2020 ᠣᠨ ᠤ 5 ᠰᠠᠷ᠎ᠠ ᠶᠢᠨ 12 ᠤᠨ ᠡᠳᠦᠷ ᠵᠦᠸᠧᠽᠢ ᠰᠢᠶᠠᠨ ᠤ ᠪᠠᠶᠠᠨᠰᠢᠯᠢ ᠪᠠᠯᠭᠠᠰᠤᠨ ᠤ ᠨᠠᠰᠤᠲᠠᠨ ᠢ | ᠠᠰᠠᠷᠠᠬᠤ ᠬᠦᠷᠢᠶᠡᠯᠡᠩ ᠰᠢᠶᠠᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ︽ᠬᠢᠵᠢᠭ ᠤᠨ ᠪᠠᠶᠢᠳᠠᠯ ᠢ ᠡᠰᠡᠷᠭᠦᠴᠡᠨ | ᠂ ᠬᠠᠶᠢᠷ᠎ᠠ ᠬᠠᠯᠠᠮᠵᠢ ᠬᠦᠷᠭᠡᠬᠦ︾ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠶᠢ ᠤᠭᠲᠤᠨ ᠠᠪᠴᠢᠷᠠᠪᠠ᠃ | ᠰᠢᠶᠠᠨ ᠤ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠪᠠᠶᠠᠨᠰᠢᠯᠢ ᠪᠠᠯᠭᠠᠰᠤᠨ ᠤ ᠨᠠᠰᠤᠲᠠᠨ ᠢ ᠠᠰᠠᠷᠠᠬᠤ | ᠬᠦᠷᠢᠶᠡᠯᠡᠩ ᠤᠨ ᠠᠷᠠᠳ ᠲᠤ ᠬᠤᠪᠴᠠᠰᠤ ᠬᠤᠨᠠᠷ᠂ ᠢᠳᠡᠭᠡᠨ ᠤ ᠮᠠᠲ᠋ᠧᠷᠢᠶᠠᠯ ᠬᠦᠷᠭᠡᠵᠦ ᠢᠷᠡᠭᠰᠡᠨ ᠪᠥᠭᠡᠳ | ᠡᠮᠨᠡᠯᠭᠡ ᠶᠢᠨ ᠬᠤᠷᠢᠶᠠᠨ ᠤ ᠠᠷᠠᠳ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠨᠠᠷᠢᠨ | ᠲᠠᠶᠢᠯᠠᠪᠦᠷᠢᠯᠠᠨ ᠥᠭᠴᠡᠶ᠃ ᠰᠠᠶᠢᠨ ᠳᠤᠷ᠎ᠠ ᠶᠢᠨ ᠠᠵᠢᠯᠯᠠᠭᠴᠢ ᠪᠠ ᠬᠦᠷᠢᠶᠡᠯᠡᠩ ᠤᠨ ᠠᠷᠠᠳ ᠲᠠᠢ ᠰᠠᠨᠠᠯ | ᠰᠣᠯᠢᠯᠴᠠᠬᠤ ᠶᠠᠪᠤᠴᠠ ᠳᠤ᠂ ᠪᠠᠶᠢᠨ ᠪᠠᠶᠢᠨ ᠬᠥᠮᠦᠰ ᠤᠨ ᠳᠤᠮᠳᠠ ᠠᠴᠠ ᠪᠠᠶᠠᠷ ᠪᠠᠶᠠᠰᠬᠤᠯᠠᠩᠲᠤ ᠢᠨᠢᠶᠡᠳᠦ ᠶᠢᠨ | ᠳᠠᠭᠤᠨ ᠰᠣᠨᠣᠰᠳᠠᠵᠤ᠂ ᠰᠠᠶᠢᠨ ᠳᠤᠷ᠎ᠠ ᠶᠢᠨ ᠬᠥᠳᠡᠯᠭᠡᠭᠡᠨ ᠨᠢ ᠬᠦᠷᠢᠶᠡᠨ ᠤ ᠠᠷᠠᠳ ᠨᠢᠭᠡᠪᠦᠷᠢ ᠶᠢᠨ ᠰᠡᠳᠬᠢᠯ ᠢ | ᠳᠤᠯᠠᠭᠠᠴᠠᠭᠤᠯᠪᠠ᠃ | ᠬᠠᠯᠠᠭᠤᠨ ᠳᠣᠲᠣᠨᠣ ᠰᠠᠶᠢᠨ ᠳᠤᠷ᠎ᠠ ᠶᠢᠨ ᠠᠵᠢᠯᠯᠠᠭᠴᠢ ᠪᠠᠰᠠ ᠬᠦᠷᠢᠶᠡᠯᠡᠩ ᠤᠨ ᠠᠷᠠᠳ ᠲᠤ ᠦᠰᠦ ᠠᠪᠴᠦ᠂ | ᠲᠡᠷᠡᠴᠢᠯᠡᠨ ᠡᠮᠨᠡᠯᠭᠡ ᠶᠢᠨ ᠬᠤᠷᠢᠶᠠᠨ ᠤ ᠠᠷᠠᠳ ᠠᠴᠠ ᠬᠤᠪᠢ ᠬᠥᠮᠦᠨ ᠤ ᠡᠷᠡᠭᠦᠯ ᠬᠠᠮᠠᠭᠠᠯᠠᠯ ᠢ ᠰᠠᠶᠢᠲᠤᠷ ᠶᠠᠷᠢᠨ | ᠦᠭᠴᠦ᠂ ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠲᠠᠢ ᠢᠳᠡᠪᠬᠢᠲᠡᠶ ᠬᠠᠮᠵᠢᠯᠴᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠪᠠᠶᠢᠨ ᠪᠠᠶᠢᠨ ᠰᠠᠨᠠᠭᠤᠯᠵᠤ ᠪᠠᠶᠢᠪᠠ᠃ | ᠦᠳᠡ ᠣᠶᠢᠷᠠᠳᠬᠤ ᠦᠶ᠎ᠡ ᠳᠤ ᠰᠠᠶᠢᠨ ᠳᠤᠷᠠᠴᠤᠳ ᠪᠣᠯᠤᠨ ᠨᠠᠰᠤᠲᠠᠨ ᠠᠰᠠᠷᠠᠬᠤ ᠬᠦᠷᠢᠶᠡᠯᠡᠩ ᠤᠨ ᠠᠵᠢᠯᠲᠠᠳ | ᠲᠠᠢ ᠬᠠᠮᠲᠦ ᠪᠠᠩᠰᠢ ᠪᠤᠭᠤᠵᠤ ᠦᠳᠡ ᠶᠢᠨ ᠬᠤᠭᠤᠯᠠᠨ ᠤ ᠴᠠᠭ ᠲᠤ ᠬᠦᠷᠢᠶᠡᠨ ᠤ ᠠᠷᠠᠳ ᠪᠦᠷ ᠬᠠᠯᠠᠭᠤᠨ ᠪᠠᠩᠰᠢ | ᠠᠮᠲᠠᠯᠠᠭᠰᠠᠨ ᠪᠠᠶᠢᠨ᠎ᠠ᠃ ᠲᠡᠳᠡᠨ ᠤ ᠢᠨᠢᠶᠡᠮᠰᠦᠭᠯᠡᠭᠰᠡᠨ ᠴᠢᠷᠠᠢ ᠪᠠᠷ ᠪᠢᠯᠬᠠᠵᠤ ᠪᠠᠶᠢᠬᠤ ᠶᠢ ᠦᠵᠡᠭᠡᠳ᠂ ᠰᠠᠶᠢᠨ | ᠳᠤᠷᠠᠴᠤᠳ ᠪᠦᠷ ᠴᠢᠷᠠᠢ ᠳᠦᠭᠦᠷᠡᠩ ᠪᠠᠶᠠᠰᠴᠢᠬᠠᠪᠠ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠳᠡᠯᠭᠡᠷᠡᠭᠦᠯᠵᠦ᠂ ᠨᠠᠰᠤᠲᠠᠨ ᠢ ᠠᠰᠠᠷᠠᠬᠤ | ᠬᠦᠷᠢᠶᠡᠯᠡᠩ ᠤᠨ ᠠᠷᠠᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠩᠬᠠᠷᠴᠤ᠂ ︽ ᠨᠠᠰᠤᠲᠠᠨ ᠢ ᠬᠦᠨᠳᠦᠯᠡᠬᠦ᠂ | ᠨᠠᠰᠤᠲᠠᠨ ᠢ ᠠᠰᠠᠷᠠᠬᠤ᠂ ᠨᠠᠰᠤᠲᠠᠨ ᠢ ᠬᠠᠶᠢᠷᠠᠯᠠᠬᠤ︾ ᠳᠤᠮᠳᠠᠳᠤ ᠶᠢᠨ ᠤᠯᠠᠮᠵᠢᠯᠠᠯᠲᠦ ᠰᠠᠶᠢᠬᠠᠨ ᠵᠠᠩ ᠰᠤᠷᠲᠠᠯ ᠢ | ᠪᠠᠳᠠᠷᠠᠭᠤᠯᠤᠨ ᠤᠯᠠᠮᠵᠢᠯᠠᠨ᠎ᠠ᠃ ᠮᠠᠨ ᠤ ᠨᠡᠶᠢᠭᠡᠮ ᠢ ᠨᠡᠩ ᠡᠶ᠎ᠡ ᠵᠣᠬᠢᠴᠠᠯ ᠲᠠᠢ᠂ ᠨᠡᠩ ᠰᠠᠶᠢᠨ ᠰᠠᠶᠢᠬᠠᠨ ᠪᠣᠯᠭᠠᠬᠤ | ᠪᠣᠯᠤᠨ᠎ᠠ᠃ | | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ | |