5 ᠰᠠᠷ᠎ᠠ ᠶᠢᠨ 21 ᠤ ᠡᠳᠦᠷ᠂ ᠮᠠᠨ ᠤ ᠰᠢᠶᠠᠨ ᠤ ᠠᠩᠬᠠᠳᠤᠭᠠᠷ ᠬᠤᠭᠤᠴᠠᠭᠠᠨ ᠤ ᠡᠯᠧᠺᠲᠷᠣᠨ | ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠰᠢᠭᠤᠳ ᠨᠡᠪᠲᠡᠷᠡᠭᠦᠯᠭᠡ ᠶᠢᠨ ᠪᠠᠷᠠᠭ᠎ᠠ ᠬᠤᠳᠠᠯᠳᠤᠨ ᠠᠪᠬᠤ ᠪᠠᠶᠠᠷ | ᠨᠣᠮ ᠤᠨ ᠲᠣᠮᠣ ᠠᠰᠠᠷ ᠤᠨ ᠡᠯᠧᠺᠲᠷᠣᠨ ᠬᠤᠳᠠᠯᠳᠤᠭᠠᠨ ᠤ ᠤᠶᠢᠯᠡᠴᠢᠯᠡᠭᠡᠨ ᠤ ᠲᠥᠪ ᠲᠤ ᠦᠪᠡᠳᠡᠭᠰᠢ ᠶᠡᠭᠡ ᠪᠠᠷ | ᠡᠬᠢᠯᠡᠪᠡ᠃ | ᠠᠵᠢᠯᠯᠠᠭ᠎ᠠ ᠡᠬᠢᠯᠡᠮᠡᠭᠴᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠵᠢᠶᠦ᠋ᠨ᠂ | ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠦᠸᠧᠽᠢ ᠰᠢᠶᠠᠨ ᠳᠤ ᠰᠠᠭᠤᠭ᠎ᠠ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ᠳᠠᠷᠤᠭ᠎ᠠ ᠯᠢ ᠵᠢᠶᠦ᠋ᠨ᠂ ᠰᠢᠶᠠᠨ ᠤ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠯᠢᠦ ᠳ᠋ᠡ ᠮᠤᠤ᠂ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠡᠤ ᠵᠢᠶᠠᠨ ᠴᠢᠩ ᠵᠡᠷᠭᠡ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ | ᠠᠵᠢᠯᠯᠠᠭ᠎ᠠ ᠡᠰᠬᠡᠵᠦ ᠥᠭᠴᠡᠶ᠃ | ᠦᠳᠡ ᠬᠤᠶᠢᠨᠠᠬᠢ 14 ᠴᠠᠭ 30 ᠮᠢᠨᠦ᠋ᠲ ᠲᠤ᠂ ᠰᠢᠶᠠᠨ ᠤ ᠳᠠᠷᠤᠭ᠎ᠠ ᠯᠢ ᠶᠢᠩ ︽ᠵᠦᠸᠧᠽᠢ ᠰᠢᠶᠠᠨ ᠤ | ᠠᠩᠬᠠᠳᠤᠭᠠᠷ ᠬᠤᠭᠤᠴᠠᠭᠠᠨ ᠤ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠰᠢᠭᠤᠳ | ᠨᠡᠪᠲᠡᠷᠡᠭᠦᠯᠭᠡ ᠶᠢᠨ ᠪᠠᠷᠠᠭ᠎ᠠ ᠬᠤᠳᠠᠯᠳᠤᠨ ᠠᠪᠬᠤ ᠪᠠᠶᠠᠷ︾ ᠤᠨ ᠰᠢᠭᠤᠳ ᠨᠡᠪᠲᠡᠷ ᠡᠭᠦᠯᠬᠦ ᠲᠠᠰᠤᠯᠭ᠎ᠠ ᠳᠤ ᠣᠷᠣᠵᠤ | ᠂ ᠭᠠᠷ ᠤᠲᠠᠰᠤ ᠪᠠᠷ ᠰᠢᠭᠤᠳ ᠨᠡᠪᠲᠡᠷᠡᠭᠦᠯᠬᠦ ᠬᠡᠯᠪᠡᠷᠢ ᠪᠠᠷ ᠲᠤᠬᠠᠶ ᠶᠢᠨ ᠭᠠᠵᠠᠷ ᠤᠨ ᠣᠨᠴᠠᠯᠢᠭ ᠪᠦᠬᠦᠢ | ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠷᠡᠭᠦᠯᠵᠦ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠨ᠎ᠡ | ᠃ ᠰᠢᠶᠠᠨ ᠤ ᠳᠠᠷᠤᠭ᠎ᠠ ᠨᠢᠭᠡ ᠴᠠᠭ ᠰᠢᠭᠤᠳ ᠨᠡᠪᠲᠡᠷᠡᠭᠦᠯᠵᠦ᠂ 20 ᠲᠦᠮᠡ ᠰᠢᠬᠠᠮ ᠬᠥᠮᠦᠨ ᠰᠦᠯᠵᠢᠶᠡᠨ ᠢᠶᠠᠷ | ᠦᠵᠡᠵᠦ᠂ ᠦᠳᠡ ᠶᠢᠨ ᠬᠤᠶᠢᠨᠠᠬᠢ 18 ᠴᠠᠭ ᠪᠣᠯᠲᠠᠯ᠎ᠠ ᠨᠡᠶᠢᠲᠡ 3 ᠲᠦᠮᠡ ᠰᠢᠬᠠᠮ ᠠᠷᠠᠯᠵᠢᠶ᠎ᠠ ᠪᠦᠲᠦᠵᠦ᠂ | 237 ᠲᠦᠮᠡᠨ ᠲᠦᠭᠦᠷᠢᠭ ᠪᠣᠷᠣᠯᠠᠭᠤᠯᠪᠠ᠃ ᠲᠤᠬᠠᠶ ᠶᠢᠨ ᠭᠠᠵᠠᠷ ᠤᠨ ᠵᠠᠭᠤᠨ ᠵᠢᠯ ᠤᠨ ᠪᠦᠲᠦᠭᠡᠭᠳᠡᠬᠦᠨ ᠪᠤᠯᠬᠤ | ᠤᠲᠤᠮᠠᠯ ᠳᠠᠬᠢᠶ᠎ᠠ ᠶᠢ ᠬᠡᠳᠦᠨ ᠮᠢᠨᠦ᠋ᠲ ᠳᠡᠭᠡᠷ᠎ᠡ ᠪᠤᠯᠢᠶᠠᠭᠳᠠᠨ ᠪᠤᠷᠤᠯᠠᠭᠤᠯᠪᠠ᠃ ᠠᠵᠢᠯᠯᠠᠭ᠎ᠠ ᠨᠢ ᠰᠢᠭᠤᠳ | ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠨᠢ ᠨᠢᠭᠡ ᠵᠦᠢᠯ ᠤᠨ ᠰᠢᠨ᠎ᠡ ᠬᠡᠯᠪᠡᠷᠢ ᠶᠢᠨ ᠪᠣᠷᠣᠯᠠᠭᠤᠯᠬᠤ ᠬᠡᠪ | ᠵᠠᠭᠪᠤᠷ ᠪᠣᠯᠤᠭᠰᠠᠨ ᠤ ᠬᠤᠪᠢ ᠳᠤ ᠤᠶᠢᠯᠡᠳᠬᠦᠨ ᠤ ᠪᠤᠷᠤᠯᠠᠭᠤᠯᠭ᠎ᠠ ᠶᠢᠨ ᠳᠡᠯᠪᠡᠷᠡᠯᠲᠡ ᠶᠢᠨ ᠬᠡᠯᠪᠡᠷᠢ ᠶᠢᠨ | ᠨᠡᠮᠡᠭᠳᠡᠯ ᠢ ᠠᠬᠢᠭᠤᠯᠤᠭᠰᠠᠨ ᠢ ᠳᠠᠬᠢᠨᠲᠠ ᠭᠡᠷᠡᠴᠢᠯᠡᠪᠡ᠃ | ᠡᠨᠡ ᠤᠳᠠᠭᠠᠨ ᠤ ᠵᠦᠸᠧᠽᠢ ᠰᠢᠶᠠᠨ ᠤ ᠠᠩᠬᠠᠳᠤᠭᠠᠷ ᠬᠤᠭᠤᠴᠠᠭᠠᠨ ᠤ ᠡᠯᠧᠺᠲᠷᠣᠨ ᠬᠤᠳᠠᠯᠳᠤᠭ᠎ᠠ ᠪᠠᠷ | ᠶᠠᠳᠠᠭᠤ ᠶᠢ ᠲᠡᠳᠬᠦᠬᠦ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠨ ᠠᠪᠬᠤ ᠪᠠᠶᠠᠷ ᠤᠨ ᠡᠳᠦᠷ ᠯᠢ ᠶᠢᠩ | ᠰᠢᠶᠠᠨ ᠤ ᠳᠠᠷᠤᠭ᠎ᠠ ᠠᠴᠠ ᠥᠷᠭᠡᠨ ᠣᠯᠠᠨ ᠰᠦᠯᠵᠢᠶᠡᠨ ᠠᠨᠳᠠ ᠨᠠᠷ ᠲᠤ ᠵᠦᠸᠧᠽᠢ ᠰᠢᠶᠠᠨ ᠤ ᠲᠤᠬᠠᠶ ᠶᠢᠨ | ᠭᠠᠵᠠᠷ ᠤᠨ ᠶᠠᠳᠠᠭᠤ ᠬᠦᠴᠢᠷᠳᠡᠯ ᠲᠠᠢ ᠡᠷᠦᠬᠡ ᠶᠢᠨ ᠲᠡᠵᠢᠭᠡᠨ ᠦᠷᠡᠵᠢᠭᠦᠯᠬᠦ ᠤᠶᠢᠯᠡᠳᠬᠦᠨ ᠢ ᠲᠠᠨᠢᠯᠴᠠᠭᠤᠯᠵᠠᠶ᠃ | ᠲᠠᠬᠢᠶᠠᠨ ᠥᠨᠳᠡᠭᠡ᠂ ᠬᠤᠯᠢᠮᠠᠭ ᠠᠮᠤ᠂ ᠬᠤᠮᠠ ᠶᠢᠨ ᠲᠣᠰᠣ ᠵᠡᠷᠭᠡ ᠣᠨᠴᠠᠯᠢᠭᠲᠤ ᠪᠦᠲᠦᠭᠡᠭᠳᠡᠬᠦᠨ᠂ ᠪᠦᠬᠦ | ᠰᠡᠳᠬᠢᠯ ᠤᠨ ᠲᠠᠨᠢᠯᠴᠠᠭᠤᠯᠭ᠎ᠠ ᠪᠣᠯᠤᠨ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠨᠢ ᠰᠦᠯᠵᠢᠶᠡᠨ ᠠᠨᠳᠠ ᠨᠠᠷ ᠢ | ᠨᠢᠳᠦ ᠬᠤᠵᠢᠷᠯᠠᠭᠤᠯᠵᠠᠶ᠃ ᠮᠠᠨ ᠤ ᠰᠢᠶᠠᠨ ᠶᠠᠳᠠᠭᠤ ᠬᠦᠴᠢᠷᠳᠡᠯᠲᠡᠶ ᠡᠷᠦᠬᠡ ᠶᠢ ᠣᠨᠳᠣᠤ ᠭᠠᠵᠠᠷ ᠲᠤ ᠨᠡᠭᠦᠯᠭᠡᠵᠦ᠂ | ᠲᠡᠳᠡᠨ ᠢ ᠪᠤᠶᠢᠳᠠ ᠪᠥᠭᠯᠡᠭᠦᠤ ᠪᠠᠶᠢᠰᠢᠩ ᠠᠴᠠ ᠰᠢᠨ᠎ᠡ ᠥᠨᠳᠥᠷ ᠠᠰᠠᠷ ᠲᠤ ᠨᠡᠭᠦᠯᠭᠡᠵᠦ᠂ ᠠᠮᠢᠳᠤᠷᠠᠯ ᠨᠢ ᠮᠠᠰᠢ | ᠳᠥᠭᠦᠮ ᠳᠥᠲᠡ ᠪᠣᠯᠵᠠᠶ᠃ ᠭᠠᠷ ᠤᠷᠠᠯᠠᠯ ᠤᠨ ᠪᠠᠭᠰᠢ ᠶᠢ ᠵᠠᠯᠠᠵᠤ ᠠᠪᠴᠢᠷᠠᠨ ᠲᠡᠳᠡᠨ ᠳᠤ ᠭᠠᠷ ᠤᠷᠠᠯᠠᠯ ᠤᠨ | ᠪᠦᠲᠦᠭᠡᠭᠳᠡᠬᠦᠨ ᠬᠢᠬᠦ ᠶᠢ ᠵᠢᠭᠠᠵᠤ ᠥᠭᠴᠦ᠂ ᠴᠡᠭᠡ ᠠᠷᠢᠬᠢᠨ ᠳᠡᠪᠦᠷ᠎ᠡ᠂ ᠰᠦᠯᠢᠶᠣᠣ ᠵᠦᠯᠭᠡ᠂ ᠮᠠᠰᠢᠨ ᠲᠡᠷᠭᠡᠨ ᠤ | ᠣᠯᠪᠣᠭ ᠵᠡᠷᠭᠡ ᠲᠠᠸᠠᠷ ᠢ ᠲᠡᠳᠡᠨ ᠤ ᠭᠡᠷ ᠤᠨ ᠡᠭᠦᠳᠡᠨ ᠳᠡᠭᠡᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠪᠡ᠃ | ᠪᠦᠲᠦᠭᠡᠭᠳᠡᠬᠦᠨ ᠤ ᠲᠠᠨᠢᠯᠴᠠᠭᠤᠯᠭ᠎ᠠ᠂ ᠨᠢᠭᠡ ᠬᠤᠪᠢ ᠦᠨᠡᠨ ᠰᠡᠳᠬᠢᠯᠭᠡ ᠶᠢᠨ ᠢᠯᠡᠳᠬᠡᠯ᠂ ᠵᠦᠸᠧᠽᠢ ᠰᠢᠶᠠᠨ ᠤ | ᠶᠠᠳᠠᠭᠤ ᠬᠦᠴᠢᠷᠳᠡᠯᠲᠡᠢ ᠡᠷᠦᠬᠡ ᠶᠢᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠭᠰᠠᠨ ᠲᠡᠮᠡᠴᠡᠯ ᠤᠨ ᠥᠩᠭᠡᠷᠡᠯᠲᠡ ᠶᠢ | ᠲᠡᠮᠳᠡᠭᠯᠡᠪᠡ᠃ ᠡᠨᠡ ᠤᠳᠠᠭᠠᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠪᠣᠯ ᠲᠤᠬᠠᠶ ᠶᠢᠨ ᠭᠠᠵᠠᠷ ᠤᠨ | ᠵᠠᠰᠠᠭ ᠤᠨ ᠤᠷᠳᠤᠨ ᠪᠣᠯᠤᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠵᠠᠭᠠᠭ ᠠᠯᠤᠰᠯᠠᠭᠰᠠᠨ ᠬᠠᠮᠵᠢᠯᠴᠠᠭ᠎ᠠ | ᠪᠣᠯᠤᠨ᠎ᠠ᠃ ᠪᠠᠷᠠᠭ᠎ᠠ ᠠᠪᠴᠤ ᠶᠠᠪᠤᠬᠤ ᠶᠢ ᠰᠢᠭᠤᠳ ᠨᠡᠪᠲᠡᠷᠡᠭᠦᠯᠵᠦ᠂ ᠲᠤᠬᠠᠶ ᠶᠢᠨ ᠭᠠᠵᠠᠷ ᠤᠨ ᠲᠠᠷᠢᠶᠠᠯᠠᠩ ᠤᠨ | ᠪᠦᠳᠦᠭᠡᠭᠳᠡᠭᠦᠨ ᠢ ᠰᠢᠨ᠎ᠡ ᠪᠠᠷ ᠵᠢᠵᠢᠭᠯᠡᠨ ᠬᠤᠳᠠᠯᠳᠤᠬᠤ ︽ᠳᠡᠭᠡᠳᠦ ᠬᠤᠷᠳᠤᠴᠠᠲᠦ ᠭᠠᠯᠲᠤ ᠲᠡᠷᠭᠡ︾ ᠳᠤ | ᠣᠷᠣᠭᠤᠯᠬᠤ ᠶᠢ ᠠᠬᠢᠭᠤᠯᠤᠨ᠎ᠠ᠃ | ᠨᠢᠭᠡ ᠲᠠᠯ᠎ᠠ ᠪᠠᠷ ︽ᠰᠢᠶᠠᠨ ᠤ ᠳᠠᠷᠤᠭ᠎ᠠ ᠪᠠᠷᠠᠭ᠎ᠠ ᠠᠪᠴᠤ︾᠂ ᠨᠥᠭᠦᠭᠡ ᠲᠠᠯ᠎ᠠ ᠶᠢᠨ ᠵᠦᠸᠧᠽᠢ ᠰᠢᠶᠠᠨ ᠤ | ᠤᠲᠤᠮᠠᠯ ᠲᠠᠬᠢᠶᠠᠨ ᠤ ᠠᠵᠤ ᠠᠬᠤᠶᠢᠯᠠᠯ ᠨᠢ ᠡᠯ᠎ᠡ ᠡᠲᠡᠭᠡᠳ ᠤᠨ ᠰᠦᠯᠵᠢᠶᠡᠨ ᠤ ᠨᠡᠷᠡᠲᠦ ᠬᠥᠮᠦᠰ ᠢ ᠤᠷᠢᠵᠤ | ᠥᠪᠡᠷ ᠤᠨ ᠠᠵᠤ ᠠᠬᠤᠶᠢᠯᠠᠯ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠠᠭᠠᠨ ᠤᠷᠤᠭᠤᠯᠵᠤ᠂ ᠰᠦᠯᠵᠢᠶᠡᠨ | ᠳᠡᠭᠡᠷ᠎ᠡ ᠪᠠᠷᠠᠭ᠎ᠠ ᠠᠪᠴᠤ ᠶᠠᠪᠤᠬᠤ ᠵᠠᠭᠪᠤᠷ ᠢ ᠨᠡᠭᠡᠭᠡᠪᠡ᠃ ᠵᠦᠸᠧᠽᠢ ᠰᠢᠶᠠᠨ ᠤ ᠡᠯᠧᠺᠲᠷᠣᠨ ᠬᠤᠳᠠᠯᠳᠤᠭᠠᠨ ᠤ | ᠠᠵᠤ ᠦᠢᠯᠡᠰ ᠤᠨ ᠬᠦᠷᠢᠶᠡᠯᠡᠩ ᠤᠨ ᠳᠠᠭᠤᠤ ᠪᠥᠵᠢᠭ ᠤᠨ ᠤᠷ᠎ᠠ ᠴᠢᠳᠠᠪᠦᠷᠢ ᠶᠢᠨ PK ᠬᠢᠵᠤ᠂ ᠣᠷᠭᠢᠯᠤᠮ᠎ᠠ | ᠰᠡᠳᠬᠢᠯᠲᠦ ᠪᠠᠶᠢᠳᠠᠯ ᠨᠢ ᠮᠠᠰᠢ ᠬᠥᠷ ᠬᠥᠭᠵᠢᠶᠡᠨ ᠲᠠᠢ᠂ ᠡᠯ᠎ᠡ ᠲᠣᠮᠣ ᠰᠦᠯᠵᠢᠶᠡᠨ ᠤ ᠨᠡᠷᠡᠲᠦ ᠬᠥᠮᠦᠨ ᠪᠥᠬᠦ | ᠬᠦᠴᠦ ᠪᠠᠨ ᠰᠢᠪᠬᠠᠵᠤ᠂ ᠶᠠᠳᠠᠭᠤ ᠬᠦᠴᠢᠷᠳᠡᠯᠲᠡᠶ ᠡᠷᠦᠬᠡ᠂ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠪᠠᠷᠠᠭ᠎ᠠ | ᠬᠤᠳᠠᠯᠳᠤᠪᠠ᠃ | ᠰᠢᠶᠠᠨ ᠤ ᠳᠠᠷᠤᠭ᠎ᠠ ᠰᠢᠭᠤᠳ ᠨᠡᠪᠲᠡᠷᠡᠭᠦᠯᠦᠨ ᠪᠠᠷᠠᠭ᠎ᠠ ᠪᠤᠷᠤᠯᠠᠭᠤᠯᠬᠤ ᠪᠣᠯ ᠰᠢᠨ᠎ᠡ ᠠᠵᠤ ᠠᠬᠤᠢ ᠶᠢᠨ | ᠲᠤᠤᠷᠠᠬᠢ ᠰᠢᠨ᠎ᠡ ᠬᠡᠷᠡᠭ ᠪᠣᠳᠠᠰ ᠮᠥᠨ᠂ ᠵᠥᠪᠬᠡᠨ ᠨᠢᠭᠡ ᠵᠦᠢᠯ ᠤᠨ ᠪᠠᠷᠠᠭ᠎ᠠ ᠠᠪᠴᠤ ᠶᠠᠪᠤᠬᠤ ᠠᠷᠭ᠎ᠠ ᠮᠠᠶ᠋ᠢᠭ ᠢᠶᠠᠷ | ᠵᠣᠭᠰᠣᠬᠤ ᠦᠭᠡᠢ᠂ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠ᠂ ᠵᠠᠰᠠᠭ ᠤᠨ ᠣᠷᠳᠣᠨ ᠶᠠᠳᠠᠭᠤ | ᠬᠦᠴᠢᠷᠳᠡᠯᠲᠡᠢ ᠡᠷᠦᠬᠡ ᠪᠣᠯᠤᠨ ᠵᠠᠬ᠎ᠠ ᠳᠡᠯᠭᠡᠭᠦᠷ ᠢ ᠵᠣᠯᠭᠠᠭᠤᠯᠵᠤ᠂ ᠨᠡᠩ ᠴᠤ ᠨᠢᠭᠡ ᠵᠦᠢᠯ ᠤᠨ ᠬᠥᠭᠵᠢᠯᠲᠡ ᠶᠢᠨ | ᠰᠡᠳᠬᠢᠮᠵᠢ ᠶᠢᠨ ᠰᠢᠨ᠎ᠡ ᠡᠭᠦᠳᠦᠯᠲᠡ ᠪᠣᠯᠤᠨ᠎ᠠ᠃ ᠡᠨᠡ ᠤᠳᠠᠭᠠᠨ ᠤ ᠵᠦᠸᠧᠽᠢ ᠰᠢᠶᠠᠨ ᠤ ᠵᠠᠰᠠᠭ ᠤᠨ ᠣᠷᠳᠣᠨ | ᠡᠯᠧᠺᠲᠷᠣᠨ ᠬᠤᠳᠠᠯᠳᠤᠭ᠎ᠠ ᠨᠡᠶᠢᠭᠡᠮ ᠤᠨ ᠬᠠᠷᠢᠯᠴᠠᠭᠠᠨ ᠤ ᠲᠠᠪᠴᠠᠩ ᠤᠨ ᠬᠥᠳᠡᠭᠡ ᠠᠵᠤ ᠠᠬᠤᠶ ᠶᠢ ᠲᠤᠰᠠᠯᠠᠨ | ᠶᠠᠳᠠᠭᠤ ᠶᠢ ᠲᠡᠳᠬᠦᠬᠦ ᠰᠢᠨ᠎ᠡ ᠬᠡᠪ ᠵᠠᠭᠪᠤᠷ ᠢ ᠡᠭᠦᠳᠴᠡᠶ᠃ ᠨᠢᠭᠡ ᠲᠠᠯ᠎ᠠ ᠪᠠᠷ ᠬᠡᠷᠡᠭᠯᠡᠭᠴᠢᠳ ᠢ ᠬᠠᠪᠰᠤᠷᠤᠨ | ᠤᠶᠢᠯᠡᠳᠬᠦᠨ ᠤ ᠪᠦᠬᠦ ᠪᠠᠶᠢᠳᠠᠯ ᠢ ᠨᠡᠩ ᠲᠦᠷᠭᠡᠨ᠂ ᠨᠡᠩ ᠰᠢᠭᠤᠳ ᠣᠶᠢᠯᠠᠭᠠᠭᠤᠯᠵᠤ᠂ ᠤᠶᠢᠯᠡᠳᠬᠦᠨ ᠤ | ᠪᠣᠷᠣᠯᠠᠭᠤᠯᠭ᠎ᠠ ᠶᠢ ᠲᠦᠯᠬᠢᠨ ᠠᠬᠢᠭᠤᠯᠤᠨ᠎ᠠ︔ ᠨᠥᠭᠦᠭᠡ ᠲᠠᠯ᠎ᠠ ᠪᠠᠷ ᠡᠯᠧᠺᠲᠷᠣᠨ ᠬᠤᠳᠠᠯᠳᠤᠭᠠᠨ ᠤ ᠲᠠᠪᠴᠠᠩ ᠤᠨ | ᠤᠷᠤᠰᠴᠠ ᠶᠢᠨ ᠳᠠᠪᠠᠭᠤᠯᠢᠭ ᠢ ᠠᠰᠢᠭᠯᠠᠨ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ | ᠪᠣᠷᠣᠯᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠦᠨ᠎ᠡ᠃ ᠰᠢᠨ᠎ᠡ ᠡᠯᠧᠺᠲᠷᠣᠨ | ᠬᠤᠳᠠᠯᠳᠤᠭᠠᠨ ᠤ ᠠᠵᠤ ᠠᠬᠤᠢ ᠶᠢᠨ ᠬᠡᠪ ᠵᠠᠭᠪᠤᠷ ᠤᠨ ᠬᠥᠳᠡᠭᠡ ᠠᠵᠤ ᠠᠬᠤᠢ ᠶᠢ ᠲᠤᠰᠠᠯᠠᠵᠤ ᠲᠠᠷᠢᠶᠠᠯᠠᠩ ᠳᠤ | ᠠᠰᠢᠭ ᠬᠦᠷᠲᠡᠭᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ ᠪᠠᠷ ᠬᠢ ᠬᠤᠪᠢ ᠨᠡᠮᠡᠷᠢ | ᠪᠣᠯᠤᠨ ᠠᠯᠤᠰ ᠢᠷᠡᠭᠡᠳᠦᠢ ᠲᠠᠢ ᠪᠠᠶᠢᠬᠤ ᠶᠢ ᠳᠠᠬᠢᠨᠲᠠ ᠭᠡᠷᠡᠴᠢᠯᠡᠪᠡ᠃ | ᠮᠠᠨ ᠤ ᠰᠢᠶᠠᠨ 8 ᠰᠢᠶᠠᠩ ᠪᠠᠯᠭᠠᠰᠤ᠂ 109 ᠵᠠᠰᠠᠭ ᠵᠠᠬᠢᠷᠭᠠᠨ ᠤ ᠲᠣᠰᠬᠤᠨ ᠢ ᠬᠠᠷᠢᠶᠠᠯᠠᠨ᠎ᠠ᠃ ᠣᠲᠣ | ᠪᠣᠯᠲᠠᠯ᠎ᠠ᠂ 2019 ᠣᠨ ᠳᠤ ᠪᠥᠬᠦ ᠰᠢᠶᠠᠨ ᠢᠶᠠᠷ ᠢᠶᠠᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 2869 | ᠡᠷᠦᠬᠡ ᠶᠢᠨ 5833 ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠪᠡᠶᠡᠯᠡᠭᠦᠯᠪᠡ᠃ ᠲᠥᠪ ᠤᠨ ︽ | ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ︾ | ᠦᠨᠳᠦᠰᠦᠨ ᠠᠷᠭ᠎ᠠ ᠪᠣᠳᠣᠯᠭ᠎ᠠ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠬᠠᠷᠠᠯᠲᠠ ᠶᠢ ᠴᠢᠩᠭ᠎ᠠ | ᠠᠩᠬᠠᠷᠴᠤ᠂ ︽ᠲᠠᠪᠤᠨ ᠨᠢᠭᠡ ᠪᠦᠯᠦᠭ︾ ᠲᠤ ᠠᠩᠬᠠᠷᠤᠯ ᠢᠶᠠᠨ ᠲᠥᠪᠯᠡᠷᠡᠭᠦᠯᠦᠨ ᠲᠥᠷᠥ ᠶᠢᠨ ᠪᠣᠳᠣᠯᠭ᠎ᠠ ᠶᠢ | ᠣᠨᠣᠪᠴᠢᠲᠠᠶ ᠬᠡᠷᠡᠭᠵᠢᠭᠦᠯᠵᠦ᠂ ᠪᠦᠬᠦ ᠵᠢᠯ ᠳᠤ 39402 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ | ᠮᠥᠩᠭᠦ ᠣᠷᠣᠭᠤᠯᠵᠤ᠂ ᠠᠯᠢ ᠣᠯᠠᠨ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶᠡᠨ ᠳᠤᠮᠳᠠ᠂ | ᠰᠢᠶᠠᠨ ᠤ ᠡᠯᠧᠺᠲᠷᠣᠨ ᠬᠤᠳᠠᠯᠳᠤᠭ᠎ᠠ ᠶᠢ ᠠᠭᠤᠰᠤᠯᠴᠠᠭᠤᠯᠬᠤ ᠠᠵᠤ ᠤᠶᠢᠯᠡᠰ ᠢᠶᠠᠷ ᠲᠡᠳᠬᠦᠨ᠎ᠡ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |