2020 ᠤᠨ 5 ᠰᠠᠷ᠎ᠠ ᠶᠢᠨ 20 ᠤ ᠡᠳᠦᠷ᠂ ᠡᠨᠡᠬᠦ ᠣᠨᠴᠠᠭᠠᠢ ᠪᠠᠶᠠᠷ ᠤᠨ ᠡᠳᠦᠷ᠂ ᠮᠠᠨ ᠤ ᠰᠢᠶᠠᠨ ᠤ | ᠣᠷᠤᠭ ᠳᠠᠩᠰᠠᠯᠠᠬᠤ ᠲᠢᠩᠬᠢᠮ ᠣᠷᠤᠭ ᠳᠠᠩᠰᠠᠯᠠᠬᠤ ᠪᠠᠷ ᠢᠷᠡᠭᠰᠡᠨ ᠰᠢᠨ᠎ᠡ ᠬᠥᠮᠦᠨ ᠲᠠᠰᠤᠷᠠᠯᠲᠠ ᠦᠭᠡᠢ | ᠣᠯᠠᠰᠢᠷᠠᠵᠤ᠂ ᠳᠠᠩᠰᠠᠯᠠᠬᠤ ᠭᠠᠵᠠᠷ ᠨᠢ ᠮᠠᠰᠢ ᠬᠥᠭᠵᠢᠶᠡᠨ ᠲᠠᠢ ᠪᠠᠶᠢᠨ᠎ᠠ᠃ ᠮᠠᠨ ᠤ ᠰᠢᠶᠠᠨ ᠤᠷᠢᠳᠴᠢᠯᠠᠨ | ᠲᠣᠬᠢᠷᠠᠭᠤᠯᠵᠤ ᠠᠷᠭ᠎ᠠ ᠬᠡᠮᠵᠢᠶ᠎ᠡ ᠠᠪᠴᠤ ᠪᠦᠲᠦᠮᠵᠢᠲᠡᠶ ᠰᠠᠶᠢᠨ ᠦᠷ᠎ᠡ ᠪᠦᠲᠦᠮᠵᠢ ᠣᠯᠵᠠᠶ᠃ | ᠨᠢᠭᠡ ᠳᠤ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠪᠴᠢᠶᠠᠨ ᠳᠠᠷᠤᠭ᠎ᠠ ᠱᠤᠨ ᡁᠢ ᠫᠢᠩ | ᠤᠷᠢᠳᠴᠢᠯᠠᠨ ᠪᠠᠶᠢᠷᠢᠯᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠠᠩ ᠴᠢᠩ ᠪᠡᠶ᠎ᠡ ᠪᠠᠷ ᠢᠶᠠᠨ | ᠲᠤᠬᠠᠶ ᠶᠢᠨ ᠲᠠᠯᠠᠪᠠᠶ ᠳᠤ ᠬᠦᠷᠴᠦ ᠵᠢᠯᠣᠭᠤᠳᠤᠨ ᠵᠣᠬᠢᠴᠠᠭᠤᠯᠪᠠ︔ ᠬᠤᠶᠠᠷ ᠲᠤ ᠵᠠᠰᠠᠭ ᠤᠨ ᠶᠠᠪᠤᠳᠠᠯ ᠤᠨ | ᠤᠶᠢᠯᠡᠴᠢᠯᠡᠭᠡᠨ ᠤ ᠲᠥᠪ ᠢ ᠲᠣᠬᠢᠲᠠᠶ ᠳᠣᠭᠢᠷᠠᠭᠤᠯᠵᠤ᠂ ᠠᠮᠤᠷ ᠢ ᠬᠠᠮᠠᠭᠠᠯᠠᠬᠤ ᠲᠤᠬᠠᠶ ᠶᠢᠨ ᠲᠠᠯᠠᠪᠠᠶ ᠶᠢᠨ ᠡᠮᠬᠢ | ᠳᠢᠭᠯᠢᠮ ᠢ ᠬᠠᠮᠠᠭᠠᠯᠠᠬᠤ ᠶᠢ ᠨᠠᠶᠢᠳᠠᠪᠤᠷᠢᠵᠢᠭᠤᠯᠤᠨ᠎ᠠ︔ ᠭᠤᠷᠪᠠ ᠳᠤ ᠲᠣᠪᠴᠢᠶᠠᠨ ᠤ ᠪᠠᠶᠢᠭᠤᠯᠭ᠎ᠠ ᠶᠢᠨ ᠬᠠᠮᠢᠶ᠎ᠠ | ᠪᠥᠬᠦᠶ ᠰᠠᠯᠠᠭ᠎ᠠ ᠲᠠᠰᠤᠭ ᠤᠨ ᠠᠵᠢᠯᠲᠠᠨ ᠢ ᠰᠣᠩᠭᠤᠨ ᠰᠢᠯᠵᠢᠭᠦᠯᠵᠦ᠂ ᠣᠷᠤᠭ ᠳᠠᠩᠰᠠᠯᠠᠭᠤᠯᠬᠤ ᠶᠢ ᠬᠠᠮᠵᠢᠨ | ᠭᠦᠢᠴᠡᠳᠬᠡᠵᠦ᠂ ᠣᠷᠤᠭ ᠳᠠᠩᠰᠠᠯᠠᠭᠤᠯᠬᠤ ᠳᠠᠷᠤᠯᠲᠠ ᠶᠢ ᠨᠡᠮᠡᠭᠳᠡᠭᠦᠯᠦᠨ᠎ᠡ︔ ᠳᠥᠷᠪᠡ ᠳᠤ ᠲᠤᠰᠬᠠᠶ ᠬᠥᠮᠦᠨ | ᠲᠣᠬᠢᠷᠠᠭᠤᠯᠵᠤ᠂ ᠤᠬᠠᠭᠤᠯᠤᠨ ᠲᠠᠶᠢᠯᠪᠤᠷᠢᠯᠠᠬᠤ᠂ ᠣᠷᠤᠭ ᠳᠠᠩᠰᠠᠯᠠᠭᠤᠯᠬᠤ ᠳᠤ ᠬᠡᠷᠡᠭᠰᠡᠬᠦ ᠭᠡᠷᠡᠴᠢ ᠦᠨᠡᠮᠯᠡᠯ ᠢ | ᠪᠠᠶᠢᠴᠠᠭᠠᠨ᠎ᠠ᠃ ᠠᠰᠠᠭᠤᠨ ᠯᠠᠪᠯᠠᠬᠤ ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠳᠠᠩᠰᠠᠯᠠᠭᠤᠯᠤᠭᠰᠠᠨ | ᠡᠲᠡᠭᠡᠳ ᠲᠤ ᠠᠯᠢ ᠴᠢᠳᠠᠬᠤ ᠪᠠᠷ ᠰᠠᠶᠢᠲᠤᠷ ᠦᠢᠯᠡᠴᠢᠯᠡᠬᠦ ᠬᠡᠷᠡᠭᠲᠡᠢ︔ ᠲᠠᠪᠤ ᠳᠤ᠂ ᠠᠵᠢᠯᠯᠠᠬᠤ ᠴᠠᠭ ᠢ | ᠤᠷᠲᠤᠳᠬᠠᠵᠤ᠂ ᠠᠵᠢᠯᠲᠠᠳ ᠤᠷᠢᠳᠴᠢᠯᠠᠨ ᠠᠵᠢᠯᠯᠠᠵᠤ᠂ ᠠᠵᠢᠯ ᠠᠴᠠ ᠪᠠᠨ ᠪᠠᠭᠤᠬᠤ ᠪᠠᠨ ᠬᠤᠶᠢᠰᠢᠯᠠᠭᠤᠯᠤᠭᠠᠳ | ᠦᠳᠡ ᠳᠤ ᠠᠮᠠᠷᠠᠬᠤ ᠦᠭᠡᠢ᠂ ᠤᠷᠤᠭᠯᠠᠬᠤ ᠨᠥᠬᠦᠴᠡᠯ ᠪᠠ ᠭᠡᠷᠡᠴᠢ ᠦᠨᠡᠮᠯᠡᠯ ᠤᠨ ᠭᠡᠷᠡᠴᠢᠯᠡᠬᠦ ᠮᠠᠲ᠋ᠧᠷᠢᠶᠠᠯ ᠨᠢ | ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠬᠥᠮᠦᠨ ᠳᠤ ᠴᠥᠮ ᠤᠷᠤᠬ ᠪᠦᠷᠢᠳᠬᠡᠭᠦᠯᠬᠦ ᠠᠮᠠᠯᠠᠯᠲᠠ ᠬᠢᠵᠦ ᠪᠣᠯᠤᠨ᠎ᠠ᠃ | ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠭᠠᠳ᠂ ᠣᠷᠤᠭ ᠳᠠᠩᠰᠠᠯᠠᠭᠤᠯᠤᠭᠰᠠᠨ ᠬᠥᠮᠦᠨ ᠤ ᠲᠤᠭ᠎ᠠ ᠨᠢ ᠬᠡᠳᠦ᠋ᠢᠪᠡᠷ | ᠣᠯᠠᠨ ᠪᠣᠯᠪᠠᠴᠤ᠂ ᠡᠮᠬᠢ ᠵᠢᠷᠤᠮ ᠲᠠᠢ᠂ ᠳᠠᠩᠰᠠᠯᠠᠬᠤ ᠠᠵᠢᠯ ᠤᠷᠤᠭᠰᠢᠲᠠᠶ ᠪᠡᠶᠡᠯᠡᠭᠳᠡᠪᠡ᠃ 520 ᠪᠦᠬᠦᠯᠢ | ᠡᠳᠦᠷ ᠲᠤ ᠨᠡᠶᠢᠲᠡ 136 ᠬᠤᠣᠰ ᠤᠷᠤᠭ ᠤᠨ ᠪᠦᠷᠢᠳᠬᠡᠭᠦᠯᠦᠯᠲᠡ ᠬᠢᠯᠭᠡᠵᠡᠶ᠂ ᠡᠨᠡ ᠨᠢ ᠡᠩ ᠤᠨ ᠦᠶ᠎ᠡ ᠶᠢᠨ | ᠤᠷᠤᠭ ᠤᠨ ᠪᠦᠷᠢᠳᠬᠡᠭᠦᠯᠦᠯᠲᠡ ᠶᠢᠨ ᠬᠡᠮᠵᠢᠶᠡᠨ ᠤ 7 ᠳᠠᠬᠢᠨ ᠪᠣᠯᠤᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |