ᠵᠦᠸᠧᠽᠢ ᠰᠢᠶᠠᠨ ᠣᠯᠠᠨ ᠴᠢᠳᠠᠮᠵᠢᠲᠤ ᠲᠣᠰᠬᠤᠨ ᠤ ᠲᠡᠰ ᠤᠨ ᠡᠯᠧᠺᠲᠷᠣᠨ ᠬᠤᠳᠠᠯᠳᠤᠭᠠᠨ ᠤ ᠤᠶᠢᠯᠡᠴᠢᠯᠡᠭᠡᠨ ᠤ ᠥᠷᠲᠡᠭᠡ ᠴᠢᠭ ᠢ ᠲᠦᠷᠭᠡᠳᠬᠡᠨ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2020-05-26
    ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ︽ᠬᠠᠮᠤᠭ ᠰᠡᠭᠦᠯ ᠤᠨ ᠨᠢᠭᠡ ᠺᠢᠯᠣᠮᠧᠲᠷ︾ ᠢ  ᠨᠡᠪᠲᠡᠷᠡᠭᠦᠯᠬᠦ ᠶᠢᠨ ᠲᠥᠯᠥᠭᠡ᠂ ᠵᠦᠸᠧᠽᠢ ᠰᠢᠶᠠᠨ ᠣᠳᠣ ᠶᠢᠨ ᠪᠠᠶᠢᠭ᠎ᠠ ︽ᠲᠦᠮᠡᠨ ᠲᠣᠰᠬᠤᠨ ᠮᠢᠩᠭᠠᠨ ᠰᠢᠶᠠᠩ︾ ᠤᠨ ᠢᠨᠵᠧᠨᠧᠷᠢᠩ ᠠᠷᠠᠳ ᠲᠤ ᠳᠥᠭᠦᠮ ᠦᠵᠡᠭᠦᠯᠬᠦ ᠬᠡᠲᠦ ᠳᠡᠯᠭᠡᠭᠦᠷ ᠵᠡᠷᠭᠡ ᠲᠣᠰᠬᠤᠨ ᠤ ᠳᠡᠯᠭᠡᠭᠦᠷ ᠢ ᠰᠢᠯᠢᠨ ᠰᠣᠩᠭᠤᠵᠤ ᠪᠠᠶᠢᠴᠠᠭᠠᠨ ᠰᠤᠳᠤᠯᠬᠤ ᠪᠠ ᠪᠤᠯᠪᠠᠰᠤᠷᠠᠭᠤᠯᠵᠤ ᠬᠢᠨᠠᠨ ᠰᠢᠯᠭᠠᠬᠤ ᠪᠠᠷ ᠳᠠᠮᠵᠢᠨ 70 ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠤᠶᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠡᠶ᠃ 64.2% ᠠᠴᠠ ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠢ ᠬᠠᠮᠤᠷᠪᠠ᠃ ᠣᠳᠣᠬᠠᠨ ᠳᠤ᠂ ᠡᠯ᠎ᠡ ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠤᠶᠢᠯᠡᠴᠢᠯᠡᠭᠡᠨ ᠤ ᠥᠷᠲᠡᠭᠡ ᠴᠥᠮ  ᠲᠦᠷᠭᠡᠨ ᠬᠦᠷᠭᠡᠯᠲᠡ ᠶᠢ ᠬᠤᠷᠢᠶᠠᠨ ᠲᠠᠷᠬᠠᠭᠠᠬᠤ᠂ ᠣᠷᠣᠯᠠᠨ ᠬᠠᠳᠠᠭᠠᠯᠠᠵᠤ ᠣᠷᠣᠯᠠᠨ ᠲᠤᠰᠢᠶᠠᠬᠤ᠂ ᠣᠷᠣᠯᠠᠨ ᠬᠤᠳᠠᠯᠳᠤᠨ ᠠᠪᠴᠤ ᠣᠷᠣᠯᠠᠨ ᠪᠣᠷᠣᠯᠠᠭᠤᠯᠬᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠠᠷᠢᠶᠠᠯᠠᠩ ᠤᠨ ᠮᠡᠷᠭᠡᠵᠢᠯ ᠤᠨ ᠤᠶᠢᠯᠡᠴᠢᠯᠡᠭᠡ᠂ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ ᠵᠡᠷᠭᠡ ᠬᠠᠮᠢᠶ᠎ᠠ ᠪᠥᠬᠦᠶ ᠤᠶᠢᠯᠡᠴᠢᠯᠡᠭᠡ ᠶᠢ ᠬᠡᠪ ᠤᠨ ᠶᠣᠰᠣᠭᠠᠷ ᠥᠷᠨᠢᠭᠦᠯᠵᠦ ᠪᠣᠯᠤᠨ᠎ᠠ᠃    4 ᠰᠠᠷ᠎ᠠ ᠶᠢᠨ ᠰᠡᠭᠦᠯᠴᠢ ᠪᠣᠯᠲᠠᠯ᠎ᠠ᠂ ᠡᠯ᠎ᠡ ᠤᠶᠢᠯᠡᠴᠢᠯᠡᠭᠡᠨ ᠤ ᠥᠷᠲᠡᠭᠡᠨ ᠤ ᠡᠯᠧᠺᠲᠷᠣᠨ ᠬᠤᠳᠠᠯᠳᠤᠭᠠᠨ ᠤ ᠤᠶᠢᠯᠡᠴᠢᠯᠡᠭᠡᠨ ᠤ ᠰᠠᠷ᠎ᠠ ᠶᠢᠨ ᠳᠤᠮᠳᠠᠴᠢ ᠵᠣᠭᠤᠰ ᠤᠨ ᠲᠤᠭ᠎ᠠ 1819.46 ᠲᠥᠭᠦᠷᠢᠭ ᠲᠤ ᠬᠥᠷᠪᠡ᠃ ᠤᠶᠢᠯᠡᠴᠢᠯᠡᠭᠡᠨ ᠤ ᠥᠷᠲᠡᠭᠡ ᠪᠠᠷ ᠳᠠᠮᠵᠢᠭᠤᠯᠤᠨ ᠥᠷᠨᠢᠭᠦᠯᠦᠭᠰᠡᠨ ᠠᠰᠢᠭ ᠬᠤᠨᠵᠢᠪᠣᠷᠢ ᠥᠬᠡᠶ ᠪᠠᠷᠠᠭ᠎ᠠ ᠬᠤᠳᠠᠯᠳᠤᠨ  ᠠᠪᠬᠤ ᠠᠵᠢᠯᠯᠠᠭ᠎ᠠ ᠨᠢ 619 ᠶᠠᠳᠠᠭᠤ ᠬᠦᠴᠢᠷᠳᠡᠯᠲᠡᠶ ᠡᠷᠦᠬᠡ ᠳᠤ ᠨᠡᠶᠢᠲᠡ 7019 ᠲᠥᠭᠦᠷᠢᠭ ᠤᠨ ᠵᠠᠷᠤᠯᠭ᠎ᠠ ᠶᠢ ᠠᠷᠪᠢᠯᠠᠪᠠ᠃                    ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2