ᠵᠦᠸᠧᠽᠢ ᠰᠢᠶᠠᠨ ᠳᠠᠬᠢᠨ ᠶᠠᠳᠠᠭᠤᠷᠠᠭᠰᠠᠨ ᠬᠥᠮᠦᠨ ᠠᠮᠠ ᠪᠣᠯᠤᠨ ᠰᠢᠨ᠎ᠡ ᠪᠠᠷ ᠡᠭᠦᠰᠦᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠢᠨᠠᠨ ᠬᠡᠮᠵᠢᠬᠦ ᠠᠵᠢᠯ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2020-05-07
    2019 ᠣᠨ ᠤ ᠡᠴᠦᠰ ᠪᠣᠯᠲᠠᠯ᠎ᠠ᠂ ᠮᠠᠨ ᠤ ᠰᠢᠶᠠᠨ ᠳᠤ ᠲᠠᠩᠰᠠ ᠡᠪᠬᠡᠮᠡᠯ ᠪᠠᠶᠢᠭᠤᠯᠤᠨ ᠺᠠᠷᠲᠠᠯᠠᠭᠰᠠᠨ ᠶᠠᠳᠠᠭᠤ ᠬᠦᠴᠢᠷᠳᠡᠯᠲᠠᠢ ᠬᠥᠮᠦᠨ ᠠᠮᠠ ᠨᠡᠶᠢᠲᠡ 8061 ᠡᠷᠦᠬᠡ 16584 ᠪᠠᠶᠢᠵᠤ᠂ ᠡᠭᠦᠨ ᠳᠤ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ 7368 ᠡᠷᠦᠬᠡ 15021 ᠬᠥᠮᠦᠨ ᠪᠠᠶᠢᠵᠤ᠂ ᠶᠠᠳᠠᠭᠤ ᠠᠴᠠ ᠠᠩᠭᠢᠵᠢᠷᠠᠭᠤᠯᠤᠭᠰᠠᠨ ᠡᠷᠦᠬᠡ 459 ᠡᠷᠦᠬᠡ 1129 ᠬᠥᠮᠦᠨ ᠪᠠᠶᠢᠵᠤ᠂ ᠶᠠᠳᠠᠭᠤ ᠠᠴᠠ ᠠᠩᠭᠢᠵᠢᠷᠠᠭᠰᠠᠨ ᠥᠬᠡᠶ 234 ᠡᠷᠦᠬᠡ 434 ᠬᠥᠮᠦᠨ ︵ᠳᠠᠬᠢᠨ ᠶᠠᠳᠠᠭᠤᠷᠠᠭᠰᠠᠨ ᠥᠬᠡᠶ ᠶᠠᠳᠠᠭᠤ ᠬᠦᠴᠢᠷᠳᠡᠯᠲᠡᠶ ᠡᠷᠦᠬᠡ︶ ᠪᠠᠶᠢᠨ᠎ᠠ᠃ 2019 ᠣᠨ ᠳᠤ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠬᠦ ᠡᠷᠦᠬᠡ ᠨᠡᠶᠢᠲᠡ 124 ᠡᠷᠦᠬᠡ 294 ᠬᠥᠮᠦᠨ  ᠪᠠᠶᠢᠵᠤ᠂ ᠬᠢᠨᠠᠨ ᠬᠡᠮᠵᠢᠬᠦ ᠵᠠᠬ᠎ᠠ ᠬᠢᠵᠠᠭᠠᠷ ᠤᠨ ᠡᠷᠦᠬᠡ 738 ᠡᠷᠦᠬᠡ 1344 ᠬᠥᠮᠦᠨ ᠪᠠᠶᠢᠨ᠎ᠠ᠃ ︽ᠵᠦᠸᠧᠽᠢ ᠰᠢᠶᠠᠨ ᠤ 2019 ᠣᠨ ᠤ ᠶᠠᠳᠠᠭᠤ ᠶᠢ ᠲᠡᠳᠬᠦᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠤᠨ ᠬᠢᠨᠠᠨ ᠪᠠᠶᠢᠴᠠᠭᠠᠵᠤ ᠬᠢᠨᠠᠨ ᠵᠥᠪᠰᠢᠶᠡᠷᠡᠬᠦ ᠠᠵᠢᠯ ᠤᠨ ᠬᠡᠷᠡᠭᠵᠢᠭᠦᠯᠬᠦ ᠲᠥᠰᠦᠯ︾ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠮᠡᠳᠡᠭᠳᠡᠯ ᠤᠨ ᠱᠠᠭᠠᠷᠳᠠᠯᠭ᠎ᠠ ᠶᠤᠰᠤᠭᠠᠷ᠂ ᠰᠢᠨ᠎ᠡ ᠪᠠᠷ ᠳᠠᠬᠢᠨ ᠶᠠᠳᠠᠭᠤᠷᠠᠬᠤ ᠪᠠ ᠰᠢᠨ᠎ᠡ ᠪᠠᠷ ᠶᠠᠳᠠᠭᠤᠷᠠᠬᠤ ᠶᠢ ᠰᠡᠷᠭᠡᠶᠢᠯᠡᠬᠦ ᠶᠢᠨ ᠲᠥᠯᠥᠭᠡ᠂ ᠮᠠᠨ ᠤ ᠰᠢᠶᠠᠨ ᠲᠣᠮᠣ ᠳ᠋ᠠᠶᠢᠲ᠋ᠠ ᠶᠢᠨ ᠲᠠᠪᠴᠠᠩ ᠤᠨ ᠤᠶᠢᠯᠡᠳᠤᠯ ᠢ  ᠭᠦᠢᠴᠡᠳ ᠪᠠᠳᠠᠷᠠᠭᠤᠯᠵᠤ᠂ ᠶᠠᠳᠠᠭᠤ  ᠬᠦᠴᠢᠷᠳᠡᠯᠲᠠᠢ ᠬᠥᠮᠦᠨ ᠠᠮᠠ ᠳᠤ ᠬᠡᠪᠰᠢᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠶ ᠪᠠᠷ ᠬᠠᠪᠰᠤᠷᠤᠨ ᠲᠡᠳᠬᠦᠬᠦ ᠲᠣᠭᠲᠠᠴᠠ ᠶᠢ  ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠬᠢᠵᠠᠭᠠᠷ ᠡᠷᠦᠬᠡ ᠪᠠ ᠲᠠᠬᠢᠨ ᠶᠠᠳᠠᠭᠤᠷᠠᠬᠤ ᠳᠤ ᠠᠮᠠᠷᠬᠠᠨ ᠡᠷᠦᠬᠡ ᠳᠤ ᠴᠠᠭ ᠲᠤᠬᠠᠶ ᠳᠤᠨᠢ ᠬᠥᠳᠡᠯᠦᠩᠭᠦᠶ ᠪᠠᠷ ᠬᠢᠨᠠᠨ ᠬᠡᠮᠵᠢᠯᠲᠡ ᠬᠢᠬᠦ ᠶᠢᠨ ᠬᠠᠮᠲᠤ᠂ ᠮᠠᠨ ᠤ ᠰᠢᠶᠠᠨ ᠶᠠᠳᠠᠭᠤ ᠬᠦᠴᠢᠷᠳᠡᠯᠲᠠᠢ ᠦᠯᠡᠳᠡᠭᠰᠡᠨ ᠬᠥᠮᠦᠨ ᠠᠮᠠ ᠶᠢᠨ ᠬᠤᠲᠠ᠂ ᠰᠢᠶᠠᠨ᠂ ᠰᠢᠶᠠᠩ ᠭᠤᠷᠪᠠᠨ ᠱᠠᠲᠤᠨ ᠤ ᠤᠳᠤᠷᠢᠳᠤᠯᠭ᠎ᠠ ᠳᠠᠭᠠᠭᠠᠴᠢᠯᠠᠨ ᠲᠡᠳᠬᠦᠬᠦ ᠲᠣᠭᠲᠠᠴᠠ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠠᠳᠤᠶ ᠶᠠᠳᠠᠭᠤ ᠬᠦᠴᠢᠷᠳᠡᠯᠲᠡᠶ ᠡᠷᠦᠬᠡ᠂ ᠵᠠᠬ᠎ᠠ ᠬᠢᠵᠠᠭᠠᠷ ᠡᠷᠦᠬᠡ᠂ ᠶᠠᠳᠠᠭᠤ ᠠᠴᠠ ᠠᠩᠭᠢᠵᠢᠷᠠᠭᠤᠯᠬᠤ ᠶᠢ ᠬᠢᠨᠠᠨ ᠬᠡᠮᠵᠢᠬᠦ ᠡᠷᠦᠬᠡ ᠶᠢᠨ ᠬᠢᠨᠠᠨ ᠬᠡᠮᠵᠢᠬᠦ ᠡᠬᠡ ᠳᠠᠩᠰᠠ ᠶᠢ ᠪᠠᠶᠢᠭᠤᠯᠵᠤ᠂ ᠭᠤᠷᠪᠠᠨ ᠲᠥᠷᠥᠯ ᠤᠨ ᠬᠥᠮᠦᠰ ᠤᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠪᠡ᠃ 2020 ᠣᠨ ᠤ 3 ᠰᠠᠷ᠎ᠠ ᠳᠤ ᠥᠷᠨᠢᠭᠦᠯᠦᠭᠰᠡᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠵᠠᠬ᠎ᠠ ᠬᠢᠵᠠᠭᠠᠷ ᠡᠷᠦᠬᠡ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠵᠢᠭᠰᠠᠭᠠᠨ ᠪᠠᠶᠢᠴᠠᠭᠠᠵᠤ᠂ ᠣᠳᠣᠬᠠᠨ ᠳᠤ᠂ ᠶᠠᠳᠠᠭᠤ ᠠᠴᠠ ᠠᠩᠭᠢᠵᠢᠷᠠᠭᠤᠯᠬᠤ ᠬᠢᠨᠠᠨ ᠬᠡᠮᠵᠢᠬᠦ ᠡᠷᠦᠬᠡ 1 ᠡᠷᠦᠬᠡ 2 ᠬᠦᠮᠦᠨ ︵ᠲᠡᠷᠭᠡᠨ ᠠᠳᠡᠯ ᠠᠴᠠ ᠪᠣᠯᠤᠭᠰᠠᠨ ᠭᠡᠨᠡᠳᠲᠡ ᠶᠢᠨ ᠬᠡᠷᠡᠭ︶ ᠶᠢ ᠠᠩᠬ᠎ᠠ ᠠᠯᠬᠤᠮ ᠵᠢᠭᠰᠠᠭᠠᠨ ᠪᠠᠶᠢᠴᠠᠭᠠᠵᠤ᠂ ᠪᠤᠰᠤᠳ ᠨᠢ ᠰᠢᠨ᠎ᠡ ᠪᠠᠷ ᠢᠯᠭᠠᠨ ᠲᠠᠨᠢᠬᠤ ᠪᠠ ᠳᠠᠬᠢᠨ  ᠶᠠᠳᠠᠭᠤᠷᠠᠬᠤ  ᠪᠠᠶᠢᠳᠠᠯ ᠢ ᠣᠯᠵᠤ ᠮᠡᠳᠡᠭᠰᠡᠨ ᠥᠬᠡᠶ᠂ ᠣᠳᠣᠬᠠᠨ ᠳᠤ᠂ ᠲᠣᠰ ᠡᠷᠦᠬᠡ ᠶᠢ ᠪᠠᠷᠢᠮᠵᠢᠶ᠎ᠠ ᠪᠠ ᠲᠠᠰ ᠳᠠᠷᠠᠭᠠᠯᠠᠯ ᠤᠨ ᠶᠣᠰᠣᠭᠠᠷ ᠰᠤᠳᠤᠯᠤᠨ ᠮᠠᠭᠠᠳᠯᠠᠵᠤ ᠣᠷᠣᠭᠤᠯᠤᠨ᠂ ᠡᠴᠦᠰ ᠤᠨ ᠦᠷ᠎ᠡ ᠳ᠋ᠦᠩ ᠢ ᠲᠣᠭᠲᠠᠭᠠᠭᠰᠠᠨ ᠤ ᠳᠠᠷᠠᠭ᠎ᠠ ᠲᠣᠳᠣᠷᠬᠠᠶᠢᠯᠠᠯᠲᠠ ᠬᠠᠳᠠᠬᠤ ᠴᠢᠬᠤᠯᠠᠲᠠᠶ ᠪᠠᠶᠢᠨ᠎ᠠ᠃                                ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2