5 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠂ ᠰᠢᠶᠠᠨ ᠤ ᠬᠤᠲᠠ ᠪᠠᠯᠭᠠᠰᠤᠨ ᠤ ᠲᠥᠯᠥᠪᠵᠢᠭᠦᠯᠭᠡ ᠶᠢᠨ | ᠵᠥᠪᠯᠡᠯ ᠤᠨ ᠡᠷᠬᠢᠯᠡᠭᠴᠢ ᠯᠢ ᠶᠢᠩ 2020 ᠣᠨ ᠤ ᠵᠦᠸᠧᠽᠢ ᠰᠢᠶᠠᠨ ᠤ ᠬᠤᠲᠠ ᠪᠠᠯᠭᠠᠰᠤᠨ ᠤ | ᠲᠥᠯᠥᠪᠵᠢᠭᠦᠯᠭᠡ ᠶᠢᠨ ᠵᠥᠪᠯᠡᠯ ᠤᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠥᠪᠥᠷ ᠮᠣᠩᠭᠤᠯ ᠤᠨ | ᠪᠠᠳᠢ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠺᠤᠮᠫᠠᠨᠢ ᠶᠢᠨ ᠵᠢᠯ ᠳᠤ 2 | ᠲᠦᠮᠡᠨ ᠲᠣᠨ ᠬᠦᠬᠦᠷ ᠬᠦᠴᠢᠯ ᠤᠨ ᠺᠠᠯᠢ ᠶᠢᠨ ᠦᠷᠭᠦᠯᠵᠢᠯᠡᠨ ᠪᠠᠶᠢᠭᠤᠯᠬᠤ ᠢᠨᠵᠧᠨᠧᠷᠢᠩ ᠵᠡᠷᠭᠡ 7 ᠲᠥᠷᠥᠯ | ᠵᠦᠢᠯ ᠤᠨ ᠲᠥᠯᠥᠪᠵᠢᠭᠦᠯᠭᠡ ᠶᠢᠨ ᠲᠥᠰᠦᠯ ᠤᠨ ᠴᠢᠬᠤᠯᠠ ᠴᠢᠨᠠᠷ᠂ ᠨᠠᠷᠢᠨ ᠲᠥᠯᠥᠪᠵᠢᠭᠦᠯᠪᠡ ᠪᠣᠯᠤᠨ ᠭᠤᠣᠯ | ᠪᠣᠯᠬᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠰᠤᠳᠤᠯᠤᠨ ᠶᠠᠷᠢᠯᠴᠠᠵᠤ᠂ ᠬᠤᠷᠠᠯ ᠳᠤ ᠣᠷᠣᠯᠴᠠᠭᠰᠠᠳ | ᠨᠥᠬᠦᠪᠥᠷᠢᠯᠡᠬᠦ ᠪᠠ ᠲᠡᠭᠦᠯᠳᠡᠷᠵᠢᠭᠦᠯᠬᠦ ᠪᠣᠳᠠᠲᠠᠶ ᠰᠠᠨᠠᠯ ᠳᠤᠷᠠᠳᠪᠠ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠷᠥᠯ ᠵᠦᠢᠯ ᠤᠨ ᠲᠥᠯᠥᠪᠵᠢᠭᠦᠯᠪᠡ ᠨᠢ ᠬᠤᠲᠠ ᠶᠢᠨ ᠳᠦᠷᠢ | ᠲᠥᠷᠬᠦ ᠲᠠᠢ ᠬᠤᠯᠪᠣᠭᠳᠠᠵᠤ᠂ ᠰᠣᠳᠣᠨ ᠲᠥᠯᠥᠪᠵᠢᠭᠦᠯᠭᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ | ᠲᠥᠯᠥᠪᠵᠢᠭᠦᠯᠪᠡ ᠵᠢᠷᠤᠭ ᠲᠥᠯᠥᠪᠯᠡᠭᠡ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠵᠠᠷ | ᠣᠷᠣᠨ ᠤ ᠬᠥᠭᠵᠢᠯᠲᠡ ᠪᠠ ᠤᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠤᠷᠳᠤ | ᠬᠤᠭᠤᠴᠠᠭᠠᠨ ᠤ ᠬᠥᠭᠵᠢᠯᠲᠡ ᠶᠢᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠎ᠠ᠃ ︽ᠬᠥᠮᠦᠨ ᠢᠶᠠᠷ | ᠦᠨᠳᠦᠰᠦ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠳᠣᠪᠤᠶᠢᠯᠭᠠᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠣᠯᠤᠨ ᠡᠷᠭᠢᠨ ᠲᠣᠭᠤᠷᠢᠨ ᠤ ᠣᠷᠴᠢᠨ ᠲᠣᠭᠤᠷᠢᠨ᠂ ᠬᠤᠲᠠ ᠶᠢᠨ ᠬᠦᠭᠵᠢᠯᠲᠡ ᠶᠢᠨ | ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠥᠨᠳᠥᠷ ᠬᠢᠷᠢ ᠲᠦᠪᠰᠢᠨ ᠲᠠᠢ ᠲᠦᠯᠦᠪᠵᠢᠭᠦᠯᠭᠡ ᠪᠠᠷ | ᠳᠠᠮᠵᠢᠨ ᠴᠢᠨᠠᠷ ᠰᠠᠶᠢᠲᠠᠶ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠦᠭᠵᠢᠯᠲᠡ ᠶᠢ ᠠᠬᠢᠭᠤᠯᠤᠨ᠎ᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ | ᠪᠣᠯᠤᠨ ᠵᠢᠷᠤᠭ ᠲᠥᠯᠥᠪᠯᠡᠭᠡ ᠶᠢᠨ ᠨᠢᠭᠡᠴᠡ ᠨᠦᠭᠦᠳ ᠰᠢᠶᠠᠨ ᠤ ᠪᠠᠶᠢᠳᠠᠯ ᠤᠨ ᠪᠣᠳᠠᠲᠤ ᠪᠠᠶᠢᠳᠠᠯ ᠪᠣᠯᠤᠨ ᠣᠳᠣ ᠶᠢᠨ | ᠬᠡᠷᠡᠭᠵᠢᠭᠦᠯᠵᠦ ᠪᠠᠶᠢᠭ᠎ᠠ ᠲᠦᠯᠦᠪᠵᠢᠭᠦᠯᠭᠡ ᠶᠢᠨ ᠪᠠᠷᠢᠮᠵᠢᠶ᠎ᠠ ᠲᠠᠢ ᠭᠦᠢᠴᠡᠳ ᠤᠶᠠᠯᠳᠤᠭᠤᠯᠵᠤ᠂ ᠡᠯ᠎ᠡ ᠲᠠᠯ᠎ᠠ ᠶᠢᠨ | ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠮᠠᠭᠠᠶ ᠬᠦᠯᠢᠶᠡᠨ ᠠᠪᠬᠤ ᠬᠡᠷᠡᠭᠲᠡᠶ᠃ ᠲᠥᠯᠥᠪᠵᠢᠭᠦᠯᠭᠡ ᠶᠢᠨ ᠲᠥᠰᠦᠯ ᠢ | ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢ ᠨᠠᠩ ᠰᠢᠨᠵᠢᠯᠡᠬᠦ ᠤᠬᠠᠭᠠᠨᠴᠢ ᠵᠦᠶ ᠵᠣᠬᠢᠰᠲᠠᠶ | ᠪᠣᠯᠭᠠᠵᠤ᠂ ᠪᠣᠳᠠᠲᠤ ᠪᠠᠢᠳᠠᠯ ᠳᠤ ᠨᠠᠩ ᠨᠡᠶᠢᠴᠡᠭᠦᠯᠬᠦ ᠬᠡᠷᠡᠭᠲᠡᠶ᠃ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠤᠳ ᠳᠡᠰ ᠳᠠᠷᠠᠭᠠᠯᠠᠯ ᠶᠣᠰᠣᠭᠠᠷ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠲᠥᠷᠥᠯ | ᠵᠦᠢᠯ ᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠲᠥᠯᠥᠪᠵᠢᠭᠦᠯᠭᠡ ᠶᠢᠨ ᠤᠯᠠᠭᠠᠨ | ᠱᠤᠭᠤᠮ ᠢ ᠪᠠᠲᠤ ᠰᠠᠬᠢᠵᠤ᠂ ᠬᠠᠤᠯᠢ ᠲᠣᠭᠲᠠᠭᠠᠯ ᠶᠣᠰᠣᠭᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠦᠭᠦᠳ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠭᠦᠯᠬᠦ ᠭᠠᠷᠳᠠᠮ ᠢ ᠱᠠᠯᠠᠪᠳᠠᠨ ᠭᠦᠢᠴᠡᠳᠬᠡᠵᠦ᠂ ᠡᠷᠲᠡᠬᠡᠨ | ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠦᠷ᠎ᠡ ᠠᠰᠢᠭ ᠢᠶᠠᠨ ᠡᠷᠲᠡᠬᠡᠨ ᠪᠠᠳᠠᠷᠠᠭᠤᠯᠬᠤ ᠬᠡᠷᠡᠭᠲᠡᠶ᠃ | ᠰᠢᠶᠠᠨ ᠤ ᠤᠳᠤᠷᠢᠳᠤᠯᠭ᠎ᠠ ᠵᠤᠤ ᠵᠢᠶᠠᠨ ᠵᠢᠶᠦ᠋ᠨ᠂ ᠸᠠᠩ ᠢᠦᠢ ᠸᠧᠢ᠂ ᠯᠢᠦ ᠴᠢ᠂ ᠲᠦᠩ ᠶᠦᠩ ᠫᠢᠩ᠂ | ᠹᠠᠨ ᠶᠦᠩ ᠵᠢᠴᠢ ᠰᠢᠶᠠᠨ ᠤ ᠲᠦᠷᠢᠮ ᠲᠣᠭᠲᠠᠭᠠᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠭᠤᠣᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |