5 ᠰᠠᠷ᠎ᠠ ᠶᠢᠨ 25 ᠤ ᠡᠳᠦᠷ ᠵᠦᠸᠧᠽᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠬᠦᠶ ᠰᠦᠸ᠋᠂ ᠳᠡᠳ᠋ ᠲᠣᠪᠴᠢᠶᠠᠨ ᠳᠠᠷᠤᠭ᠎ᠠ | ᠫᠠᠩ ᠸᠡᠨ ᠷᠦᠢ ᠬᠤᠷᠠᠯ ᠳᠤ ᠣᠷᠣᠯᠴᠠᠵᠤ᠂ ᠲᠣᠪᠴᠢᠶᠠᠨ ᠤ ᠪᠠᠶᠢᠭᠤᠯᠭ᠎ᠠ ᠶᠢᠨ ᠠᠯᠪᠠᠨ ᠭᠡᠷ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠰᠤᠭ᠂ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ | ᠵᠠᠰᠠᠬᠤ ᠲᠠᠰᠤᠭ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠶᠡᠭᠡ ᠠᠩᠭᠢ ᠵᠢᠴᠢ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠤᠶᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ ᠤᠨ ᠨᠥᠬᠦᠳ ᠲᠣᠰ ᠤᠳᠠᠭᠠᠨ ᠤ | ᠬᠤᠷᠠᠯ ᠳᠤ ᠣᠷᠣᠯᠴᠠᠵᠤ᠂ ᠬᠤᠷᠠᠯ ᠢ ᠯᠢ ᠬᠦᠶ ᠰᠦᠸ᠋ ᠨᠥᠬᠦᠷ ᠡᠷᠭᠢᠯᠡᠪᠡ᠃ | ᠬᠤᠷᠠᠯ ᠳᠡᠭᠡᠷ᠎ᠡ᠂ ᠯᠢ ᠬᠦᠶ ᠰᠦᠸ᠋ ᠨᠥᠬᠦᠷ ᠵᠦᠸᠧᠽᠢ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ | ᠬᠠᠤᠯᠢ ᠪᠠᠷ ᠵᠠᠰᠠᠬᠤ ᠵᠠᠰᠠᠭ ᠤ ᠣᠷᠳᠣᠨ ᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ | ᠬᠤᠪᠢ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ | ᠰᠠᠨᠠᠭ᠎ᠠ ᠶᠢ ᠣᠯᠠᠮᠵᠢᠯᠠᠵᠤ᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ | ᠬᠥᠲᠥᠯᠪᠦᠷᠢ︾ ᠶᠢᠨ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ | ᠠᠯᠬᠤᠮ ᠳᠤ ᠡᠵᠡᠮᠰᠢᠬᠦ ᠴᠢᠬᠤᠯᠠᠲᠠᠶ ᠭᠤᠤᠯᠳᠠᠯᠭ᠎ᠠ ᠲᠠᠢ ᠠᠵᠢᠯ ᠳᠤ ᠭᠤᠤᠯᠳᠠᠯᠭ᠎ᠠ ᠲᠠᠢ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ ᠳᠡᠳ᠋ ᠲᠣᠪᠴᠢᠶᠠᠨ ᠳᠠᠷᠤᠭ᠎ᠠ ᠫᠠᠩ ᠸᠡᠨ ᠷᠦᠢ᠂ ᠡᠷᠬᠢᠯᠡᠭᠴᠢ ᠭᠡᠰᠢᠭᠦᠴᠢ ᠸᠠᠩ ᠶᠦᠩ | ᠫᠢᠩ ᠡᠯ᠎ᠡ ᠰᠲ᠋ᠣᠺ ᠤᠨ ᠲᠠᠰ ᠤᠭ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠡᠷᠬᠢᠨ ᠤᠯᠠᠮ ᠨᠢᠭᠡ ᠠᠯᠬᠤᠮ ᠠᠬᠢᠭᠤᠯᠬᠤ | ᠲᠤᠬᠠᠶ ᠪᠦᠲᠦᠭᠡᠯᠴᠢ ᠴᠢᠨᠠᠷᠲᠠᠶ ᠰᠠᠨᠠᠯ ᠳᠤᠷᠠᠳᠪᠠ᠃ | ᠬᠤᠷᠠᠯ ᠠᠴᠠ᠂ ᠨᠢᠭᠡ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠤᠲᠠᠭᠤᠳᠠᠯ ᠢ ᠨᠥᠬᠦᠪᠥᠷᠢᠯᠡᠨ᠎ᠡ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠲ᠋ᠣᠺ ᠨᠢ ᠡᠯ᠎ᠡ ᠵᠦᠢᠯ ᠤᠨ ᠭᠦᠢᠴᠡᠳᠬᠡᠬᠦ | ᠲᠤᠭ᠎ᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠳᠡᠭᠦᠯᠬᠦ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠵᠦ᠂ | ᠵᠥᠷᠢᠶ᠎ᠡ ᠶᠢᠨ ᠠᠰᠠᠭᠤᠳᠠᠯ ᠢ ᠡᠷᠢᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠶ︔ ᠬᠤᠶᠠᠷ ᠲᠤ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠡᠭᠦᠳᠦᠨ ᠪᠠᠶᠢᠭᠤᠯᠬᠤ | ᠠᠭᠤᠷ ᠠᠮᠢᠰᠬᠤᠯ ᠢ ᠪᠣᠶ ᠪᠣᠯᠭᠠᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ | ᠶᠣᠰᠣᠭᠠᠷ ᠵᠠᠰᠠᠬᠤ ᠰᠲ᠋ᠣᠺ ᠨᠢ ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠰᠢᠯᠭᠠᠨ ᠠᠪᠬᠤ ᠪᠠᠷ ᠲᠣᠬᠢᠶᠠᠯ ᠪᠣᠯᠭᠠᠵᠤ᠂ ᠣᠯᠠᠨ ᠵᠦᠢᠯ ᠤᠨ ᠬᠡᠯᠪᠡᠷᠢ ᠪᠦᠬᠦᠢ ᠤᠬᠠᠭᠤᠯᠭ᠎ᠠ ᠶᠢᠨ | ᠠᠵᠢᠯᠯᠠᠭ᠎ᠠ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠡᠶᠢᠲᠡᠯᠢᠭ ᠵᠢᠱᠢᠶ᠎ᠡ ᠠᠷᠭ᠎ᠠ ᠬᠢᠳᠡᠯ | ᠂ ᠠᠵᠢᠯ ᠤᠨ ᠦᠷ᠎ᠡ ᠪᠦᠲᠦᠮᠵᠢ ᠶᠢ ᠭᠤᠤᠯᠳᠠᠯᠭ᠎ᠠ ᠲᠠᠢ ᠤᠬᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ | ᠪᠣᠶ ᠪᠣᠯᠭᠠᠨ᠎ᠠ︔ ᠭᠤᠷᠪᠠ ᠳᠤ᠂ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠶᠢ ᠴᠢᠩᠭᠠᠳᠬᠠᠵᠤ᠂ ᠠᠵᠢᠯ ᠤᠨ | ᠨᠠᠶᠢᠳᠠᠪᠦᠷᠢᠵᠢᠭᠤᠯᠤᠯᠲᠠ ᠶᠢ ᠴᠢᠩᠭ᠎ᠠ ᠠᠳᠬᠤᠪᠠ᠃ ᠱᠠᠯᠠᠪᠳᠠᠭᠤᠯᠤᠨ ᠪᠠᠶᠢᠴᠠᠭᠠᠬᠤ ᠲᠥᠰᠦᠯ ᠲᠣᠭᠲᠠᠭᠠᠵᠤ᠂ | ᠳᠤᠭᠤᠶᠢᠯᠠᠩ ᠬᠤᠪᠢᠶᠠᠨ ᠡᠯ᠎ᠡ ᠰᠠᠯᠠᠭ᠎ᠠ ᠮᠥᠴᠢᠷ ᠲᠤ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ | ᠥᠷᠨᠢᠭᠦᠯᠬᠦ ᠬᠡᠷᠡᠭᠲᠡᠢ︔ ᠳᠥᠷᠪᠡ ᠳᠤ᠂ ᠪᠠᠶᠠᠷᠯᠠᠨ ᠤᠭᠲᠤᠬᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠲᠣᠭᠲᠠᠭᠠᠬᠤ | ᠪᠡᠯᠡᠳᠬᠡᠯ ᠠᠵᠢᠯ ᠢ ᠰᠠᠶᠢᠳᠤᠷ ᠬᠢᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ | ᠬᠠᠨᠤᠮᠵᠢ ᠶᠢᠨ ᠬᠡᠮᠵᠢᠶ᠎ᠡ ᠶᠢ ᠰᠢᠯᠭᠠᠨ ᠲᠣᠭᠲᠠᠭᠠᠬᠤ ᠪᠣᠯ ᠭᠤᠤᠯᠳᠠᠯᠭ᠎ᠠ ᠪᠣᠯᠤᠨ᠎ᠠ︔ ᠲᠠᠪᠤ ᠳᠤ ᠵᠣᠬᠢᠴᠠᠭᠤᠯᠤᠨ | ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠭᠡᠲᠦ ᠱᠠᠲᠤᠨ ᠤ ᠳᠡᠮᠵᠢᠯᠭᠡ ᠶᠢ ᠴᠢᠷᠮᠡᠶᠢᠨ ᠣᠯᠬᠤ ᠬᠡᠷᠡᠭᠲᠡᠶ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ | ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠤᠨ ᠴᠠᠭ ᠪᠠᠴᠢᠮ᠂ ᠡᠭᠦᠷᠭᠡ ᠬᠦᠨᠳᠦ ᠂ ᠡᠯ᠎ᠡ ᠲᠠᠰᠤᠭ ᠤᠨ ᠬᠢᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠬᠤᠷᠠᠯ ᠤᠨ ᠳᠠᠷᠠᠭ᠎ᠠ ᠭᠤᠤᠯ ᠤᠳᠤᠷᠢᠳᠤᠯᠭ ᠠ ᠳᠤ ᠲᠦᠷᠭᠡᠨ ᠬᠠᠷᠢᠭᠤ ᠮᠡᠳᠡᠭᠦᠯᠦᠯᠲᠡ ᠬᠢᠵᠦ᠂ | ᠠᠵᠢᠯ ᠢᠶᠠᠨ ᠴᠢᠨᠠᠷ ᠴᠢᠨᠰᠠᠭ᠎ᠠ ᠶᠢ ᠪᠠᠲᠤᠯᠠᠬᠤ ᠠᠵᠢᠯ ᠢ ᠱᠠᠯᠠᠪᠳᠠᠨ ᠪᠡᠶᠡᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |