4 ᠰᠠᠷ᠎ᠠ ᠶᠢᠨ 23 ᠤ ᠡᠳᠦᠷ ᠪᠣᠯ 25 ᠳ᠋ᠤᠭᠠᠷ ︽ᠳᠡᠯᠡᠬᠡᠶ ᠶᠢᠨ ᠨᠣᠮ ᠤᠩᠰᠢᠬᠤ ᠡᠳᠦᠷ︾ ᠪᠣᠯᠤᠨ᠎ᠠ᠂ | ᠰᠢᠶᠠᠨ ᠤ ᠨᠣᠮ ᠤᠨ ᠰᠠᠩ ᠵᠦᠸᠧᠽᠢ ᠬᠤᠶᠠᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ ︽ᠨᠢᠭᠡ ᠨᠣᠮ | ᠤᠩᠰᠢᠵᠤ᠂ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠪᠠᠷ ᠭᠤᠤᠯ ᠰᠡᠳᠦᠪ ᠪᠣᠯᠭᠠᠭᠰᠠᠨ | ᠳᠡᠯᠡᠬᠡᠶ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ ᠠᠵᠢᠯᠯᠠᠭ᠎ᠠ ᠪᠠᠷ | ᠳᠠᠮᠵᠢᠭᠤᠯᠤᠨ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ︽ᠤᠩᠰᠢᠯᠭ᠎ᠠ︾ ᠠᠴᠠ ︽ ᠣᠩᠰᠢᠬᠤ︾ | ᠬᠦᠷᠲᠡᠯᠡᠬᠢ ᠣᠶᠤᠨ ᠰᠠᠨᠠᠭᠠᠨ ᠤ ᠪᠡᠶᠡᠴᠢ ᠣᠶᠢᠯᠠᠭᠠᠯᠲᠠ ᠶᠢ ᠪᠡᠶᠡᠯᠡᠭᠦᠯᠵᠦ᠂ ︽ᠨᠣᠮ ᠤᠩᠰᠢᠬᠤ ᠳᠤᠷᠠᠲᠠᠶ᠂ ᠨᠣᠮ | ᠤᠩᠰᠢᠵᠤ ᠴᠢᠳᠠᠬᠤ᠂ ᠰᠠᠶᠢᠨ ᠨᠣᠮ ᠤᠩᠰᠢᠬᠤ︾ ᠰᠠᠶᠢᠨ ᠳᠠᠳᠬᠠᠯ ᠲᠠᠢ ᠪᠣᠯᠭᠠᠵᠤ᠂ ᠨᠣᠮ ᠤᠨ ᠦᠨᠦᠷ | ᠬᠠᠩᠬᠤᠯᠤᠭᠰᠠᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠬᠦᠰᠡᠵᠦ | ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠨᠢ 4 ᠰᠠᠷ᠎ᠠ ᠶᠢᠨ 12 ᠤᠨ ᠡᠳᠦᠷ ᠠᠴᠠ ᠡᠬᠢᠯᠡᠨ᠂ 11 ᠡᠳᠦᠷ ᠤᠨ | ᠬᠤᠭᠤᠴᠠᠭ᠎ᠠ ᠲᠠᠢ ᠶᠠᠪᠤᠭᠳᠠᠵᠤ᠂ ᠠᠵᠢᠯᠯᠠᠭ᠎ᠠ ᠶᠢᠨ ᠳᠤᠮᠳᠠ᠂ ᠰᠤᠷᠤᠭᠴᠢᠳ ᠰᠦᠯᠵᠢᠶᠡᠨ ᠳᠡᠭᠡᠷ᠎ᠡ ᠨᠣᠮ ᠤᠨ | ᠰᠠᠩ ᠤᠨ ᠸᠢᠴᠠᠲ ᠤᠨ ᠫᠷᠤᠭ᠍ᠷᠠᠮ ᠢ ︽ᠥᠷᠭᠡᠨ ᠢᠶᠠᠷ ᠦᠵᠡᠬᠦ︾ ᠪᠠ ᠰᠦᠯᠵᠢᠶᠡᠨ ᠳᠣᠤᠷᠠᠬᠢ ᠰᠤᠷᠭᠠᠭᠤᠯᠢ ᠶᠢᠨ | ᠬᠦᠷᠢᠶᠡᠨ ᠳᠤ ᠨᠣᠮ ᠦᠵᠡᠬᠦ ᠬᠡᠯᠪᠡᠷᠢ ᠶᠢ ᠠᠩᠬᠠᠷᠴᠤ᠂ ᠵᠣᠷᠢᠭᠵᠢᠭᠤᠯᠤᠯ ᠤᠨ ᠵᠣᠷᠢᠭ᠂ ᠲᠠᠯᠠᠷᠬᠠᠯ ᠤᠨ ᠰᠡᠳᠬᠢᠯ᠂ | ᠬᠦᠰᠡᠯᠡᠩ ᠢᠲᠡᠭᠡᠯ ᠪᠢᠰᠢᠷᠡᠯ ᠵᠡᠷᠭᠡ ᠲᠥᠷᠥᠯ ᠢᠯᠭᠠᠯ ᠤᠨ ᠤᠩᠰᠢᠬᠤ ᠪᠢᠴᠢᠭ ᠢ ᠰᠣᠨᠣᠰᠴᠤ᠂ ᠬᠠᠮᠲᠤ ᠪᠠᠷ | ᠤᠩᠰᠢᠬᠤ ᠠᠵᠢᠯᠯᠠᠭ᠎ᠠ ᠶᠢ ᠦᠷᠨᠢᠭᠦᠯᠪᠡ᠃ ᠪᠠᠰᠠ ᠨᠣᠮ ᠤᠩᠰᠢᠬᠤ ᠠᠵᠢᠯᠯᠠᠭ᠎ᠠ ᠳᠤᠮᠳᠠ ᠲᠤᠪᠤᠶᠢᠮ᠎ᠠ ᠢᠯᠡᠷᠡᠯ ᠲᠠᠢ | ᠰᠤᠷᠤᠭᠴᠢᠳ ᠲᠤ ᠱᠠᠩᠨᠠᠯ ᠤᠨ ᠪᠢᠴᠢᠭ ᠪᠠ ᠱᠠᠩᠨᠠᠯ ᠤᠨ ᠡᠳ᠋ ᠣᠯᠭᠤᠵᠤ᠂ ᠲᠡᠳᠡᠨ ᠤ ᠢᠯᠡᠭᠦᠬᠡᠨ ᠨᠣᠮ ᠤᠩᠰᠢᠵᠤ᠂ | ᠰᠠᠶᠢᠨ ᠨᠣᠮ ᠤᠩᠰᠢᠬᠤ ᠶᠢ ᠵᠣᠷᠢᠭᠵᠢᠭᠤᠯᠪᠠ᠃ | ᠲᠤᠰ ᠤᠳᠠᠭᠠᠨ ᠤ ᠠᠵᠢᠯᠯᠠᠭ᠎ᠠ ᠶᠢ ᠡᠷᠬᠢᠯᠡᠬᠦ ᠪᠠᠷ ᠳᠠᠮᠵᠢᠨ ᠨᠣᠮ ᠤᠨ ᠰᠠᠩ ᠤᠨ ᠦᠢᠯᠡᠴᠢᠯᠡᠭᠡᠨ ᠤ ᠭᠦᠨᠴᠡ ᠪᠠ | ᠦᠷᠭᠡᠴᠡ ᠶᠢ ᠪᠦᠲᠦᠮᠵᠢᠲᠡᠢ ᠤᠷᠲᠤᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ ᠠᠵᠢᠯᠯᠠᠭ᠎ᠠ ᠶᠢᠨ ᠠᠷᠭ᠎ᠠ ᠬᠡᠯᠪᠡᠷᠢ ᠶᠢ ᠪᠦᠲᠦᠮᠵᠢᠲᠡᠢ | ᠰᠢᠨᠡᠴᠢᠯᠡᠵᠦ᠂ ᠰᠤᠷᠤᠭᠴᠢᠳ ᠢ ᠨᠡᠩ ᠰᠠᠶᠢᠲᠤᠷ ᠬᠦᠳᠦᠯᠦᠨ ᠵᠢᠯᠣᠭᠤᠳᠴᠤ ᠪᠠᠶᠢᠭᠠᠳ ᠨᠣᠮ ᠤᠩᠰᠢᠬᠤ ᠶᠢ ᠨᠢᠭᠡ | ᠵᠦᠢᠯ ᠤᠨ ᠡᠳᠦᠷ ᠳᠤᠳᠤᠮ ᠤᠨ ᠳᠠᠳᠭᠠᠯ ᠪᠣᠯᠭᠠᠵᠤ᠂ ᠨᠣᠮ ᠤᠩᠰᠢᠬᠤ ᠶᠢ ᠨᠢᠭᠡ ᠵᠦᠢᠯ ᠤᠨ ᠬᠡᠪ ᠰᠤᠷᠲᠠᠯ | ᠪᠣᠯᠭᠠᠵᠤ᠂ ᠨᠡᠩ ᠳᠥᠭᠦᠮ ᠳᠥᠲᠡ ᠪᠦᠲᠦᠮᠵᠢᠲᠠᠢ ᠠᠷᠭ᠎ᠠ ᠬᠡᠯᠪᠡᠷᠢ ᠪᠠᠷ ᠳᠠᠮᠵᠢᠭᠤᠯᠤᠨ ᠢᠯᠡᠭᠦᠬᠡᠨ ᠨᠣᠮ ᠤᠩᠰᠢᠵᠤ | ᠂ ᠨᠣᠮ ᠤᠩᠰᠢᠵᠤ᠂ ᠨᠣᠮ ᠤᠩᠰᠢᠬᠤ ᠳᠤ ᠠᠮᠠᠷ ᠪᠣᠯᠭᠠᠵᠠᠢ᠃ ᠨᠣᠮ ᠤᠩᠰᠢᠬᠤ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠵᠤ᠂ ᠰᠤᠷᠭᠠᠭᠤᠯᠢ ᠶᠢᠨ ᠬᠢᠴᠢᠶᠡᠯ ᠤᠨ ᠭᠠᠳᠠᠨᠠᠬᠢ ᠰᠤᠶᠤᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |