ᠵᠦᠸᠧᠽᠢ ᠰᠢᠶᠡᠨ ᠤ ᠳᠧᠦ ᠬᠤᠤ ᠲᠣᠰᠬᠤᠨ ︽ᠶᠠᠳᠠᠭᠤ ᠠᠴᠠ ᠠᠩᠭᠢᠵᠢᠷᠠᠭᠤᠯᠬᠤ ᠣᠳᠣᠨ︾ ᠢ ᠰᠢᠯᠭᠠᠷᠠᠭᠤᠯᠬᠤ ᠵᠢᠴᠢ ︽ᠬᠠᠮᠤᠭ ᠤᠨ ᠭᠤᠶᠣ ᠬᠡᠷ ᠪᠦᠯᠢ︾ ᠶᠢ ᠨᠡᠶᠢᠲᠡᠯᠡᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020-05-20
    5 ᠰᠠᠷ᠎ᠠ ᠶᠢᠨ 15 ᠤ ᠡᠳᠦᠷ᠂ ᠳᠧᠦ ᠬᠤᠤ ᠲᠣᠰᠬᠤᠨ ᠤ ᠬᠤᠶᠠᠳᠤᠭᠠᠷ ᠲᠣᠰᠬᠤᠨ ᠤ ᠠᠭᠤᠳᠠᠮ ᠲᠠᠯᠠᠪᠠᠶ ᠳᠤ ︽ᠶᠠᠳᠠᠭᠤ ᠠᠴᠠ ᠠᠩᠭᠢᠵᠢᠷᠠᠭᠤᠯᠬᠤ ᠣᠳᠣᠨ︾ ᠢ ᠰᠢᠯᠭᠠᠷᠠᠭᠤᠯᠬᠤ ᠵᠢᠴᠢ ︽ᠬᠠᠮᠤᠭ ᠤᠨ ᠭᠤᠶᠣ ᠬᠡᠷ ᠪᠦᠯᠢ︾ ᠶᠢ ᠨᠡᠶᠢᠲᠡᠯᠡᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ ᠬᠠᠨ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠵᠢᠶᠡᠨ ᠵᠢᠶᠦ᠋ᠨ᠂ ᠥᠪᠡᠷᠲᠡᠭᠡᠨ ᠵᠠᠰᠠᠬᠤ ᠣᠷᠣᠨ ᠠᠴᠠ ᠵᠦᠸᠧᠽᠢ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠢᠨᠠᠨ ᠵᠢᠯᠣᠭᠤᠳᠬᠤ ᠶᠡᠷᠦᠩᠬᠡᠶ ᠠᠩᠭᠢ ᠶᠢᠨ ᠳᠡᠳ᠋ ᠳᠠᠷᠤᠭ᠎ᠠ᠂ ᠰᠢᠶᠠᠨ ᠤ ᠳᠡᠳ᠋ ᠳᠠᠷᠤᠭ᠎ᠠ ᠸᠠᠩ ᠪᠦᠦ ᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂  ᠰᠢᠶᠡᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠱᠢ ᠰᠦ ᠹᠤᠨ᠂ ᠥᠪᠥᠷ ᠮᠣᠩᠭᠤᠯ ᠤᠨ ᠡᠮᠡᠭᠲᠡᠶ ᠬᠤᠳᠠᠯᠳᠤᠭᠠᠴᠢᠳ ᠤᠨ ᠡᠪᠯᠡᠯ ᠤᠨ ᠳᠡᠳ᠋ ᠳᠠᠷᠤᠭ᠎ᠠ᠂ ᠥᠪᠥᠷ ᠮᠣᠩᠭᠤᠯ ᠤᠨ ᠬᠤᠩ ᠲᠠᠢ ᠶᠠᠩ ᠢᠳᠡᠭᠡᠨ ᠤ ᠬᠢᠵᠠᠭᠠᠷᠲᠤ  ᠺᠤᠮᠫᠠᠨᠢ ᠶᠢᠨ ᠪᠠᠶᠢᠩᠭᠤ ᠶᠢᠨ ᠳᠡᠳ᠋ ᠳᠠᠷᠤᠭ᠎ᠠ᠂ ᠥᠪᠥᠷ ᠮᠣᠩᠭᠤᠯ ᠤᠨ ᠬᠤᠩ ᠲᠠᠢ ᠶᠠᠩ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠢᠦᠶ ᠰᠢᠤ ᠯᠢᠨ ᠨᠡᠷ ᠠᠵᠢᠯᠯᠠᠭ᠎ᠠ ᠳᠤ ᠣᠷᠣᠯᠴᠠᠪᠠ᠃    ᠬᠠᠨ ᠱᠧᠩ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠠᠵᠢᠯᠯᠠᠭ᠎ᠠ ᠪᠣᠯ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠲᠤᠯᠬᠤ ᠠᠵᠢᠯ ᠪᠠ ᠭᠡᠷ ᠪᠦᠯᠢ ᠶᠢᠨ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠪᠦᠲᠦᠮᠵᠢᠲᠡᠢ ᠠᠭᠤᠰᠤᠯᠴᠠᠯ ᠪᠠ ᠲᠥᠪᠯᠡᠷᠡᠩᠭᠦᠢ ᠦᠵᠡᠭᠦᠯᠦᠯᠭᠡ ᠪᠣᠯᠤᠨ᠎ᠠ᠂ ᠥᠷᠭᠡᠨ ᠤᠯᠠᠨ ᠡᠮᠡᠭᠲᠡᠶᠢᠴᠦᠳ ᠪᠠ ᠭᠡᠷ ᠪᠦᠯᠢ ᠨᠢ ︽ᠬᠠᠮᠤᠭ ᠤᠨ ᠭᠤᠶᠤ ᠭᠡᠷ ᠪᠦᠯᠢ︾ ᠪᠠᠷ ᠳᠠᠭᠤᠷᠢᠶᠠᠯ ᠪᠣᠯᠭᠠᠬᠤ ᠶᠢ ᠬᠦᠰᠡᠵᠦ ᠪᠠᠶᠢᠨ᠎ᠠ᠃ ᠭᠡᠷ ᠪᠦᠯᠢ ᠶᠢ ᠰᠠᠶᠢᠲᠤᠷ ᠪᠦᠲᠦᠭᠡᠨ ᠪᠠᠶᠢᠭᠤᠯᠵᠤ᠂ ᠭᠡᠷ ᠤᠨ ᠬᠥᠮᠦᠵᠢᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠭᠡᠷ ᠤᠨ ᠰᠤᠷᠲᠠᠯ ᠢ ᠰᠠᠶᠢᠲᠤᠷ ᠪᠠᠳᠠᠷᠠᠭᠤᠯᠵᠤ᠂ ᠥᠭᠡᠳᠡᠯᠡᠨ ᠳᠠᠪᠰᠢᠬᠤ ᠰᠠᠶᠢᠨ ᠰᠠᠶᠢᠬᠠᠨ ᠭᠡᠷ ᠪᠦᠯᠢ ᠶᠢᠨ ᠰᠠᠶᠢᠨ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠤᠯᠤᠰ ᠢᠶᠠᠨ ᠬᠠᠶᠢᠷᠠᠯᠠᠵᠤ ᠭᠡᠷ ᠪᠦᠯᠢ ᠪᠠᠨ ᠬᠠᠶᠢᠷᠠᠯᠠᠬᠤ ᠡᠬᠡ ᠣᠷᠣᠨᠴᠢ ᠬᠠᠶᠢᠷ᠎ᠠ ᠰᠡᠳᠬᠢᠯᠭᠡ ᠶᠢ  ᠭᠦᠨᠵᠡᠭᠡᠶᠢᠷᠡᠭᠦᠯᠵᠦ᠂ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠰᠠᠶᠢᠨ ᠨᠡᠶᠢᠭᠡᠮ ᠤᠨ ᠬᠡᠪ ᠰᠤᠷᠲᠠᠯ ᠢ ᠲᠤᠯᠭᠠᠭᠤᠷᠢᠯᠠᠨ᠎ᠠ᠃    ᠵᠤᠤ ᠵᠢᠶᠠᠨ ᠵᠢᠶᠦ᠋ᠨ ᠴᠢᠬᠤᠯᠠᠴᠢᠯᠠᠭᠰᠠᠨ ᠨᠢ᠂ ᠨᠤᠲᠤᠭ ᠤᠨ ᠠᠬ᠎ᠠ ᠳᠡᠭᠦᠤ ᠨᠡᠷ ᠤᠨ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ ᠬᠠᠲᠠᠭᠤᠵᠢᠯᠲᠠᠶ ᠲᠡᠮᠡᠴᠡᠬᠦ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ  ᠪᠠᠳᠠᠷᠠᠭᠤᠯᠬᠤ ᠶᠢ ᠬᠦᠰᠡᠵᠦ ᠪᠠᠶᠢᠨ᠎ᠠ᠂ ᠬᠥᠬᠢᠭᠦᠯᠦᠭᠳᠡᠨ ᠰᠠᠶᠢᠰᠢᠶᠠᠭᠳᠠᠭᠰᠠᠨ ᠭᠡᠷ ᠪᠦᠯᠢ ᠠᠴᠠ ᠢᠳᠡᠪᠬᠢᠲᠡᠢ ᠰᠤᠷᠤᠯᠴᠠᠵᠤ᠂ ᠡᠷᠦᠬᠡ ᠪᠣᠯᠭᠠᠨ ᠬᠠᠮᠤᠭ ᠤᠨ ᠭᠤᠶᠤ ᠭᠡᠷ ᠪᠦᠯᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠨᠢ ᠬᠦᠴᠢᠷ ᠵᠣᠪᠠᠭᠤᠷᠢ ᠶᠢ ᠲᠡᠰᠪᠦᠷᠢᠯᠡᠬᠦ᠂ ᠪᠣᠭᠤᠮᠲᠠ ᠰᠢᠪᠲᠤᠯᠬᠤ ᠳᠤ ᠴᠢᠳᠠᠮᠠᠭᠠᠶ ᠲᠡᠮᠡᠴᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠶᠠᠳᠠᠭᠤ ᠬᠦᠴᠢᠷᠳᠡᠯ ᠲᠠᠢ ᠡᠷᠦᠬᠡ ᠶᠢ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ ᠠᠴᠠ  ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠭᠡᠷ ᠪᠦᠯᠢ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠥᠷᠭᠡᠨ ᠤᠯᠠᠨ ᠭᠡᠷ ᠪᠦᠯᠢ ᠪᠣᠯᠤᠨ ᠡᠮᠡᠭᠲᠡᠶᠢᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠶᠢ ᠪᠠᠳᠠᠷᠠᠭᠤᠯᠬᠤ ᠶᠢ  ᠬᠦᠲᠦᠯᠦᠨ ᠵᠢᠯᠣᠭᠤᠳᠬᠤ ᠪᠠ ᠵᠣᠷᠢᠭᠵᠢᠭᠤᠯᠬᠤ ᠬᠡᠷᠡᠭᠲᠡᠢ᠃    ᠳᠠᠷᠠᠭ᠎ᠠ ᠨᠢ ᠤᠯᠠᠭᠠᠨᠮᠥ᠋ᠴᠢᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ ᠬᠠᠨ ᠱᠧᠩ᠂ ᠵᠤᠤ ᠵᠢᠶᠠᠨ ᠵᠢᠶᠦ᠋ᠨ᠂ ᠸᠠᠩ ᠪᠦᠦ ᠵᠦ᠂ ᠱᠢ ᠰᠦ ᠹᠤᠨ᠂ ᠢᠦᠶ ᠰᠢᠤ ᠯᠢᠨ ᠨᠡᠷ ᠨᠤᠲᠤᠭ ᠤᠨ ᠠᠬ᠎ᠠ  ᠳᠡᠭᠦᠦ ᠨᠡᠷ ᠲᠠᠢ ᠬᠠᠮᠲᠤ ᠲᠣᠭᠯᠠᠯᠲᠠ ᠰᠣᠨᠢᠷᠬᠠᠪᠠ᠃   ᠰᠢᠶᠠᠨ ᠤ ᠰᠣᠶᠣᠯ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃                  ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2