ᠹᠦ᠋ ᠰᠢᠩ ᠰᠢᠶᠠᠩ ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠬᠤᠶᠠᠷ ᠢ ᠦᠭᠡᠶᠢᠰᠬᠡᠵᠦ ᠬᠤᠶᠠᠷ ᠢ ᠲᠡᠳᠬᠦᠬᠦ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-07
    2020 ᠣᠨ ᠤ 4 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠹᠦ᠋ ᠰᠢᠩ ᠰᠢᠶᠠᠩ ᠵᠦᠸᠧᠽᠢ ᠰᠢᠶᠠᠨ ᠤ ︽ᠬᠤᠶᠠᠷ ᠢ ᠦᠭᠡᠶᠢᠰᠬᠡᠵᠦ ᠬᠤᠶᠠᠷ ᠢ ᠲᠡᠳᠬᠦᠬᠦ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠵᠣᠣ ᡁᠢ ᠶᠤᠸᠠᠨ ᠲᠣᠰ ᠤᠳᠠᠭᠠᠨ ᠤ ᠠᠵᠢᠯᠯᠠᠭ᠎ᠠ ᠶᠢ ᠡᠷᠭᠢᠯᠡᠵᠦ᠂ ᠤᠬᠠᠭᠤᠯᠭ᠎ᠠ ᠶᠢᠨ ᠠᠵᠢᠯᠯᠠᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢᠨ ᠲᠣᠭᠤᠷᠢᠨ ᠳᠤ ᠡᠬᠢᠯᠡᠪᠡ᠃   ᠠᠵᠢᠯᠯᠠᠭ᠎ᠠ ᠳᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠥᠷᠢᠰᠥᠯᠳᠦᠭᠡᠨ ᠢ ᠴᠢᠷᠮᠠᠶᠢᠨ ᠢᠯᠠᠨ ᠳᠠᠪᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠬᠡᠷᠡᠭᠲᠡᠢ᠃    ᠠᠵᠢᠯᠯᠠᠭ᠎ᠠ ᠳᠤ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠡᠴᠦᠰ ᠤᠨ ᠵᠢᠯ ᠪᠣᠯᠤᠨ᠎ᠠ᠂ ᠮᠥᠨᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠱᠠᠨᠰᠢ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠳᠤᠪᠤᠶᠢᠮ᠎ᠠ ᠠᠰᠠᠭᠤᠳᠠᠯ ᠢ ᠣᠨᠢᠯᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠮᠠᠨ ᠤ ᠰᠢᠶᠠᠩ ᠠᠵᠤ ᠦᠢᠯᠡᠰ ᠢ ᠬᠥᠭᠵᠢᠭᠦᠯᠬᠦ ᠶᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠦᠨᠳᠦᠰᠦᠨ ᠪᠤᠳᠤᠯᠭ᠎ᠠ ᠪᠣᠯᠭᠠᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠨᠡᠩ ᠨᠥᠭᠡᠴᠡ ᠬᠦᠴᠦᠨ ᠲᠠᠢ  ᠪᠤᠯᠭᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠢ ᠨᠡᠩ ᠢᠷᠡᠭᠡᠳᠦᠢ ᠲᠠᠢ ᠪᠣᠯᠭᠠᠬᠤ ᠬᠡᠷᠡᠭᠲᠡᠢ᠃    ︽ᠬᠡᠳᠦ᠋ᠢᠪᠡᠷ ᠮᠠᠯᠠᠭᠠᠶ ᠪᠠᠨ ᠠᠪᠤᠭᠰᠠᠨ ᠪᠣᠯᠪᠠᠴᠤ ᠬᠠᠷᠢᠭᠤᠴᠠᠯᠭ᠎ᠠ ᠪᠠᠨ ᠬᠠᠶᠠᠬᠤ ᠥᠬᠡᠶ᠃ ᠲᠣᠰᠬᠤᠨ ᠤ ᠨᠠᠮ ᠤᠨ ᠡᠭᠦᠷ ᠤᠨ ᠱᠦᠵᠢ᠄ ︽ᠨᠠᠮ ᠤᠨ ᠭᠡᠰᠢᠭᠦᠨ ᠺᠠᠳ᠋ᠷᠴᠤᠳ ᠶᠡᠷᠦᠩᠬᠡᠶ ᠱᠦᠵᠢ ᠶᠢᠨ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠦᠷᠭᠦᠯᠵᠢᠯᠡᠨ ᠰᠢᠯᠢᠳᠡᠭ ᠰᠤᠷᠲᠠᠯ ᠢᠶᠠᠷ ᠴᠢᠨᠡᠭᠡᠯᠢᠭ ᠨᠡᠶᠢᠭᠡᠮ ᠢ ᠪᠥᠬᠦ ᠲᠠᠯ᠎ᠠ  ᠪᠠᠷ ᠪᠠᠶᠢᠭᠤᠯᠤᠨ ᠪᠦᠲᠦᠭᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︕                                ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2