ᠵᠦᠸᠧᠽᠢ ᠰᠢᠶᠠᠨ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠵᠠᠰᠠᠵᠤ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠪᠣᠯᠤᠨ ᠤᠷᠲᠤ | ᠬᠤᠭᠤᠴᠠᠭᠠᠨ ᠤ ᠪᠦᠲᠦᠮᠵᠢᠲᠠᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠠᠷ ᠪᠠᠶᠢᠨ᠎ᠠ᠃ | ᠨᠢᠭᠡ ᠳᠤ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢᠨ | ᠤᠬᠠᠭᠤᠯᠭ᠎ᠠ ᠶᠢᠨ ᠠᠵᠢᠯ ᠢ ᠲᠥᠪᠯᠡᠷᠡᠭᠦᠯᠦᠨ ᠥᠷᠨᠢᠭᠦᠯᠦᠨ᠎ᠡ᠃ ᠰᠤᠷᠤᠯᠴᠠᠬᠤ ᠬᠠᠷᠢᠶ᠎ᠠ ᠣᠷᠣᠨ ᠤ ᠲᠣᠮᠢᠯᠠᠭᠰᠠᠨ | ᠰᠠᠯᠪᠤᠷᠢ ᠶᠢᠨ ᠳᠡᠳ᠋ ᠳᠠᠷᠤᠭ᠎ᠠ ᠬᠠᠷᠢᠶᠠᠲᠤ ᠣᠷᠣᠨ ᠤ ᠰᠤᠷᠭᠠᠭᠤᠯᠢ ᠶᠢᠨ ᠬᠠᠤᠯᠢ ᠳᠦᠷᠢᠮ ᠤᠨ ᠳᠡᠳ᠋ ᠵᠠᠬᠢᠷᠤᠯ ᠤᠨ | ᠲᠤᠰᠢᠶᠠᠯ ᠢ ᠬᠠᠷᠢᠭᠤᠴᠠᠵᠤ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠢ ᠪᠠᠶᠢᠩᠭᠤ ᠵᠣᠬᠢᠶᠠᠨ ᠪᠠᠶᠢᠭᠤᠯᠤᠨ | ᠬᠠᠤᠯᠢ ᠳᠦᠷᠢᠮ ᠤᠨ ᠲᠠᠶᠢᠯᠤᠮᠵᠢ ᠬᠢᠯᠭᠡᠨ᠎ᠡ᠃ ᠪᠠᠭᠰᠢ ᠰᠤᠷᠤᠭᠴᠢᠳ ᠤᠨ ᠥᠪᠡᠷ ᠢ ᠪᠠᠨ ᠰᠡᠷᠭᠡᠶᠢᠯᠡᠬᠦ ᠦᠵᠡᠯ | ᠤᠬᠠᠮᠰᠠᠷ᠂ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠶᠡᠬᠡᠪᠡᠷ ᠳᠡᠭᠡᠭᠰᠢᠯᠡᠭᠦᠯᠬᠦ ᠬᠡᠷᠡᠭᠲᠡᠶ᠃ | ᠬᠠᠤᠯᠢ ᠲᠦᠷᠢᠮ ᠤᠨ ᠬᠥᠮᠦᠵᠢᠯ᠂ ᠠᠮᠤᠷ ᠲᠦᠪᠰᠢᠨ ᠤ ᠬᠥᠮᠦᠵᠢᠯ᠂ ᠥᠪᠡᠷ ᠢ ᠪᠠᠨ ᠬᠠᠮᠠᠭᠠᠯᠠᠬᠤ ᠬᠥᠮᠦᠵᠢᠯ᠂ | ᠶᠠᠯ᠎ᠠ ᠬᠢᠬᠦ ᠶᠢ ᠤᠷᠢᠳᠴᠢᠯᠠᠨ ᠰᠡᠷᠡᠮᠵᠢᠯᠡᠭᠦᠯᠬᠦ ᠬᠥᠮᠦᠵᠢᠯ ᠪᠠ ᠰᠦᠯᠵᠢᠶᠡᠨ ᠤ ᠪᠣᠯᠪᠠᠰᠤᠨ ᠤ ᠬᠥᠮᠦᠵᠢᠯ ᠢ ᠶᠡᠬᠡᠪᠡᠷ | ᠦᠷᠨᠢᠭᠦᠯᠦᠨ᠎ᠡ᠃ | ᠬᠤᠶᠠᠷ ᠲᠤ ᠪᠠᠭᠰᠢ ᠰᠤᠷᠤᠭᠴᠢᠳ ᠤᠨ ᠪᠡᠶ᠎ᠡ ᠮᠠᠬᠠᠪᠣᠳ᠂ ᠡᠳ᠋ ᠬᠥᠷᠥᠩᠭᠡ ᠶᠢᠨ ᠠᠮᠤᠷ ᠲᠦᠪᠰᠢᠨ ᠪᠠ ᠪᠡᠶ᠎ᠡ | ᠰᠡᠳᠬᠢᠯ᠊ ᠤᠨ ᠡᠷᠡᠭᠦᠯ ᠮᠡᠨᠳᠦ ᠳᠤ ᠬᠠᠯᠳᠠᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠤᠷᠭᠠᠭᠤᠯᠢ ᠶᠢᠨ ᠬᠦᠷᠢᠶ᠎ᠡ ᠵᠢᠴᠢ ᠤᠷᠴᠢᠨ ᠲᠤᠭᠤᠷᠢᠨ ᠤ ᠵᠢᠵᠢᠭ | ᠯᠦᠢᠪᠠᠷᠴᠢᠨ ᠤ ᠬᠦᠴᠦᠨ ᠢ ᠲᠤᠶᠢᠯᠪᠦᠷᠢᠲᠠᠢ ᠠᠷᠢᠯᠭᠠᠬᠤ ᠬᠡᠷᠡᠭᠲᠡᠶ᠃ ᠡᠭᠦᠨ ᠤ ᠬᠠᠮᠲᠤ᠂ ᠰᠤᠷᠭᠠᠭᠤᠯᠢ ᠶᠢᠨ | ᠬᠦᠷᠢᠶᠡᠨ ᠤ ᠳᠣᠲᠣᠭᠠᠳᠤ ᠶᠢᠨ ᠵᠥᠷᠢᠴᠡᠯ ᠵᠢᠭᠤᠷᠠᠯᠳᠤᠭᠠᠨ ᠢ ᠠᠷᠢᠯᠭᠠᠨ ᠰᠤᠷᠭᠠᠭᠤᠯᠢ ᠶᠢᠨ ᠤᠯᠤᠰ ᠲᠥᠷᠥ ᠶᠢᠨ | ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠶ᠃ | ᠭᠤᠷᠪᠠ ᠳᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠬᠠᠤᠯᠢ ᠪᠤᠰᠤ ᠪᠠᠷ | ᠡᠵᠡᠩᠨᠡᠭᠰᠡᠨ ᠲᠣᠭᠯᠠᠭᠠᠮ ᠤᠨ ᠮᠠᠰᠢᠨ ᠤ ᠭᠡᠷ᠂ ᠰᠦᠯᠵᠢᠶᠡᠨ ᠤ ᠪᠠᠭᠠᠷ ᠢ ᠬᠦᠴᠦᠨ ᠦᠭᠡᠢ ᠪᠣᠯᠭᠠᠵᠤ᠂ ᠢᠯᠠᠩᠭᠤᠶ᠎ᠠ | ᠪᠠᠭᠰᠢ ᠰᠤᠷᠤᠭᠴᠢ ᠵᠢᠴᠢ ᠭᠡᠷ ᠤᠨ ᠠᠬᠠᠮᠠᠳ ᠤᠨ ᠲᠤᠰᠬᠠᠯ ᠴᠢᠩᠭ᠎ᠠ ᠪᠠᠶᠢᠭ᠎ᠠ ᠪᠠᠶᠢᠳᠠᠯ ᠢ ᠴᠢᠩᠭ᠎ᠠ ᠢᠯᠭᠠᠷᠠᠭᠤᠯᠤᠨ | ᠴᠡᠭᠴᠡᠯᠡᠵᠦ᠂ ᠲᠣᠭᠲᠠᠭᠠᠯ ᠳᠤ ᠨᠡᠶᠢᠴᠡᠬᠦ ᠦᠭᠡᠶ ᠪᠠ ᠬᠠᠤᠯᠢ ᠪᠤᠰᠤ ᠡᠵᠡᠩᠨᠡᠭᠴᠢ ᠶᠢ ᠡᠷᠡᠰ ᠴᠠᠭᠠᠵᠠᠯᠠᠵᠤ᠂ | ᠲᠣᠭᠲᠠᠭᠠᠯ ᠳᠤ ᠨᠡᠶᠢᠴᠡᠬᠦ ᠡᠯ᠎ᠡ ᠵᠦᠶ᠋ᠯ ᠤᠨ ᠰᠣᠶᠣᠯ ᠤᠨ ᠭᠠᠵᠠᠷ ᠲᠠᠯᠠᠪᠤᠷ ᠢ ᠵᠢᠷᠤᠮᠵᠢᠭᠰᠠᠨ ᠬᠠᠮᠢᠶᠠᠷᠤᠯᠲᠠ ᠪᠠᠨ | ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ | ᠳᠥᠷᠪᠡ ᠳᠤ ᠬᠦᠴᠦᠨ ᠢᠶᠠᠨ ᠲᠥᠪᠯᠡᠷᠡᠭᠦᠯᠦᠨ ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠳᠤ ᠠᠮᠤᠷ | ᠲᠦᠪᠰᠢᠨ ᠤ ᠶᠡᠭᠡ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠴᠠᠭ | ᠲᠤᠬᠠᠶ ᠳᠤᠨᠢ ᠣᠯᠵᠤ ᠮᠡᠳᠡᠵᠦ᠂ ᠬᠢᠨᠠᠮᠠᠭᠠᠶ ᠴᠡᠭᠴᠡᠯᠡᠨ ᠰᠠᠶᠢᠵᠢᠷᠠᠭᠤᠯᠵᠤ᠃ ᠭᠠᠯ ᠤᠨ ᠠᠶᠤᠯ᠂ ᠪᠠᠷᠢᠯᠭ᠎ᠠ ᠨᠤᠷᠠᠵᠤ | ᠶᠡᠭᠦᠷᠡᠬᠦ ᠪᠠ ᠢᠳᠡᠭᠡᠨ ᠳᠤ ᠬᠤᠤᠷᠳᠠᠭᠳᠠᠬᠤ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ | ᠬᠤᠷᠢᠭᠯᠠᠵᠤ᠂ ᠰᠤᠷᠭᠠᠭᠤᠯᠢ ᠶᠢᠨ ᠬᠦᠷᠢᠶᠡᠨ ᠳᠤ ᠨᠢᠭᠡ ᠭᠠᠵᠠᠷ ᠣᠷᠣᠨ ᠤ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠶ᠃ | ᠣᠲᠣ ᠪᠣᠯᠲᠠᠯ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ ᠲᠦᠷᠢᠮ ᠤᠨ | ᠲᠠᠶᠢᠯᠤᠮᠵᠢ ᠶᠢ 6 ᠤᠳᠠᠭ᠎ᠠ ᠥᠷᠨᠢᠭᠦᠯᠵᠦ᠂ ᠰᠤᠷᠭᠠᠨ ᠬᠥᠮᠦᠵᠢᠯ ᠭᠥᠷᠳᠡᠭᠰᠡᠨ ᠪᠠᠭᠰᠢ ᠰᠣᠷᠣᠭᠴᠢ 1500 ᠭᠠᠷᠤᠶ | ᠪᠣᠯᠵᠠᠶ︔ ᠪᠥᠬᠦ ᠰᠢᠶᠠᠨ ᠤ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠳᠤ ᠨᠡᠶᠢᠲᠡ 16 ᠤᠳᠠᠭ᠎ᠠ | ᠠᠮᠤᠷ ᠳᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ 34 ᠠᠮᠤᠷ ᠲᠦᠪᠰᠢᠨ ᠤ ᠬᠡᠮ ᠰᠣᠭᠤᠭ ᠢ | ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠪᠠ︔ ᠠᠯᠢ ᠣᠯᠠᠨ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ | ᠥᠷᠨᠢᠭᠦᠯᠬᠦ ᠪᠠᠷ ᠳᠠᠮᠵᠢᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠳᠡᠯ ᠢ ᠪᠦᠲᠦᠮᠵᠢᠲᠡᠶ ᠰᠡᠷᠭᠡᠶᠢᠯᠡᠵᠦ᠂ ᠪᠦᠬᠦ ᠰᠢᠶᠠᠨ ᠤ ᠡᠯ᠎ᠡ | ᠰᠤᠷᠭᠠᠭᠤᠯᠢ ᠶᠢᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠠᠬᠢᠭᠤᠯᠤᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |