ᠡᠨᠡ ᠵᠢᠯ ᠤᠨ 5 ᠰᠠᠷ᠎ᠠ ᠶᠢᠨ 15 ᠤ ᠡᠳᠦᠷ ᠪᠣᠯ ᠠᠷᠪᠠᠨ ᠨᠢᠭᠡᠳᠦᠭᠡᠷ ᠪᠦᠬᠦ ᠤᠯᠤᠰ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠲᠡᠭᠦᠨ ᠢ | ᠰᠡᠷᠭᠡᠶᠢᠯᠡᠬᠦ ᠤᠬᠠᠭᠤᠯᠭ᠎ᠠ ᠶᠢᠨ ᠡᠳᠦᠷ ᠪᠣᠯᠤᠨ᠎ᠠ᠃ 5 ᠰᠠᠷ᠎ᠠ ᠶᠢᠨ 15 ᠤ ᠦᠳᠡ ᠡᠮᠦᠨ᠎ᠡ᠂ ᠳᠡᠭᠡᠲᠦ ᠱᠠᠲᠤᠨ ᠤ | ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠵᠦᠸᠧᠽᠢ ᠰᠢᠶᠠᠨ ᠨᠢ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠲᠠᠢ ᠬᠠᠮᠲᠤᠷᠠᠨ ᠰᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠪᠠᠩᠬᠢ ᠶᠢᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠪᠠᠩᠬᠢ᠂ ᠰᠢᠤᠳᠠᠨ ᠤ ᠬᠠᠳᠠᠭᠠᠯᠠᠮᠵᠢ ᠶᠢᠨ | ᠪᠠᠩᠬᠢ᠂ ᠠᠷᠠᠳ ᠤᠨ ᠪᠠᠩᠬᠢ᠂ ᠮᠧᠩ ᠶᠢᠨ ᠲᠣᠰᠬᠤᠨ ᠪᠠᠯᠭᠠᠰᠤᠨ ᠤ ᠪᠠᠩᠬᠢ᠂ ᠢᠲᠡᠭᠡᠮᠵᠢ ᠶᠢᠨ ᠬᠤᠯᠪᠣᠭᠠᠲᠤ | ᠬᠤᠷᠰᠢᠶ᠎ᠠ ᠵᠡᠷᠭᠡ ᠨᠠᠶᠢᠮᠠᠨ ᠨᠢᠭᠡᠴᠡ ᠶᠢ ᠵᠣᠬᠢᠶᠠᠨ ᠪᠠᠶᠢᠭᠤᠯᠵᠤ ᠵᠦᠸᠧᠽᠢ ᠰᠢᠶᠠᠨ ᠤ ᠲᠥᠩ ᠯᠧ ᠠᠭᠤᠳᠠᠮ | ᠲᠠᠯᠠᠪᠠᠢ ᠳᠤ ︽ᠠᠷᠠᠳ ᠲᠠᠢ ᠰᠡᠳᠬᠢᠯ ᠨᠢᠭᠡᠳᠴᠦ᠂ ᠲᠠᠨ ᠳᠤ ᠰᠠᠬᠢᠨ ᠬᠠᠮᠠᠭᠠᠯᠠᠬᠤ︾ ᠪᠠᠷ ᠭᠤᠤᠯ ᠰᠡᠳᠦᠪ | ᠪᠣᠯᠭᠠᠨ ᠲᠤᠬᠠᠶ ᠶᠢᠨ ᠲᠠᠯᠠᠪᠠᠢ ᠶᠢᠨ ᠤᠬᠠᠭᠤᠯᠭ᠎ᠠ ᠶᠢᠨ ᠠᠵᠢᠯᠯᠠᠭ᠎ᠠ ᠡᠷᠬᠢᠯᠡᠪᠡ᠃ | ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠢ᠂ ᠠᠰᠠᠭᠤᠨ ᠯᠠᠪᠯᠠᠬᠤ ᠲᠠᠪᠴᠠᠩ ᠭᠠᠷᠭᠠᠬᠤ᠂ | ᠤᠬᠠᠭᠤᠯᠬᠤ ᠬᠠᠭᠤᠳᠠᠰᠤ ᠡᠯᠭᠦᠬᠦ᠂ ᠮᠡᠬᠡᠯᠡᠯ ᠢ ᠰᠡᠷᠭᠡᠶᠢᠯᠡᠬᠦ ᠣᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ | ᠬᠡᠯᠪᠡᠷᠢ ᠪᠠᠷ ᠳᠠᠮᠵᠢᠨ᠂ ᠬᠠᠭᠤᠷᠮᠠᠭ ᠵᠣᠭᠤᠰ᠂ ᠪᠠᠩᠬᠢ ᠶᠢᠨ ᠺᠠᠷᠲ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ | ᠳᠠᠮᠵᠢᠭᠤᠯᠤᠨ ᠪᠣᠷᠣᠯᠠᠭᠤᠯᠬᠤ ᠵᠡᠷᠭᠡ ᠨᠡᠶᠢᠭᠡᠮ ᠨᠡᠶᠢᠲᠡ ᠶᠢᠨ ᠠᠩᠬᠠᠷᠤᠯ ᠢ ᠲᠠᠲᠠᠭᠰᠠᠨ ᠠᠵᠤ ᠠᠬᠤᠶ ᠶᠢᠨ ᠶᠠᠯᠠᠲᠤ | ᠠᠵᠢᠯᠯᠠᠭ᠎ᠠ ᠶᠢ ᠠᠵᠤ ᠠᠬᠤᠢ ᠶᠢᠨ ᠶᠠᠯᠠᠲᠤ ᠠᠵᠢᠯᠯᠠᠭ᠎ᠠ ᠶᠢᠨ ᠬᠡᠯᠪᠡᠷᠢ ᠶᠢᠨ ᠣᠨᠴᠠᠯᠢᠭ᠂ ᠮᠡᠬᠡᠯᠡᠭᠳᠡᠬᠦ ᠠᠴᠠ | ᠰᠡᠷᠭᠡᠶᠢᠯᠡᠬᠦ ᠮᠡᠳᠡᠯᠭᠡ ᠶᠢ ᠤᠯᠠᠮᠵᠢᠯᠠᠨ ᠳᠡᠯᠭᠡᠷᠡᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠵᠥᠪ ᠣᠨᠣᠪᠴᠢᠲᠠᠶ ᠡᠳ᠋ ᠤᠨ ᠶᠠᠪᠤᠳᠠᠯ ᠢ ᠬᠠᠮᠢᠶᠠᠷᠬᠤ ᠦᠵᠡᠯᠲᠡ ᠶᠢ ᠪᠤᠢ ᠪᠣᠯᠭᠠᠬᠤ᠂ ᠪᠡᠯᠡ ᠣᠷᠣᠭᠤᠯᠤᠯᠲᠠ ᠶᠢᠨ | ᠠᠷᠭ᠎ᠠ ᠵᠠᠮ ᠢ ᠣᠶᠤᠨᠴᠢ ᠪᠠᠷ ᠰᠣᠩᠭᠤᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠠᠴᠠ ᠵᠠᠶᠢᠯᠠᠬᠤ᠂ ᠥᠨᠳᠥᠷ | ᠠᠰᠢᠭ ᠤᠨ ᠥᠳᠥᠭᠡᠯᠭᠡ ᠬᠢᠬᠦ ᠶᠢ ᠲᠡᠪᠴᠢᠬᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡ | ᠲᠤᠰᠢᠶᠠᠯ ᠢᠶᠠᠨ ᠦᠨᠡᠨᠴᠢ ᠪᠠᠷ ᠭᠦᠢᠴᠡᠳᠬᠡᠬᠦ᠂ ᠶᠠᠯᠠᠲᠤ ᠠᠵᠢᠯᠯᠠᠭ᠎ᠠ ᠳᠤ ᠴᠤᠬᠢᠯᠲᠠ ᠥᠭᠬᠦ᠂ ᠠᠷᠠᠳ ᠤᠨ | ᠠᠮᠢᠳᠤᠷᠠᠯ ᠢ ᠪᠠᠲᠤᠯᠠᠬᠤ᠂ ᠬᠥᠭᠵᠢᠯᠲᠡ ᠳᠤ ᠤᠶᠢᠯᠡᠴᠢᠯᠡᠬᠦ ᠡᠷᠡᠰ ᠵᠣᠷᠢᠭ ᠢ ᠢᠯᠡᠷᠡᠭᠦᠯᠦᠨ᠎ᠡ᠃ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠵᠤ | ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠲᠡᠭᠦᠨ ᠢ ᠰᠡᠷᠭᠡᠶᠢᠯᠡᠬᠦ ᠠᠵᠢᠯ ᠳᠤ ᠬᠠᠮᠲᠤᠪᠠᠷ | ᠣᠷᠣᠯᠴᠠᠬᠤ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ | ᠢᠯᠠᠯᠲᠠ ᠶᠢ ᠣᠯᠵᠤ᠂ ᠡᠶ᠎ᠡ ᠵᠣᠬᠢᠴᠠᠯ ᠲᠠᠢ ᠲᠣᠭᠲᠠᠭᠤᠨ ᠠᠵᠤ ᠠᠬᠤᠶ ᠨᠡᠶᠢᠭᠡᠮ ᠤᠨ ᠣᠷᠴᠢᠨ ᠨᠥᠬᠦᠴᠡᠯ ᠢ ᠪᠤᠢ | ᠪᠣᠯᠭᠠᠬᠤ ᠬᠡᠷᠡᠭᠲᠡᠶ᠃ | | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ | |