ 80% ᠠᠴᠠ ᠳᠡᠭᠡᠭᠰᠢ ᠳᠤ ᠬᠦᠷᠦᠭᠦᠯᠦᠨ᠎ᠡ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠤᠬᠢᠷᠠᠭᠤᠯᠭ᠎ᠠ ᠳᠤ ᠬᠦᠴᠢᠷᠲᠡᠶ᠂ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠯᠡᠪᠡᠯ ᠵᠠᠪᠠᠯ  ᠢᠲᠡᠭᠡᠵᠦ᠂ ᠬᠢᠪᠡᠯ ᠵᠠᠪᠠᠯ ᠦᠷ᠎ᠡ ᠪᠦᠲᠦᠮᠵᠢ ᠭᠠᠷᠭᠠᠵᠤ᠂ ᠢᠯᠡ ᠲᠣᠳᠣ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ᠂ ᠥᠷᠢᠰᠥᠯᠳᠦᠭᠡᠨ ᠲᠠᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ᠂ ᠬᠤᠳᠠᠯᠳᠤᠭᠠᠴᠢᠨ ᠢ ᠳᠣᠲᠣᠨᠣᠴᠢᠯᠠᠵᠤ ᠬᠤᠳᠠᠯᠳᠤᠭᠠᠴᠢᠨ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠴᠢᠨᠠᠷ ᠰᠠᠶᠢᠲᠠᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠨ ᠬᠦ ᠭᠠᠷᠮᠠᠭᠠᠶ ᠪᠠᠯᠠ ᠮᠥᠩᠭᠦ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠬᠦᠴᠦᠷᠬᠡᠭ ᠶᠡᠭᠡ ᠬᠥᠳᠡᠯᠭᠡᠭᠦᠷ ᠪᠣᠯᠭᠠᠬᠤ ᠪᠠᠷ ᠴᠢᠷᠮᠠᠶᠢᠨ᠎ᠠ᠃   ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠦᠴᠦᠯᠡᠨ ᠬᠤᠪᠢᠷᠠᠭᠤᠯᠵᠤ᠂ ᠬᠠᠮᠵᠢᠯᠴᠠᠭᠰᠠᠨ ᠥᠨᠳᠥᠷ ᠪᠦᠲᠦᠮᠵᠢᠲᠡᠶ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠤᠷᠪᠠᠨ ᠡᠷᠬᠡ ᠶᠢ ᠰᠠᠯᠭᠠᠬᠤ︾ ᠳᠦᠷᠢᠮ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠵᠠᠯᠭᠠᠮᠵᠢ ᠠᠵᠢᠯ ᠢ ᠰᠠᠶᠢᠳᠤᠷ ᠠᠳᠬᠤᠵᠤ᠂ ᠣᠨᠳᠣᠤ ᠭᠠᠵᠠᠷ ᠨᠡᠭᠦᠯᠭᠡᠵᠦ ᠨᠡᠭᠦᠯᠭᠡᠨ ᠭᠠᠷᠭᠠᠬᠤ ᠣᠷᠣᠨ ᠤ ᠰᠤᠯᠠ ᠲᠠᠯᠪᠢᠵᠤ  ᠪᠠᠶᠢᠭ᠎ᠠ ᠭᠠᠵᠠᠷ ᠰᠢᠷᠣᠶ ᠶᠢ ᠶᠡᠷᠦᠩᠬᠡᠶᠢᠯᠡᠨ ᠠᠰᠢᠭᠯᠠᠬᠤ ᠶᠢ ᠲᠦᠷᠭᠡᠳᠬᠡᠨ᠎ᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ᠬᠤᠪᠢ ᠣ‌‍ᠷᠣᠭᠤᠯᠵᠤ ᠬᠤᠷᠰᠢᠬᠤ ᠳᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠲᠠᠷᠢᠶᠠᠴᠢᠳ ᠲᠤ ᠬᠠᠮᠲᠤ ᠶᠢᠨ ᠡᠳ᠋ ᠬᠥᠷᠥᠩᠭᠡ ᠳᠤ ᠨᠠᠩ ᠣᠯᠠᠨ ᠡᠷᠬᠡ ᠠᠰᠢᠭ ᠣᠯᠭᠤᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡ ᠴᠣᠭᠴᠠᠵᠢᠭᠰᠠᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠦᠩᠭᠦ ᠶᠢ ᠠᠮᠢᠳᠤᠯᠢᠭ ᠪᠣᠯᠭᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠶᠠᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠤᠯᠤᠰ ᠤᠨ ᠥᠮᠴᠢᠯᠡᠯ ᠤᠨ ᠬᠦᠷᠦᠩᠭᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠦᠨᠡᠮᠯᠡᠯ ᠢ ᠬᠠᠰᠤᠵᠤ ᠠᠷᠠᠳ ᠲᠤ ᠳᠥᠭᠦᠮ ᠦᠵᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠳᠡᠩᠰᠡᠯᠡᠯᠲᠡ ᠶᠢᠨ ᠪᠥᠬᠦ ᠶᠠᠪᠤᠴᠠ ᠶᠢ ᠡᠯᠤᠺᠲᠷᠤᠨᠴᠢᠯᠠᠬᠤ ᠪᠠ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠬᠡᠷᠡᠭᠯᠡᠯᠲᠡ ᠶᠢ ᠠᠬᠢᠭᠤᠯᠵᠤ᠂ ︽ᠬᠢᠨᠠᠨ ᠬᠠᠷᠭᠤᠭᠤᠯᠬᠤ ᠶᠢ ᠨᠡᠶᠢᠯᠡᠭᠦᠯᠦᠨ ᠨᠢᠭᠡ ᠪᠣᠯᠭᠠᠬᠤ︾ ᠳᠡᠩᠰᠡᠯᠡᠯᠲᠡ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠡᠷᠡᠭ ᠡᠷᠬᠢᠯᠡᠬᠦ ᠶᠠᠪᠤᠴᠠ ᠳᠤ ᠣᠷᠣᠰᠢᠵᠤ ᠪᠠᠶ᠋ᠭ᠎ᠠ ᠣᠯᠠᠨ ᠵᠦᠢᠯ ᠤᠨ ᠭᠡᠷᠡᠴᠢ᠂ ᠳᠠᠪᠬᠤᠷᠳᠠᠭᠤᠯᠤᠨ ᠭᠡᠷᠡᠴᠢᠯᠡᠬᠦ ᠶᠢ ᠪᠦᠬᠦ ᠲᠠᠯ᠎ᠠ ᠪᠠᠷ ᠢᠯᠭᠠᠷᠠᠭᠤᠯᠵᠤ᠂ ᠭᠤᠶᠤᠴᠢᠯᠠᠯ ᠤᠨ ᠮᠠᠲ᠋ᠧᠷᠢᠶᠠᠯ ᠢ ᠬᠠᠮᠤᠭ ᠤᠨ ᠶᠡᠭᠡ ᠬᠡᠮᠵᠢᠶ᠎ᠡ ᠪᠠᠷ ᠴᠣᠮᠬᠠᠳᠬᠠᠵᠤ᠂ ᠬᠡᠷᠡᠭ ᠡᠷᠬᠢᠯᠡᠬᠦ ᠴᠠᠭ ᠤᠨ ᠬᠢᠵᠠᠭᠠᠷ ᠢ ᠪᠠᠭᠠᠰᠬᠠᠨ᠎ᠠ᠃    ᠨᠡᠩ ᠥᠨᠳᠥᠷ ᠲᠡᠰ ᠳᠠᠪᠬᠤᠷᠭ᠎ᠠ ᠶᠢᠨ ᠭᠠᠳᠠᠭᠰᠢ ᠨᠡᠭᠡᠭᠡᠯᠳᠡ ᠶᠢ ᠠᠬᠢᠭᠤᠯᠤᠨ᠎ᠠ᠃ ᠪᠡᠭᠡᠵᠢᠩ ᠠᠴᠠ ᠬᠥᠬᠡᠬᠤᠲᠠ ᠬᠦᠷᠬᠦ ᠳᠡᠭᠡᠲᠦ ᠬᠤᠷᠳᠤᠴᠠᠲᠤ ᠲᠡᠮᠦᠷ ᠵᠠᠮ ᠨᠡᠪᠲᠡᠷᠡᠬᠦ ᠠᠵᠠ ᠲᠣᠬᠢᠶᠠᠯ  ᠢ ᠠᠰᠢᠭᠯᠠ᠂ ᠨᠡᠭᠡᠭᠡᠯᠲᠡ ᠬᠢᠵᠦ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠨᠡᠶᠢᠰᠯᠡᠯ ᠳᠤ ᠨᠢᠭᠡ ᠴᠠᠭ᠂ ᠣᠷᠣᠨ ᠤ ᠲᠥᠪ ᠨᠢ ᠬᠠᠭᠠᠰ ᠴᠠᠭ ᠤᠨ ᠠᠵᠤ ᠠᠬᠤᠢ ᠶᠢᠨ ᠲᠣᠭᠤᠷᠢᠭ ᠲᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠬᠦᠴᠦᠨ ᠢ ᠪᠤᠵᠠᠭᠠᠶᠢᠷᠠᠭᠤᠯᠤᠨ᠎ᠠ᠃ ᠡᠯ᠎ᠡ ᠲᠥᠷᠥᠯ ᠤᠨ ᠦᠵᠡᠭᠦᠯᠦᠯᠭᠡ᠂ ᠲᠠᠨᠢᠯᠴᠠᠭᠤᠯᠬᠤ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠳᠠᠪᠠᠭᠤᠯᠢᠭ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠠᠰᠢᠭᠯᠠᠨ ᠪᠦᠬᠦ ᠲᠠᠯ᠎ᠠ ᠶᠢᠨ ᠬᠢᠨ ᠳᠤ ᠭᠠᠷᠮᠠᠭᠠᠶ ᠬᠢᠷᠢ ᠬᠡᠮ ᠲᠠᠢ ᠪᠠᠶᠢᠬᠤ ᠶᠠᠪᠤᠴᠠ ᠳᠤ ᠬᠥᠭᠵᠢᠯᠲᠡ ᠶᠢᠨ ᠲᠣᠬᠢᠶᠠᠯ ᠢ ᠡᠷᠢᠯᠬᠢᠯᠡᠨ᠎ᠡ᠃ ︵ᠲᠠᠪᠤ︶ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠵᠠ ᠵᠢᠷᠭᠠᠯ ᠢ ᠦᠨᠡᠨᠬᠦ ᠨᠡᠮᠡᠭᠳᠡᠭᠦᠯᠦᠨ᠎ᠡ    ᠨᠡᠶᠢᠭᠡᠮ ᠤᠨ ᠪᠠᠲᠤᠯᠠᠭ᠎ᠠ ᠶᠢ ᠣᠯᠠᠨ ᠳᠡᠰ ᠳᠠᠪᠬᠤᠷᠭ᠎ᠠ ᠪᠠᠷ ᠪᠦᠷᠢᠨᠰᠢᠭᠦᠯᠦᠨ᠎ᠡ᠃ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠵᠣᠬᠢᠴᠠᠭ ᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠨ ᠬᠢᠨᠠᠮᠠᠭᠠᠢ ᠰᠠᠶᠢᠲᠤᠷ ᠬᠢᠨ᠎ᠡ᠃  ᠳᠡᠭᠡᠲᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠵᠡᠮᠳᠡᠭᠴᠦᠳ ᠵᠢᠴᠢ ᠣᠨᠳᠣᠤ ᠭᠠᠵᠠᠷ ᠲᠤ ᠨᠡᠭᠦᠭᠰᠡᠨ ᠣᠯᠠᠨ ᠲᠦᠮᠡᠨ ᠵᠡᠷᠭᠡ ᠬᠥᠮᠦᠰ ᠲᠤ ᠠᠵᠢᠯ ᠣᠯᠭᠤᠬᠤ ᠶᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ ᠃ ᠨᠡᠶᠢᠭᠡᠮ ᠤᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ᠂ ᠠᠰᠠᠷᠠᠨ ᠬᠠᠷᠠᠭᠠᠯᠵᠠᠬᠤ ᠵᠡᠷᠭᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠤᠨᠴᠠᠭᠠᠢ ᠬᠦᠴᠢᠷᠳᠡᠯᠲᠡᠶ ᠬᠠᠮᠲᠤᠯᠢᠭ ᠢ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠪᠠ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠤᠨ᠎ᠠ᠃    ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ 2020 ᠤᠨ ᠤ ᠪᠦᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂  ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠴᠤᠤᠶᠠᠩ ᠲᠤᠭᠤᠷᠢᠭ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠤᠷᠭᠠᠨ ᠬᠥᠮᠦᠵᠢᠯ ᠤᠨ ᠲᠡᠩᠴᠡᠭᠦᠷᠢᠲᠠᠢ ᠬᠥᠭᠵᠢᠯᠲᠡ ᠶᠢ ᠠᠬᠢᠭᠤᠯᠤᠨ᠎ᠠ᠃ ᠪᠠᠭᠰᠢ ᠶᠢᠨ ᠡᠩᠨᠡᠭᠡᠨ ᠤ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ  ᠦᠭᠡᠷᠡᠴᠢᠯᠡᠯᠲᠡ ᠶᠢ ᠭᠦᠨᠵᠡᠭᠡᠶ ᠥᠷᠨᠢᠭᠦᠯᠵᠦ᠂ ᠰᠤᠷᠭᠠᠭᠤᠯᠢ ᠶᠢᠨ ᠬᠠᠮᠢᠶᠠᠷᠤᠯᠲᠠ ᠨᠠᠷᠢᠯᠢᠭ ᠪᠤᠰᠤ᠂ ᠵᠢᠭᠠᠨ ᠰᠤᠷᠭᠠᠬᠤ ᠬᠢᠷᠢ ᠬᠡᠮᠵᠢᠶ᠎ᠡ ᠥᠨᠳᠥᠷ ᠪᠤᠰᠤ᠂ ᠴᠢᠨᠠᠷ ᠰᠠᠶᠢᠲᠠᠶ ᠰᠤᠷᠤᠭᠴᠢ ᠶᠢᠨ ᠢᠷᠡᠯᠲᠡ ᠭᠠᠳᠠᠭᠰᠢ ᠤᠷᠤᠰᠬᠤ ᠵᠡᠷᠭᠡ ᠪᠣᠳᠠᠲᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠰᠤᠷᠭᠠᠨ ᠬᠥᠮᠦᠵᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ  ᠵᠦᠢᠯ ᠢ ᠬᠤᠭᠤᠴᠠᠭ᠎ᠠ ᠶᠣᠰᠣᠭᠠᠷ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠨᠠᠰᠤᠲᠠᠶᠢᠴᠤᠳ ᠤᠨ ᠶᠡᠭᠡ ᠰᠤᠷᠭᠠᠭᠤᠯᠢ ᠪᠣᠯᠤᠨ ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ ᠬᠡᠤᠬᠡᠳ ᠤᠨ  ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠪᠦᠲᠦᠭᠡᠨ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠤᠷᠤᠯᠳᠤᠭᠠᠨ ᠢ ᠰᠠᠶᠢᠲᠤᠷ ᠡᠷᠭᠢᠯᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ  ᠠᠬᠢᠭᠤᠯᠵᠤ᠂ ︽ᠡᠷᠡᠭᠦᠯ ᠮᠡᠨᠳᠦ ᠶᠢᠨ ᠭᠠᠷᠮᠠᠭᠠᠶ ᠮᠡᠳᠡᠯᠭᠡ︾ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠡᠮᠴᠢᠯᠡᠭᠡᠨ ᠤ ᠮᠡᠷᠭᠡᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠰᠢᠶᠠᠨ ᠤ ᠡᠮᠨᠡᠯᠭᠡ ᠶᠢᠨ ᠬᠤᠷᠢᠶ᠎ᠠ᠂ ᠳᠤᠮᠳᠠᠳᠤ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠢᠷᠢ  ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠢ ᠨᠢᠭᠡ ᠴᠣᠭᠴᠠᠵᠢᠭᠤᠯᠤᠨ ᠬᠠᠮᠢᠶᠠᠷᠬᠤ ᠠᠵᠢᠯ ᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠰᠢᠰᠲ᠋ᠧᠮᠵᠢ ᠶᠢᠨ ᠲᠣᠤᠷ ᠰᠦᠯᠵᠢᠶᠡᠨ ᠤ ᠰᠠᠭᠤᠷᠢ ᠶᠢ ᠪᠠᠬᠢᠵᠢᠭᠦᠯᠦᠨ᠎ᠡ᠃ ᠬᠦᠨᠳᠦ ᠶᠡᠭᠡ ᠬᠢᠵᠢᠭ  ᠲᠡᠭᠦᠯᠳᠡᠷᠵᠢᠭᠦᠯᠵᠦ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠪᠣᠳᠠᠲᠠᠶ ᠠᠳᠬᠤᠵᠤ᠂ ᠴᠠᠭ ᠪᠠ ᠪᠠᠶᠢᠳᠠᠯ ᠢ ᠦᠨᠳᠦᠰᠦᠯᠡᠨ ᠭᠠᠳᠠᠨ᠎ᠠ ᠠᠴᠠ ᠰᠡᠷᠭᠡᠶᠢᠯᠡᠨ ᠣᠷᠣᠭᠤᠯᠬᠤ᠂  ᠲᠤᠲᠤᠭᠠᠲᠦ ᠠᠴᠠ ᠰᠡᠷᠭᠡᠶᠢᠯᠡᠨ ᠳᠠᠬᠢᠨ ᠬᠦᠨᠳᠦᠷᠡᠬᠦ ᠶᠢ ᠰᠡᠷᠭᠡᠶᠢᠯᠡᠬᠦ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ︽ᠥᠯᠵᠡᠢ ᠪᠡᠯᠭᠡᠲᠦ ᠶᠢᠰᠦᠨ ᠳᠠᠭᠤᠯᠠᠯ · ᠦᠵᠡᠰᠬᠦᠯᠡᠩᠲᠦ ᠰᠠᠶᠢᠬᠠᠨ ᠰᠣᠳᠣᠨ ᠰᠣᠶᠣᠯ︾ ᠰᠣᠶᠣᠯ ᠤᠨ ᠨᠠᠶᠢᠷ᠂ ᠰᠢᠷᠠᠭᠰᠠᠨ ᠲᠠᠬᠢᠶᠠᠨ ᠤ ᠠᠮᠲᠠᠲᠤ ᠢᠳᠡᠭᠡᠨ ᠤ ᠵᠢᠭᠤᠯᠴᠢᠯᠠᠯ ᠤᠨ ᠰᠣᠶᠣᠯ ᠤᠨ ᠨᠠᠶᠢᠷ᠂ ᠲᠠᠷᠢᠶᠠᠴᠢᠳ ᠤᠨ ᠤᠷᠠᠨ ᠰᠠᠶᠢᠬᠠᠨ ᠤ ᠲᠣᠭᠯᠠᠯᠲᠠ ᠵᠡᠷᠭᠡ ᠰᠣᠶᠣᠯ ᠲᠠᠮᠢᠷ ᠤᠨ ᠬᠥᠳᠡᠯᠭᠡᠭᠡᠨ ᠢ ᠦᠷᠭᠦᠯᠵᠢᠯᠡᠨ ᠰᠠᠶᠢᠲᠤᠷ ᠡᠷᠬᠢᠯᠡᠨ᠎ᠡ᠃ ᠲᠣᠰᠬᠤᠨ ︵ᠨᠡᠶᠢᠭᠡᠮ ᠲᠣᠭᠤᠷᠢᠭ︶ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ᠂ ᠰᠢᠨ᠎ᠡ ᠴᠠᠭ ᠦᠶ ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠷᠠᠳᠢᠣ᠋ ᠲᠧᠯᠸᠢᠰ ᠢ ᠲᠣᠰᠬᠤᠨ ᠪᠣᠯᠭᠠᠨ ᠳᠤ ᠨᠡᠪᠲᠡᠷᠡᠭᠦᠯᠬᠦ ᠵᠡᠷᠭᠡ ᠦᠨᠳᠦᠰᠦᠨ ᠱᠠᠲᠤᠨ ᠤ ᠰᠣᠶᠣᠯ ᠤᠨ ᠵᠢᠭᠰᠠᠭᠠᠯ ᠤᠨ ᠭᠠᠵᠠᠷ ᠢ ᠭᠦᠢᠴᠡᠳ ᠬᠡᠷᠡᠭᠯᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠥᠭᠡᠳᠡᠯᠡᠨ ᠳᠠᠪᠰᠢᠬᠤ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠤᠯᠤᠰ ᠠᠴᠠ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠣᠷᠣᠰᠢᠭᠤᠯᠭ᠎ᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠢ ᠡᠨᠡ ᠵᠢᠯ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠤᠶᠢᠯᠡᠳᠤᠯ ᠢ ᠭᠦᠢᠴᠡᠳ ᠪᠠᠳᠠᠷᠠᠭᠤᠯᠤᠨ᠎ᠠ᠃ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠠᠷᠠᠳ ᠤᠨ ᠠᠭᠠᠷ ᠤᠨ  ᠰᠡᠷᠭᠡᠶᠢᠯᠡᠯᠲᠡ᠂ ᠳᠠᠩᠰᠠ ᠡᠪᠬᠡᠮᠡᠯ ᠲᠡᠤᠬᠡ ᠣᠶᠢᠯᠠᠯᠭ᠎ᠠ᠂ ᠴᠠᠭ ᠠᠭᠤᠷ ᠭᠠᠵᠠᠷ ᠬᠥᠳᠡᠯᠦᠯᠲᠡ᠂ ᠰᠣᠨᠢᠨ ᠮᠡᠳᠡᠭᠡ ᠷᠠᠳᠢᠣ᠋ ᠲᠧᠯᠸᠢᠰ᠂ ᠡᠮᠡᠭᠲᠡᠶᠢᠴᠦᠳ ᠬᠡᠤᠬᠡᠳ᠂ ᠬᠥᠮᠦᠯᠢᠭ ᠲᠦᠭᠡᠮᠡᠯ ᠬᠠᠶᠢᠷ᠎ᠠ᠂ ᠵᠡᠮᠳᠡᠭᠴᠦᠳ ᠤᠨ ᠬᠤᠯᠪᠣᠭ᠎ᠠ ᠶᠢᠨ ᠨᠠᠰᠤᠲᠠᠳ᠂ ᠠᠵᠤ ᠤᠶᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠨᠡᠶᠢᠭᠡᠮ ᠤᠨ ᠪᠤᠰᠤᠳ ᠡᠯ᠎ᠡ  ᠵᠦᠢᠯ ᠤᠨ  ᠤᠶᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠦᠨ᠎ᠡ᠃   ᠨᠡᠶᠢᠭᠡᠮ ᠤᠨ ᠵᠠᠰᠠᠯᠲᠠ ᠶᠢ ᠥᠨᠳᠥᠷ ᠲᠦᠪᠰᠢᠨ ᠢᠶᠠᠷ ᠲᠦᠯᠬᠢᠨ ᠠᠬᠢᠭᠤᠯᠤᠨ᠎ᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠣᠯᠠᠨ ᠡᠰᠢᠴᠢᠯᠡᠭᠰᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠵᠥᠷᠢᠴᠡᠯ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠪᠠᠷ ᠴᠢᠷᠮᠠᠶᠢᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠵᠤ᠂ ᠨᠡᠶᠢᠭᠡᠮ  ᠤᠨ ᠣᠷᠴᠢᠨ ᠲᠣᠭᠤᠷᠢᠨ ᠢ ᠦᠷᠭᠦᠯᠵᠢᠯᠡᠨ ᠴᠡᠪᠡᠷᠰᠢᠭᠦᠯᠦᠨ᠎ᠡ᠃ ᠬᠠᠤᠯᠢ ᠪᠠᠷ ᠰᠢᠶᠠᠨ ᠢ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠵᠦ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠴᠢᠯᠡᠭᠰᠡᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ︽ᠥᠯᠵᠡᠶ︾ ᠶᠢᠨ ᠬᠡᠷᠡᠭᠯᠡᠭᠡᠨ ᠤ ᠲᠠᠪᠴᠠᠩ ᠢ ᠥᠷᠭᠡᠨ ᠢᠶᠠᠷ ᠳᠡᠯᠭᠡᠷᠡᠭᠦᠯᠦᠨ ᠬᠡᠷᠡᠭᠯᠡᠵᠦ᠂ ᠨᠡᠶᠢᠭᠡᠮ ᠤᠨ ᠬᠠᠮᠢᠶᠠᠷᠣᠯᠲᠠ ᠶᠢᠨ ᠤᠶᠤᠨᠴᠢᠯᠠᠯᠲᠠ ᠶᠢ ᠪᠡᠶᠡᠯᠡᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠦᠷᠢᠶᠡᠨ ᠳᠠᠬᠢ ᠲᠤᠰᠬᠠᠶ ᠵᠦᠢᠯ ᠤᠨ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ ᠠᠷᠠᠳ ᠣᠯᠠᠨ ᠤ ︽ᠢᠳᠡᠵᠦ ᠤᠤᠭᠤᠬᠤ ᠪᠠᠨ ᠰᠠᠨᠠᠭ᠎ᠠ ᠠᠮᠤᠷ ᠪᠠᠶᠢᠯᠭᠠᠬᠤ︾ ᠶᠢ ᠦᠨᠡᠨ ᠬᠦ ᠪᠠᠲᠤᠯᠠᠨ᠎ᠠ᠃ ᠠᠶᠤᠯᠭᠦᠶ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ  ᠪᠠᠶᠢᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂  ᠨᠡᠯᠢᠶᠡᠳ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠨ ᠵᠣᠭᠰᠣᠭᠠᠵᠤ᠂ ᠠᠵᠤ ᠠᠬᠤᠶᠢᠯᠠᠯ ᠤᠨ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠣᠷᠣᠨ ᠪᠠᠶᠢᠷᠢ ᠶᠢᠨ ︽ᠮᠠᠰᠢᠨ ᠢᠶᠠᠷ ᠬᠥᠮᠦᠨ ᠰᠣᠯᠢᠬᠤ︾ ᠶᠢ ᠪᠡᠶᠡᠯᠡᠭᠦᠯᠬᠦ ᠶᠢ ᠠᠬᠢᠭᠤᠯᠤᠨ᠎ᠠ᠃ ᠭᠠᠷᠮᠠᠭᠠᠶ ᠬᠢᠷᠢ ᠲᠦᠪᠰᠢᠨ ᠪᠦᠬᠦᠢ ᠪᠣᠳᠠᠲᠤ ᠪᠠᠶᠢᠳᠠᠯ ᠳᠤ ᠰᠠᠭᠤᠷᠢᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠰᠦᠪᠡᠭᠴᠢᠯᠡᠬᠦ ᠪᠠ ᠵᠣᠯᠭᠠᠭᠤᠯᠵᠤ᠂ ᠨᠡᠶᠢᠭᠡᠮ ᠤᠨ ᠵᠠᠰᠠᠯᠲᠠ ᠶᠢᠨ ᠬᠠᠷᠠᠯᠲᠠ ᠪᠠ ᠦᠷ᠎ᠡ ᠪᠦᠲᠦᠮᠵᠢ ᠶᠢ ᠪᠡᠶᠡᠯᠡᠭᠦᠯᠦᠨ᠎ᠡ᠃ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ    ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠪᠠᠶᠢᠩᠭᠤᠵᠢᠭᠤᠯᠵᠤ᠂ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠲᠠᠨ ᠤ ︽ᠳᠥᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬ ᠡᠵᠦ᠂ ᠠᠵᠢᠯ ᠤᠨ ᠲᠣᠭᠲᠠᠭᠠᠯᠲᠤ ᠴᠢᠨᠠᠷ ᠢᠶᠠᠷ ᠪᠠᠶᠢᠳᠠᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠵᠤ᠂ ᠵᠠᠰᠠᠭ ᠤᠨ ᠤᠷᠳᠤᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠡᠶᠡᠯᠡᠭᠦᠯᠦᠨ᠎ᠡ᠃ ︽ᠭᠤᠷᠪᠠᠨ ᠴᠢᠬᠤᠯᠠ ᠨᠢᠭᠡ ᠶᠡᠭᠡ︾ ᠵᠡᠷᠭᠡ ᠳᠦᠷᠢᠮ  ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠪᠦᠲᠦᠮᠵᠢᠲᠡᠶ  ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠢᠷᠤᠮᠵᠢᠯ ᠢ ᠠᠬᠢᠭᠤᠯᠤᠨ᠂ ᠵᠠᠰᠠᠭ ᠤᠨ ᠤᠷᠳᠤᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ ᠪᠠᠷᠢᠬᠤ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠠᠤᠯᠢ ᠴᠠᠭᠠᠵᠠ ᠶᠢᠨ  ᠤᠶᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠤᠯᠢ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠤᠶᠢᠯᠡᠳᠤᠯ ᠢ ᠪᠠᠳᠠᠷᠠᠭᠤᠯᠵᠤ᠂ ᠬᠠᠤᠯᠢ ᠪᠠᠷ  ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠥᠭᠵᠢᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ  ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ  ᠶᠢᠨ ᠰᠠᠨᠠᠭᠤᠯᠭ᠎ᠠ ᠵᠥᠪᠯᠡᠯᠭᠡ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠬᠢᠨᠠᠮᠠᠭᠠᠶ ᠰᠠᠶᠢᠲᠤᠷ ᠡᠷᠬᠢᠯᠡᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ  ᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠡᠷᠬᠡ ᠶᠢᠨ ᠢᠯᠡ ᠪᠠᠷ ᠶᠠᠪᠤᠭᠳᠠᠬᠤ ᠶᠢ ᠠᠬᠢᠭᠤᠯᠤᠨ᠎ᠠ᠃    ᠵᠣᠷᠢᠯᠲᠠ ᠶᠢᠨ ᠤᠬᠠᠮᠰᠠᠷ ᠢᠶᠠᠨ ᠪᠠᠲᠤ ᠴᠡᠭᠡᠵᠢᠯᠡᠵᠦ᠂ ᠠᠷᠠᠳ ᠤᠨ ᠲᠥᠯᠥᠭᠡ ᠲᠦᠷᠦ ᠪᠠᠷᠢᠬᠤ ᠶᠢ ᠢᠮᠠᠭᠲᠠ  ᠪᠡᠶᠡᠯᠡᠭᠦᠯᠦᠨ᠎ᠡ᠃ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠪᠠᠲᠤ ᠪᠠᠬᠢ ᠪᠤᠢ ᠪᠣᠯᠭᠠᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠬᠤ ᠶᠢ  ᠪᠠᠷᠢᠮᠲᠠᠯᠠᠵᠤ ᠂ ᠴᠠᠭ ᠢᠮᠠᠭᠲᠠ ᠠᠷᠠᠳ ᠣᠯᠠᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠤᠴᠢᠷ ᠶᠠᠪᠤᠳᠠᠯ ᠪᠦᠲᠦᠭᠡᠬᠦ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠪᠡ᠃ ᠦᠨᠡᠨ ᠠᠴᠠ ᠵᠥᠪ ᠢ ᠡᠷᠢᠬᠦ ᠠᠵᠢᠯ ᠤᠨ ᠣᠪᠣᠷ ᠪᠠ ᠪᠤᠰᠢᠭᠤ ᠱᠠᠯᠠᠮᠠᠭᠠᠢ ᠠᠵᠢᠯ ᠤᠨ ᠰᠤᠷᠲᠠᠯ ᠢ ᠪᠠᠷᠢᠮᠲᠠᠯᠠᠵᠤ᠂ ᠴᠢᠬᠤᠯᠠ ᠠᠵᠢᠯ᠂ ᠭᠤᠣᠯᠳᠠᠯᠭ᠎ᠠ ᠲᠠᠢ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠢ ᠮᠥᠷᠳᠡᠨ ᠱᠠᠭᠠᠷᠳᠠᠨ ᠰᠢᠢᠳᠪᠦᠷᠢᠯᠡᠬᠦ ᠶᠢ ᠴᠢᠩᠭᠠᠳᠬᠠᠵᠤ᠂ ︽ᠠᠯᠵᠠᠭᠤ ᠵᠠᠯᠬᠠᠭᠤ︾ ᠶᠢ ᠦᠷᠭᠦᠯᠵᠢᠯᠡᠨ ᠵᠠᠰᠠᠵᠤ᠂ ︽ᠳᠤᠮᠳᠠᠬᠢ ᠲᠦᠭᠵᠢᠷᠡᠯ︾ ᠢ ᠡᠷᠡᠰ ᠨᠡᠪᠲᠡᠷᠡᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠨᠠᠷᠢᠯᠢᠭᠵᠢᠭᠤᠯᠤᠨ ᠪᠣᠳᠠᠲᠠᠶᠢᠵᠢᠭᠤᠯᠤᠨ᠎ᠠ᠃ ᠬᠤᠷᠠᠯ ᠢ ᠤᠯᠠᠮ ᠨᠢᠭᠡ ᠠᠯᠬᠤᠮ ᠴᠣᠮᠬᠠᠳᠬᠠᠵᠤ᠂ ᠪᠢᠴᠢᠭ ᠮᠠᠲ᠋ᠧᠷᠢᠶᠠᠯ ᠢ ᠪᠠᠭᠠᠰᠬᠠᠵᠤ᠂ ᠠᠵᠢᠯ ᠶᠠᠪᠤᠳᠠᠯ ᠤᠨ ᠴᠢᠨᠠᠷᠲᠠᠢ ᠠᠵᠢᠯᠯᠠᠭ᠎ᠠ ᠶᠢ ᠪᠠᠭᠠᠰᠬᠠᠵᠤ᠂ ᠨᠡᠩ ᠤᠯᠠᠨ ᠤᠶᠤᠨ ᠴᠢᠳᠠᠯ ᠢᠶᠠᠨ ᠬᠥᠭᠵᠢᠯᠲᠡ ᠶᠢ ᠲᠦᠯᠬᠢᠨ ᠠᠬᠢᠭᠤᠯᠬᠤ ᠂ ᠠᠷᠠᠳ ᠲᠦᠮᠡᠨ ᠳᠤ ᠦᠶ᠋ᠯᠡᠴᠢᠯᠡᠬᠦ ᠳᠡᠭᠡᠷ᠎ᠡ ᠲᠥᠪᠯᠡᠷᠡᠭᠦᠯᠬᠦ ᠬᠡᠷᠡᠭᠲᠡᠶ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠮᠠᠶ᠋ᠢᠭ ᠤᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯ ᠳᠤ ᠤᠶᠢᠯᠡᠴᠢᠯᠡᠬᠦ ︽ ᠤᠶᠢᠯᠡᠴᠢᠯᠡᠭᠴᠢ︾ ᠪᠤᠯᠵᠤ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠨᠢ  ᠰᠢᠢᠳᠪᠦᠷᠢᠯᠡᠵᠦ ᠥᠭᠬᠦ ᠬᠡᠷᠡᠭᠲᠡᠶ᠃ ᠨᠢᠭᠡᠳᠦᠭᠡᠷ ᠹᠷᠣᠨᠲ ᠤᠨ ᠳᠠᠷᠤᠯᠲᠠ ᠶᠢ ᠣᠶᠢᠯᠠᠭᠠᠵᠤ᠂ ᠺᠠᠳ᠋ᠷ ᠤᠨ ᠠᠵᠢᠯ ᠢ ᠳᠡᠮᠵᠢᠵᠦ᠂ ᠦᠨᠳᠦᠰᠦᠨ ᠱᠠᠲᠤᠨ ᠳᠤ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ ᠥᠭᠭᠦᠨ᠎ᠡ᠃    ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭ᠎ᠠ ᠠᠳᠬᠤᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠢᠮᠠᠭᠲᠠ ᠪᠡᠶᠡᠯᠡᠭᠦᠯᠦᠨ᠎ᠡ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠲᠥᠪ ᠤᠨ  ᠨᠠᠶᠢᠮᠠᠨ ᠵᠤᠷᠪᠤᠰ ᠲᠤᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠶ  ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠪᠠᠭᠠᠰᠬᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠨ᠂ ︽ᠭᠤᠷᠪᠠ ᠶᠢ ᠪᠠᠲᠤᠯᠠᠬᠤ︾ ᠪᠠᠲᠤᠯᠠᠭ᠎ᠠ ᠶᠢᠨ ᠬᠤᠷᠢᠭ᠎ᠠ  ᠱᠤᠭᠤᠮ ᠢ ᠪᠠᠲᠤ ᠰᠠᠬᠢᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠡᠬᠢ ᠪᠠᠶᠠᠯᠢᠭ ᠤᠨ ᠬᠤᠪᠢᠶᠠᠷᠢᠯᠠᠯᠲᠠ ᠵᠡᠷᠭᠡ ᠭᠤᠤᠯᠳᠠᠯᠭ᠎ᠠ ᠲᠠᠢ  ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠠᠬᠢᠯᠭ᠎ᠠ ᠪᠠᠲᠤ ᠪᠣᠯᠤᠨ ᠳᠦᠷᠢᠮ ᠲᠣᠭᠲᠠᠭᠠᠯ ᠢ ᠢᠮᠠᠭᠲᠠ ᠲᠡᠷᠢᠭᠦᠨ ᠳᠤ ᠲᠠᠯᠪᠢᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠬᠥᠮᠦᠵᠢᠯ ᠢ ᠴᠢᠩᠭᠠᠳᠬᠠᠵᠤ᠂ ᠪᠤᠰᠤᠳ ᠤᠨ ᠬᠦᠨᠳᠦ  ᠰᠤᠷᠭᠠᠮᠵᠢ ᠶᠢ ᠰᠢᠩᠭᠡᠭᠡᠨ ᠠᠪᠴᠤ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠺᠠᠳ᠋ᠷ ᠢᠯᠵᠠᠷᠠᠯ ᠢ ᠡᠰᠡᠷᠭᠦᠴᠡᠬᠦ ᠰᠡᠷᠭᠡᠶᠢᠯᠡᠯᠲᠡ ᠶᠢᠨ  ᠱᠤᠭᠤᠮ ᠢ ᠦᠨᠡᠨ ᠬᠦ ᠪᠠᠲᠤ ᠴᠣᠭᠴᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠠᠷᠠᠳ᠊ ᠤᠨ ᠲᠥᠯᠥᠭᠡ ᠪᠣᠳᠠᠲᠠᠶ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃    ᠲᠥᠯᠥᠭᠡᠯᠡᠭᠴᠢᠳ ᠡ᠂ ᠪᠦᠯᠬᠦᠮᠳᠡᠨ ᠨᠢᠭᠲᠠᠷᠠᠵᠤ ᠬᠦᠴᠦᠨ ᠢᠶᠠᠨ ᠨᠢᠭᠲᠠᠷᠠᠭᠤᠯᠵᠤ᠂ ᠪᠣᠳᠠᠲᠠᠢ ᠠᠵᠢᠯᠯᠠᠵᠤ ᠢᠷᠡᠭᠡᠳᠦᠢ ᠶᠢ ᠡᠭᠦᠳᠦᠨ ᠪᠦᠲᠦᠭᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂  ᠳᠡᠭᠡᠲᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠦᠵᠡᠰᠬᠦᠯᠡᠩᠲᠦ ᠰᠠᠶᠢᠬᠠᠨ ᠭᠠᠷᠮᠠᠭᠠᠢ ᠬᠢᠷᠢ ᠬᠡᠮ ᠢ ᠲᠦᠷᠭᠡᠳᠬᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕                                 ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2