ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠨᠠᠷ ᠵᠦᠸᠧᠽᠢ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020-05-28
    5 ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠧᠩ ᠬᠤᠩ ᠹᠠᠨ ᠨᠠᠷ ᠮᠠᠨ ᠤ ᠰᠢᠶᠠᠨ ᠤ ᠯᠢᠨ ᠬᠤᠤ ᠡᠷᠲᠡᠨ ᠤ ᠴᠠᠶᠢᠵᠠ ᠦᠵᠡᠮᠵᠢ ᠶᠢᠨ ᠣᠷᠣᠨ ᠳᠤ ᠭᠦᠨᠵᠡᠭᠡᠶᠢᠷᠡᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠠᠵᠤ  ᠤᠶᠢᠯᠡᠰ ᠤᠨ ᠬᠥᠭᠵᠢᠯᠲᠡ ᠶᠢᠨ  ᠪᠠᠶᠢᠳᠠᠯ ᠢ ᠪᠠᠶᠢᠴᠠᠭᠠᠨ ᠰᠤᠳᠤᠯᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠤᠸᠠᠢ ᠶᠠᠨ ᠮᠧᠶ ᠵᠢᠴᠢ ᠵᠦᠸᠧᠽᠢ ᠰᠢᠶᠠᠨ ᠤ ᠭᠤᠤᠯ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠦᠵᠡᠮᠵᠢ ᠶᠢᠨ ᠣᠷᠣᠨ ᠤ ᠡᠯ᠎ᠡ ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠦᠵᠡᠮᠵᠢ ᠶᠢᠨ ᠣᠷᠣᠨ ᠤ ᠪᠦᠬᠦ᠋ᠢᠯᠡ ᠴᠣᠭᠴᠠ ᠶᠢᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ ᠶᠢ ᠣᠶᠢᠯᠠᠭᠠᠵᠤ᠂ ᠲᠤᠬᠠᠶ ᠶᠢᠨ ᠲᠠᠯᠠᠪᠠᠢ ᠳᠤ ᠦᠵᠡᠮᠵᠢ ᠶᠢᠨ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠪᠡ ᠶᠢ ᠰᠣᠨᠣᠰᠴᠤ᠂ ᠡᠭᠦᠨ ᠤ ᠬᠠᠮᠲᠤ ᠯᠢᠨ ᠬᠤᠤ ᠡᠷᠲᠡᠨ ᠤ ᠴᠠᠶᠢᠵᠠ ᠦᠵᠡᠮᠵᠢ ᠶᠢᠨ ᠣᠷᠣᠨ ᠤ ᠶᠡᠷᠦᠩᠬᠡᠶ ᠵᠢᠭᠤᠯᠴᠢᠯᠠᠯ ᠤᠨ ᠠᠵᠤ  ᠤᠶᠢᠯᠡᠰ ᠤᠨ ᠬᠥᠭᠵᠢᠯᠲᠡ  ᠶᠢᠨ ᠪᠠᠶᠢᠳᠠᠯ ᠢ  ᠭᠦᠢᠴᠡᠳ ᠨᠤᠲᠠᠯᠠᠪᠠ᠃    ᠳᠡᠳ᠋ ᠲᠡᠷᠢᠭᠦᠯᠡᠭᠴᠢ ᠵᠧᠩ ᠬᠤᠩ ᠹᠠᠨ ᠵᠢᠭᠠᠵᠤ ᠭᠠᠷᠭᠠᠭᠰᠠᠨ ᠨᠢ᠂ ᠯᠢᠨ ᠬᠤᠤ ᠡᠷᠲᠡᠨ ᠤ ᠴᠠᠶᠢᠵᠠ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠡᠭᠡ᠂ ᠵᠢᠭᠤᠯᠴᠢᠯᠠᠯ ᠤᠨ  ᠲᠦᠷᠦᠯ ᠵᠦᠢᠯ ᠰᠢᠨ᠎ᠡ ᠰᠡᠪᠡᠭᠦᠨ᠂ ᠣᠯᠠᠨ ᠡᠰᠢᠵᠢᠭᠰᠡᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠨ᠎ᠠ᠃ ᠠᠵᠢᠯ ᠣᠯᠭᠤᠯᠲᠠ ᠣᠷᠣᠯᠭ᠎ᠠ ᠶᠢ ᠨᠡᠮᠡᠭᠳᠡᠭᠦᠯᠬᠦ ᠶᠢ ᠪᠦᠲᠦᠮᠵᠢᠲᠡᠶ ᠳᠠᠶᠢᠴᠢᠯᠠᠵᠤ᠂ ᠲᠤᠬᠠᠶ ᠶᠢᠨ ᠭᠠᠵᠠᠷ ᠤᠨ ᠶᠠᠳᠠᠭᠤ ᠶᠢ ᠲᠡᠳᠬᠦᠬᠦ ᠠᠵᠢᠯ ᠳᠤ ᠲᠦᠢᠯ ᠤᠨ ᠶᠡᠭᠡ ᠬᠠᠪᠰᠤᠷᠤᠯᠭ᠎ᠠ ᠦᠵᠡᠭᠦᠯᠪᠡ᠃ ᠪᠠᠰᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢᠶᠠᠷ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠵᠡᠮᠵᠢ ᠶᠢᠨ ᠣᠷᠣᠨ ᠤ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠵᠡᠮᠵᠢ ᠶᠢᠨ ᠣᠷᠣᠨ ᠤ ᠣᠳᠣᠬᠠᠨ ᠤ ᠡᠵᠡᠩᠨᠡᠯᠲᠡ ᠬᠠᠮᠢᠶᠠᠷᠤᠯᠲᠠ ᠳᠡᠭᠡᠷ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠮᠥᠨ ᠬᠦ ᠲᠡᠷᠢᠭᠦᠨ ᠪᠠᠶᠢᠷᠢᠨ ᠳᠤ ᠲᠠᠯᠪᠢᠵᠤ᠂  ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠥᠮᠦᠰ ᠤᠨ ᠴᠤᠭᠯᠠᠷᠠᠯ ᠤᠨ ᠴᠢᠨᠠᠷ ᠴᠢᠩᠭ᠎ᠠ ᠪᠠᠶᠢᠵᠤ᠂ ᠬᠥᠳᠡᠯᠦᠩᠭᠦᠢ ᠴᠢᠨᠠᠷ ᠢᠶᠠᠷ ᠶᠡᠭᠡ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠠᠳᠬᠤᠵᠤ᠂ ᠠᠷᠠᠳ ᠣᠯᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠠᠵᠢᠯ ᠳᠠᠬᠢ ᠬᠦᠰᠡᠯ ᠡᠷᠡᠮᠡᠯᠵᠡᠯ ᠢ ᠨᠠᠩ ᠰᠠᠶᠢᠨ ᠬᠠᠩᠭᠠᠵᠤ᠂ ᠥᠷᠭᠡᠨ ᠣᠯᠠᠨ ᠵᠢᠭᠤᠯᠴᠢᠯᠠᠭᠴᠢᠳ ᠤᠨ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃            ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2