ᠮᠠᠨ ᠤ ᠰᠢᠶᠠᠨ ᠤ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠬᠠᠤᠯᠢ ᠪᠤᠰᠤ ᠵᠢᠭᠡᠯᠡᠯᠭᠡ ᠲᠠᠯᠪᠢᠬᠤ᠂ ᠴᠥᠷᠬᠡᠯᠡᠭᠡ ᠵᠢᠭᠡᠯᠡᠯᠭᠡ ᠲᠠᠯᠪᠢᠬᠤ᠂ ᠰᠤᠷᠭᠠᠭᠤᠯᠢ ᠶᠢᠨ | ᠬᠦᠷᠢᠶᠡᠨ ᠤ ᠵᠢᠭᠡᠯᠡᠯᠭᠡ ᠵᠡᠷᠭᠡ ᠮᠥᠩᠭᠦᠨ ᠭᠦᠢᠯᠭᠡᠭᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠴᠦ᠂ ᠠᠵᠤ ᠠᠬᠤᠶ ᠮᠥᠩᠭᠦᠨ ᠭᠦᠢᠯᠭᠡᠭᠡᠨ ᠤ ᠡᠮᠬᠢ ᠵᠢᠷᠤᠮ ᠢ ᠬᠠᠮᠠᠭᠠᠯᠠᠵᠤ᠂ ᠠᠷᠠᠳ ᠣᠯᠠᠨ ᠤ | ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ | ᠦᠨᠳᠦᠰᠦᠯᠡᠨ᠂ ᠤᠳᠤ ᠮᠠᠨ ᠤ ᠰᠢᠶᠠᠨ ᠤ ᠬᠠᠤᠯᠢ ᠪᠤᠰᠤ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ | ᠠᠵᠢᠯᠯᠠᠭ᠎ᠠ ᠳᠤ ᠴᠣᠬᠢᠯᠲᠠ ᠥᠭᠬᠦ ᠬᠤᠯᠪᠣᠭᠳᠠᠯ ᠪᠦᠬᠦᠢ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠳᠣᠤᠷᠠᠬᠢ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠄ | 1. ᠪᠤᠰᠤᠳ ᠤᠨ ᠡᠳ᠋ ᠬᠥᠷᠥᠩᠭᠡ ᠶᠢ ᠬᠠᠤᠯᠢ ᠪᠤᠰᠤ ᠪᠠᠷ ᠡᠵᠡᠮᠰᠢᠬᠦ ᠪᠠᠷ ᠦᠨᠳᠦᠰᠦᠨ ᠵᠣᠷᠢᠯᠭ᠎ᠠ ᠪᠣᠯᠭᠠᠭᠰᠠᠨ | ᠠᠷᠠᠳ ᠤᠨ ᠬᠤᠭᠤᠷᠣᠨᠳᠣᠬᠢ ᠬᠠᠤᠯᠢ ᠪᠤᠰᠤ ᠵᠢᠭᠡᠯᠡᠯᠭᠡ ᠶᠢᠨ ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ᠃ | 2. ᠣᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠲᠠᠲᠠᠬᠤ᠂ ᠣᠯᠠᠨ ᠨᠡᠶᠢᠲᠡ ᠶᠢᠨ | ᠬᠠᠳᠠᠭᠠᠯᠠᠮᠵᠢ ᠶᠢ ᠬᠡᠯᠪᠡᠷᠢ ᠶᠢ ᠨᠢ ᠥᠭᠡᠷᠡᠲᠦᠭᠦᠯᠦᠨ ᠲᠠᠲᠠᠬᠤ ᠵᠡᠷᠭᠡ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ | ᠪᠡᠯᠡ ᠮᠦᠩᠭᠦ ᠶᠢ ᠠᠰᠢᠭᠯᠠ ᠬᠠᠤᠯᠢ ᠪᠤᠰᠤ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ ᠦᠢᠯᠡ ᠠᠵᠢᠯᠯᠠᠭ᠎ᠠ ᠳᠤ | ᠴᠣᠬᠢᠯᠲᠠ ᠥᠭᠭᠦᠨ᠎ᠡ᠃ | 3. ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠴᠢᠨ ᠮᠠᠯᠴᠢᠳ ᠲᠤ ᠥᠨᠳᠥᠷ ᠬᠦᠤ ᠲᠠᠢ ᠵᠢᠭᠡᠯᠡᠯᠭᠡ | ᠲᠠᠯᠪᠢᠬᠤ ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ᠃ | 4. ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾᠂ ︽ᠢᠵᠢ ᠲᠠᠢ ᠵᠢᠭᠡᠯᠡᠯᠭᠡ︾᠂ ︽ᠪᠡᠯᠡᠨ ᠵᠣᠭᠤᠰ ᠤᠨ | ᠵᠢᠭᠡᠯᠡᠯᠭᠡ︾ ᠵᠡᠷᠭᠡ ᠥᠨᠳᠥᠷ ᠬᠦᠤ ᠮᠥᠩᠭᠦ ︵ᠵᠠᠷᠤᠳᠠᠯ︶ ᠬᠤᠷᠢᠶᠠᠬᠤ ᠪᠠᠷ ᠵᠣᠷᠢᠯᠭ᠎ᠠ ᠪᠣᠯᠭᠠᠭᠰᠠᠨ ᠬᠡᠯᠪᠡᠷᠢ ᠶᠢ ᠨᠢ | ᠥᠭᠡᠷᠡᠲᠦᠭᠦᠯᠦᠨ ᠵᠢᠭᠡᠯᠡᠯᠭᠡ ᠲᠠᠯᠪᠢᠬᠤ ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ᠃ | 5. ᠪᠠᠩᠬᠢ ᠶᠢᠨ ᠤᠶᠢᠯᠡᠰ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠢᠭᠯᠠᠭᠰᠠᠳ ᠬᠠᠤᠯᠢ | ᠲᠣᠭᠲᠠᠭᠠᠯ ᠠᠴᠠ ᠵᠥᠷᠢᠴᠡᠭᠰᠡᠨ ᠵᠢᠭᠡᠯᠡᠯᠭᠡ ᠵᠣᠷᠢᠭᠤᠳᠠ ᠲᠠᠯᠪᠢᠭᠰᠠᠨ ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ | ᠃ | 6. ᠵᠣᠷᠢᠭᠤᠳᠠ ᠭᠡᠮᠲᠦᠭᠡᠬᠦ᠂ ᠬᠠᠤᠯᠢ ᠪᠤᠰᠤ ᠪᠠᠷ ᠬᠤᠷᠢᠬᠤ᠂ ᠭᠤᠲᠤᠭᠠᠨ ᠳᠣᠷᠣᠮᠵᠢᠯᠠᠬᠤ᠂ ᠠᠶᠤᠯᠭᠠᠨ | ᠰᠦᠷᠳᠡᠭᠦᠯᠬᠦ᠂ ᠰᠦᠷᠳᠡᠭᠦᠯᠬᠦ᠂ ᠤᠶᠢᠮᠡᠭᠦᠯᠦᠨ ᠲᠤᠶᠢᠪᠡᠭᠡᠬᠦ ᠵᠡᠷᠭᠡ ᠬᠠᠤᠯᠢ ᠪᠤᠰᠤ ᠠᠷᠭ᠎ᠠ ᠪᠠᠷᠢᠯ ᠢᠶᠠᠷ ᠵᠢᠭᠡᠯᠡᠯᠭᠡ ᠶᠢ | ᠬᠦᠴᠦᠷᠬᠡᠭᠯᠡᠯ ᠢᠶᠠᠷ ᠨᠡᠬᠡᠮᠵᠢᠯᠡᠨ ᠬᠤᠷᠢᠶᠠᠬᠤ ᠦᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ᠃ | 7. ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠳᠠᠨᠵᠢᠯᠠᠬᠤ ᠪᠠᠩᠬᠢ᠂ ᠬᠤᠳᠠᠯᠳᠤᠭᠠᠨ ᠤ ᠪᠠᠲᠤᠯᠠᠭ᠎ᠠ ᠶᠢᠨ | ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠵᠡᠷᠭᠡ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠠᠴᠠ ᠵᠥᠷᠢᠴᠡᠨ ᠵᠢᠭᠡᠯᠡᠯᠭᠡ ᠲᠠᠯᠪᠢᠬᠤ ᠦᠢᠯᠡ | ᠠᠵᠢᠯᠯᠠᠭ᠎ᠠ ᠳᠤ ᠴᠣᠬᠢᠯᠲᠠ ᠥᠭᠭᠦᠨ᠎ᠡ᠃ | 8. ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ ᠲᠤᠬᠠᠶᠢᠯᠠᠭᠰᠠᠨ ᠠᠵᠢᠯ ᠤᠨ ᠬᠢᠷᠢ ᠬᠡᠮ ᠣᠯᠤᠭᠰᠠᠨ | ᠥᠬᠡᠶ ᠪᠤᠰᠤᠳ ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ ︵ᠡᠳ᠋ ᠤᠨ ᠶᠠᠪᠤᠳᠠᠯ ᠤᠨ ᠵᠥᠪᠯᠡᠯᠭᠡ ᠥᠭᠬᠦ | ᠺᠣᠮᠫᠠᠨᠢ᠂ ᠪᠠᠯᠠ ᠣᠷᠣᠭᠤᠯᠤᠯᠲᠠ ᠶᠢᠨ ᠵᠥᠪᠯᠡᠯᠭᠡ ᠥᠭᠬᠦ ᠺᠣᠮᠫᠠᠨᠢ᠂ ᠰᠦᠯᠵᠢᠶᠡᠨ ᠤ ᠵᠢᠭᠡᠯᠡᠯᠭᠡ ᠶᠢᠨ ᠮᠡᠳᠡᠭᠡ | ᠵᠠᠩᠭᠢ ᠶᠢᠨ ᠵᠠᠭᠤᠴᠢ ᠵᠡᠷᠭᠡ ᠪᠠᠭᠲᠠᠨ᠎ᠠ︶ ᠵᠢᠭᠡᠯᠡᠯᠭᠡ ᠲᠠᠯᠪᠢᠬᠤ ᠪᠤᠶᠤ ᠬᠠᠤᠯᠢ ᠶᠣᠰᠣᠭᠠᠷ ᠵᠥᠪᠰᠢᠶᠡᠷᠡᠯ ᠥᠬᠡᠶ ᠪᠠᠷ | ᠮᠥᠩᠭᠦᠨ ᠭᠦᠢᠯᠭᠡᠭᠡᠨ ᠤ ᠮᠡᠳᠡᠭᠡ ᠵᠠᠩᠭᠢ ᠶᠢᠨ ᠵᠠᠭᠤᠴᠢᠯᠠᠬᠤ ᠤᠶᠢᠯᠡᠴᠢᠯᠡᠭᠡ ᠡᠷᠭᠢᠯᠡᠬᠦ ᠬᠠᠤᠯᠢ ᠠᠴᠠ ᠵᠥᠷᠢᠴᠡᠭᠰᠡᠨ | ᠤᠶᠢᠯᠡ ᠠᠵᠢᠯᠯᠠᠭ᠎ᠠ ᠳᠤ ᠴᠣᠬᠢᠯᠲᠠ ᠥᠭᠭᠦᠨ᠎ᠡ᠃ | ᠬᠤᠶᠠᠷ᠂ ᠥᠷᠭᠡᠨ ᠣᠯᠠᠨ ᠲᠦᠮᠡᠨ ᠳᠡᠭᠡᠷᠡᠬᠢ ᠬᠠᠤᠯᠢ ᠪᠤᠰᠤ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ | ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ᠂ ᠢᠯᠡᠴᠢᠯᠡᠨ ᠮᠡᠳᠡᠭᠦᠯᠦᠭᠰᠡᠨ ᠶᠠᠯ᠎ᠠ ᠬᠢᠭᠰᠡᠨ | ᠰᠦᠪᠡᠭᠴᠢ ᠶᠢ ᠪᠠᠶᠢᠴᠠᠭᠠᠨ ᠲᠣᠳᠣᠯᠠᠭᠠᠳ ᠦᠨᠡᠨ ᠪᠠᠶᠢᠪᠠᠯ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ | ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ | ᠨᠢᠭᠤᠴᠠ ᠶᠢ ᠴᠢᠩᠭ᠎ᠠ ᠬᠠᠮᠠᠭᠠᠯᠠᠨ᠎ᠠ᠃ | ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠢᠯᠡᠴᠢᠯᠡᠨ ᠮᠡᠳᠡᠭᠦᠯᠬᠦ ᠤᠲᠠᠰᠤ᠄ ᠵᠦᠸᠧᠽᠢ ᠰᠢᠶᠠᠨ ᠤ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ | ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ 0474 — 4705614 | ᠵᠦᠸᠧᠽᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠶ ᠳᠡᠩᠨᠡᠨ ᠪᠠᠶᠢᠴᠠᠭᠠᠬᠤ ᠶᠡᠭᠡ | ᠠᠩᠭᠢ 0474 - 4709605 | ᠵᠦᠸᠧᠽᠢ ᠰᠢᠶᠠᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠢᠢᠳᠪᠦᠷᠢᠯᠡᠬᠦ ᠠᠵᠢᠯ ᠶᠢᠨ ᠤᠳᠤᠷᠢᠳᠬᠤ ᠳᠤᠭᠤᠢᠯᠠᠩ | 2020 ᠣᠨ ᠤ 5 ᠰᠠᠷ᠎ᠠ ᠶᠢᠨ 19 ᠤ ᠡᠳᠦᠷ | |