ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠰᠢᠨ ᠢᠦᠶ ᠮᠠᠨ ᠤ ᠰᠢᠶᠠᠨ ᠳᠤ ᠢᠷᠡᠵᠦ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ  ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-05-09
    5 ᠰᠠᠷ᠎ᠠ ᠶᠢᠨ 2 ᠤᠨ ᠡᠳᠦᠷ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠰᠢᠨ ᠢᠦᠶ ᠨᠡᠷ ᠮᠠᠨ ᠤ ᠰᠢᠶᠠᠨ ᠳᠤ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ  ᠰᠤᠳᠤᠯᠵᠤ᠂  ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠳ᠋ᠢᠶᠤᠤ ᠴᠦᠨ ᠬᠠᠶ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠭᠦᠸᠧ ᠰᠢᠶᠤᠤ ᠳ᠋ᠦᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ᠂ ᠥᠪᠡᠷᠲᠡᠭᠡᠨ ᠵᠠᠰᠠᠬᠤ ᠣᠷᠣᠨ ᠤ ᠲᠣᠮᠢᠯᠠᠨ  ᠰᠠᠭᠤᠯᠭᠠᠭᠰᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠶᠡᠷᠦᠩᠬᠡᠶ ᠠᠩᠭᠢ ᠶᠢᠨ ᠳᠡᠳ᠋ ᠶᠡᠷᠦᠩᠬᠡᠶ ᠠᠩᠭᠢ ᠶᠢᠨ ᠳᠠᠷᠤᠭ᠎ᠠ ᠸᠠᠩ ᠪᠦᠦ ᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠣ ᠯᠢ ᠱᠧᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢᠦ ᠴᠢ᠂ ᠯᠢ ᠢ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠸᠠᠩ ᠰᠢᠨ ᠢᠦᠶ ᠨᠡᠷ ᠤᠷᠢᠳ ᠬᠤᠵᠢᠳ ᠰᠢᠪᠠᠷᠲᠠᠢ ᠪᠠᠯᠭᠠᠰᠤᠨ ᠤ ᠶᠢᠨ ᠴᠧᠩ ᠸᠠ ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠶ᠂ ᠰᠢᠪᠠᠷᠲᠠᠢ ᠪᠠᠯᠭᠠᠰᠤᠨ ᠤ ᠶᠢᠨ ᠵᠢᠶ ᠠᠵᠤ ᠤᠶᠢᠯᠡᠰ ᠤᠨ ᠬᠦᠷᠢᠶᠡᠯᠡᠩ ᠲᠣᠭᠤᠷᠢᠭ᠂ ᠵᠥᠩ ᠬᠠᠶ ᠲᠣᠰᠣᠨ ᠤ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ  ᠲᠦᠷᠦᠯ ᠵᠦᠢᠯ᠂ ᠨᠦᠩ ᠲᠧ ᠡᠯᠧᠺᠲᠷᠣᠨ ᠬᠤᠳᠠᠯᠳᠤᠭᠠᠨ ᠤ ᠠᠵᠤ ᠤᠶᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠨ ᠤ ᠰᠢᠶᠠᠨ ᠤ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢᠶᠠᠷ ᠶᠠᠳᠠᠭᠤ ᠶᠢ ᠲᠡᠳᠬᠦᠬᠦ ᠪᠠᠶᠢᠳᠠᠯ ᠢ ᠨᠠᠷᠢᠨ ᠣᠶᠢᠯᠠᠭᠠᠪᠠ᠃   ᠶᠢᠨ ᠴᠧᠩ ᠸᠠ ᠭᠠᠭ᠋ᠠᠶ ᠲᠡᠵᠢᠭᠡᠨ ᠦᠷᠡᠵᠢᠭᠦᠯᠬᠦ ᠲᠠᠯᠠᠪᠠᠶ ᠳᠤ᠂ ᠸᠠᠩ ᠰᠢᠨ ᠢᠦᠶ ᠬᠠᠮᠢᠶᠠᠷᠤᠯᠲᠠ ᠶᠢᠨ ᠠᠵᠢᠯᠲᠠᠨ ᠲᠠᠢ ᠰᠠᠨᠠᠯ ᠢᠶᠠᠨ ᠰᠣᠯᠢᠯᠴᠠᠵᠤ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠤᠶᠢᠯᠡᠳᠪᠦᠷᠢᠯᠡᠯ ᠡᠵᠡᠩᠨᠡᠯᠲᠡ ᠶᠢᠨ  ᠪᠠᠶᠢᠳᠠᠯ ᠢ ᠨᠠᠷᠢᠨ ᠣᠶᠢᠯᠠᠭᠠᠵᠤ᠂ ︽ᠶᠠᠳᠠᠭᠤ ᠬᠦᠴᠢᠷᠳᠡᠯᠲᠡᠶ ᠡᠷᠦᠬᠡ ᠲᠡᠵᠢᠭᠡᠨ ᠦᠷᠡᠵᠢᠭᠦᠯᠬᠦ + ᠠᠵᠤ ᠠᠬᠤᠶᠢᠯᠠᠯ ᠬᠤᠳᠠᠯᠳᠤᠨ ᠠᠪᠬᠤ + ᠣᠯᠠᠨ ᠠᠷᠭ᠎ᠠ ᠵᠠᠮ ᠢᠶᠠᠷ ᠪᠣᠷᠣᠯᠠᠭᠤᠯᠬᠤ︾ ᠡᠵᠡᠩᠨᠡᠯᠲᠡ ᠶᠢᠨ ᠵᠠᠭᠪᠤᠷ ᠲᠤ ᠶᠠᠳᠠᠭᠤ  ᠬᠦᠴᠢᠷᠳᠡᠯᠲᠠᠢ ᠡᠷᠦᠬᠡ ᠶᠢ ᠳᠠᠭᠠᠭᠤᠯᠤᠨ ᠪᠠᠶᠠᠵᠢᠭᠰᠠᠨ ᠠᠮᠵᠢᠯᠲᠠ ᠪᠦᠲᠦᠮᠵᠢ ᠶᠢ ᠨᠤᠲᠠᠯᠠᠵᠠᠶ᠃ ᠸᠠᠩ ᠰᠢᠨ ᠢᠦᠢ ᠵᠢᠭᠠᠵᠤ ᠭᠠᠷᠭᠠᠭᠰᠠᠨ ᠨᠢ᠂ ᠲᠡᠵᠢᠭᠡᠨ ᠦᠷᠡᠵᠢᠭᠦᠯᠬᠦ ᠲᠠᠯᠠᠪᠠᠢ ᠲᠠᠢ ᠤᠯᠤᠰ ᠤᠨ ᠵᠧᠩ ᠳ᠋ᠡ  ᠪᠦᠯᠦᠭᠯᠡᠯ ᠲᠠᠢ ᠪᠦᠬᠦ ᠲᠠᠯ᠎ᠠ ᠪᠠᠷ ᠬᠠᠮᠲᠤᠷᠠᠯᠴᠠᠵᠤ᠂ ᠤᠳᠤ ᠨᠢᠭᠡᠨᠲᠡ ᠤᠯᠤᠰ ᠤᠨ ᠳᠣᠲᠣᠭᠠᠳᠤ ᠶᠢᠨ ᠲᠡᠷᠢᠭᠦᠨ ᠤ ᠲᠡᠵᠢᠭᠡᠨ ᠦᠷᠡᠵᠢᠭᠦᠯᠬᠦ ᠲᠥᠬᠦᠭᠡᠷᠦᠮᠵᠢ ᠪᠣᠯᠤᠨ ᠡᠯᠪᠡᠭ ᠪᠠᠶᠠᠯᠢᠭ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠲᠤᠷᠰᠢᠯᠭ᠎ᠠ ᠲᠠᠢ ᠪᠤᠯᠵᠤ᠂ ᠨᠡᠯᠢᠶᠡᠳ ᠴᠢᠩᠭ᠎ᠠ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠡᠰᠡᠷᠭᠦᠴᠡᠬᠦ  ᠶᠡᠷᠤᠩᠬᠡᠶᠢᠯᠡᠭᠰᠡᠨ ᠴᠢᠳᠠᠪᠤᠷᠢ ᠶᠢ ᠪᠦᠷᠢᠯᠳᠦᠭᠦᠯᠵᠦ᠂ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ ᠤᠨ ᠵᠢᠱᠢᠶ ᠎ᠡ ᠦᠵᠡᠭᠦᠯᠬᠦ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ︽ᠶᠠᠳᠠᠭᠤ ᠬᠦᠴᠢᠷᠳᠡᠯᠲᠡᠢ ᠡᠷᠦᠬᠡ ᠲᠡᠵᠢᠭᠡᠨ ᠦᠷᠡᠵᠢᠭᠦᠯᠬᠦ + ᠠᠵᠤ ᠠᠬᠤᠶᠢᠯᠠᠯ ᠬᠤᠳᠠᠯᠳᠤᠨ ᠠᠪᠬᠤ + ᠤᠯᠠᠨ ᠠᠷᠭ᠎ᠠ ᠵᠠᠮ ᠢᠶᠠᠷ  ᠪᠤᠷᠤᠯᠠᠭᠤᠯᠬᠤ︾ ᠠᠭᠤᠯᠤᠭᠳᠠᠬᠤᠨ ᠢ ᠴᠢᠨᠠᠭᠰᠢᠳᠠ ᠪᠠᠶᠠᠯᠢᠭᠵᠢᠭᠤᠯᠵᠤ᠂ ᠲᠤᠬᠠᠢ ᠶᠢᠨ ᠭᠠᠵᠠᠷ ᠤᠨ ᠨᠡᠩ ᠤᠯᠠᠨ ᠲᠠᠷᠢᠶᠠᠴᠢᠨ ᠡᠷᠦᠬᠡ ᠶᠢ ᠳᠠᠭᠠᠭᠤᠯᠤᠨ ᠪᠠᠶᠠᠵᠢᠨ ᠴᠢᠨᠡᠭᠡᠯᠢᠭᠵᠢᠬᠦ ᠶᠢ ᠬᠦᠰᠡᠵᠦ ᠪᠠᠶᠢᠨ᠎ᠠ᠃   ᠳᠠᠷᠠᠭ᠎ᠠ ᠨᠢ᠂ ᠸᠠᠩ ᠰᠢᠨ ᠢᠦᠢ ᠨᠡᠷ ᠶᠢᠨ ᠴᠧᠩ ᠸᠠ ᠲᠣᠰᠬᠤᠨ ᠤ ᠵᠥᠪᠯᠡᠯ ᠤᠨ ᠶᠢᠨ ᠨᠠᠨ ᠼᠦᠨ ᠲᠣᠰᠬᠤᠨ ᠤ ᠳᠠᠩᠰᠠᠯᠠᠨ ᠺᠠᠷᠲᠠᠯᠠᠭᠰᠠᠨ ᠶᠠᠳᠠᠭᠤ ᠬᠦᠴᠢᠷᠳᠡᠯᠲᠡᠢ ᠡᠷᠦᠬᠡ ᠯᠢᠦ ᠬᠤᠸᠠᠨ ᠯᠠᠢ ᠪᠣᠯᠤᠨ ᠵᠠᠩ ᠶᠢᠨ ᠺᠤᠸᠠᠨ ᠤ ᠭᠡᠷ ᠲᠤ ᠬᠦᠷᠴᠦ᠂ ᠲᠡᠳᠡᠨ ᠲᠠᠢ ᠨᠢᠭᠤᠷᠳᠠᠨ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ᠂  ᠶᠠᠳᠠᠭᠤᠷᠠᠠᠭᠰᠠᠨ ᠰᠢᠯᠲᠠᠭᠠᠨ ᠪᠣᠯᠤᠨ ᠪᠣᠳᠠᠲᠠᠢ ᠬᠦᠴᠢᠷᠳᠡᠯ ᠢ ᠨᠠᠷᠢᠨ ᠣᠶᠢᠯᠠᠭᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠤᠨ ᠲᠤᠬᠠᠢ ᠰᠢᠶᠠᠩ ᠪᠠᠯᠭᠠᠰᠤᠨ ᠤ ᠲᠣᠰᠬᠤᠨ ᠤ ᠺᠠᠳ᠋ᠷ ᠲᠠᠢ ᠰᠠᠨᠠᠯ ᠢᠶᠠᠨ ᠰᠣᠯᠢᠯᠴᠠᠪᠠ᠃ ᠵᠠᠩ ᠶᠢᠨ ᠺᠤᠸᠠᠨ ᠤ ᠬᠡᠷ ᠲᠤ᠂ ᠸᠠᠩ ᠰᠢᠨ ᠢᠦᠶ ᠨᠡᠷ ᠣᠶᠢᠯᠠᠭᠠᠭᠰᠠᠨ ᠢᠶᠠᠷ᠂ ᠵᠠᠩ ᠶᠢᠨ ᠺᠤᠸᠠᠨ 2013 ᠣᠨ ᠳᠤ ᠡᠪᠡᠳᠴᠢᠨ ᠠᠴᠠ ᠪᠣᠯᠵᠣ ᠳᠠᠩᠰᠠᠯᠠᠨ ᠺᠠᠷᠲᠠᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠠᠷ ᠢᠯᠭᠠᠨ ᠲᠠᠨᠢᠵᠤ᠂ ᠨᠡᠶᠢᠭᠡᠮ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠭᠥᠷᠳᠡᠵᠦ᠂ 2017 ᠣᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠢᠶᠠᠷ ᠳᠣᠭᠢᠷᠠᠭᠤᠯᠵᠤ᠂ 2018 ᠣᠨ ᠠᠴᠠ ᠡᠬᠢᠯᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠤᠳᠠᠭᠠᠨ ᠴᠢᠨᠠᠷᠲᠠᠶ ᠡᠪᠡᠳᠴᠢᠨ ᠳᠤ ᠡᠮ ᠬᠦᠷᠭᠡᠬᠦ ᠵᠡᠷᠭᠡ ᠲᠥᠷᠥ ᠶᠢᠨ ᠪᠤᠳᠤᠯᠭ᠎ᠠ ᠶᠢᠨ ᠴᠢᠨᠠᠷᠲᠠᠶ ᠲᠡᠳᠬᠦᠮᠵᠢ ᠶᠢ ᠭᠥᠷᠳᠡᠵᠦ᠂ 2019 ᠣᠨ ᠳᠤ ᠬᠠᠪᠰᠤᠷᠤᠨ ᠲᠡᠳᠬᠦᠬᠦ ᠠᠵᠢᠯᠯᠠᠬᠤ ᠠᠩᠭᠢ ᠪᠠ ᠪᠠᠯᠭᠠᠰᠤ ᠲᠣᠰᠬᠤᠨ ᠤ ᠺᠠᠳ᠋ᠷ ᠤᠨ ᠬᠠᠪᠰᠤᠷᠤᠯᠭ᠎ᠠ ᠳᠣᠤᠷ᠎ᠠ᠂ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ᠂ ᠠᠮᠤ ᠪᠤᠳᠠᠭ᠎ᠠ ᠭᠤᠯᠢᠷ ᠢ ᠪᠣᠯᠪᠠᠰᠤᠷᠠᠭᠤᠯᠤᠨ ᠪᠣᠷᠣᠯᠠᠭᠤᠯᠵᠤ᠂ ᠵᠢᠯ ᠤᠨ ᠣᠷᠣᠯᠭ᠎ᠠ ᠶᠢ 3000 ᠭᠠᠷᠤᠶ ᠲᠥᠭᠦᠷᠢᠭ ᠨᠡᠮᠡᠭᠳᠡᠭᠦᠯᠵᠦ᠂ 2019 ᠣᠨ ᠳᠤ ᠶᠠᠳᠠᠭᠤ ᠠᠴᠠ ᠠᠩᠭᠢᠵᠢᠷᠠᠭᠤᠯᠪᠠ᠃ ᠡᠨᠡ ᠵᠢᠯ᠂ ᠤᠤᠯ ᠤᠨ ᠰᠠᠭᠤᠷᠢᠨ ᠳᠡᠭᠡᠷ᠎ᠡ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠭᠤᠯᠢᠷ ᠪᠣᠯᠪᠠᠰᠤᠷᠠᠭᠤᠯᠬᠤ ᠤᠶᠢᠯᠡᠳᠬᠡᠯ ᠤᠨ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠲᠡᠳᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠬᠠᠪᠰᠤᠷᠤᠨ᠎ᠠ᠃ ᠸᠠᠩ ᠰᠢᠨ ᠢᠦᠢ ᠬᠡᠯᠡᠭᠰᠡᠨ ᠨᠢ᠂ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠪᠠᠶᠠᠵᠢᠨ ᠴᠢᠨᠡᠭᠡᠯᠢᠭᠵᠢᠵᠦ ᠳᠡᠶᠢᠯᠬᠦ ᠲᠦᠷᠦᠯ ᠵᠦᠢᠯ ᠢ ᠵᠠᠪᠠᠯ ᠰᠠᠶᠢᠲᠤᠷ ᠬᠢᠵᠦ ᠂ ᠪᠠᠶᠠᠵᠢᠨ ᠴᠢᠨᠡᠭᠡᠯᠢᠭᠵᠢᠭᠰᠡᠨ ᠨᠡᠶᠢᠲᠡᠯᠢᠭ ᠵᠢᠱᠢᠶ᠎ᠡ ᠶᠢ ᠰᠠᠶᠢᠲᠤᠷ ᠪᠤᠢ ᠪᠣᠯᠭᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠷᠣᠯᠠᠭᠤᠯᠬᠤ ᠬᠡᠪᠴᠢᠶ᠎ᠡ ᠪᠠᠨ ᠦᠷᠭᠡᠳᠬᠡᠵᠦ᠂ ᠨᠡᠩ ᠤᠯᠠᠨ ᠤᠯᠠᠨ ᠲᠦᠮᠡᠨ ᠢ ᠲᠠᠶᠢᠴᠢᠯᠠᠨ ᠪᠠᠶᠠᠵᠢᠭᠤᠯᠬᠤ ᠬᠡᠷᠡᠭᠲᠡᠶ ᠭᠡᠪᠡ᠃  ᠠᠯᠲᠠᠨ ᠲᠠᠬᠢᠶ᠎ᠠ ᠶᠢᠨ ᠠᠵᠤ ᠤᠶᠢᠯᠡᠰ ᠤᠨ ᠬᠦᠷᠢᠶᠡᠯᠡᠩ ᠲᠣᠭᠤᠷᠢᠭ ᠤᠨ ᠪᠣᠯᠪᠠᠰᠤᠷᠠᠭᠤᠯᠬᠤ ᠲᠠᠰᠤᠭ ᠲᠤ᠂ ᠨᠢᠭᠡ ᠰᠢᠨ᠎ᠡ ᠥᠨᠳᠡᠭᠡ ᠠᠦ᠋ᠲ᠋ᠣᠴᠢᠯᠠᠭᠰᠠᠨ ᠲᠣᠭᠤᠷᠢᠭ ᠤᠨ ᠡᠵᠡᠮᠰᠢᠯ ᠤᠨ ᠰᠢᠰᠲ᠋ᠧᠮ ᠤᠨ ᠥᠪᠡᠷᠲᠡᠭᠡᠨ ᠥᠨᠳᠡᠭᠡ ᠴᠤᠭᠯᠠᠭᠤᠯᠬᠤ ᠪᠠ ᠢᠯᠭᠠᠬᠤ ᠪᠠᠷ ᠳᠠᠮᠵᠢᠨ᠂ ᠳᠠᠮᠵᠢᠭᠤᠯᠬᠤ ᠪᠦᠰᠡ ᠶᠢ ᠠᠵᠢᠯᠴᠢᠳ ᠤᠨ ᠡᠮᠦᠨ᠎ᠡ ᠬᠦᠷᠭᠡᠵᠡᠶ᠃ ᠠᠵᠢᠯᠴᠢᠳ ᠤᠨ ᠵᠠᠷᠢᠮ ᠨᠢ ᠥᠨᠳᠡᠭᠡ ᠲᠡᠭᠦᠬᠦ᠂ ᠵᠠᠷᠢᠮ ᠨᠢ ᠪᠣᠭᠤᠳᠠᠯ ᠪᠠᠭᠯᠠᠭ᠎ᠠ ᠪᠠᠨ ᠪᠢᠲᠡᠭᠦᠮᠵᠢᠯᠡᠬᠦ᠂ ᠵᠠᠷᠢᠮ ᠨᠢ ᠪᠠᠷᠠᠭ᠎ᠠ ᠵᠥᠭᠡᠭᠡᠪᠦᠷᠢᠯᠡᠬᠦ᠂ ᠨᠢᠭᠡ ᠪᠦᠯᠦᠭ ᠶᠠᠭᠠᠷᠠᠯᠲᠠᠶ ᠪᠠᠶᠢᠳᠠᠯ ᠭᠠᠷᠴᠤ ᠪᠠᠶᠢᠨ᠎ᠠ᠃ ᠸᠠᠩ ᠰᠢᠨ ᠢᠦᠢ ᠨᠡᠷ ᠲᠠᠬᠢᠶᠠᠨ ᠥᠨᠳᠡᠭᠡᠨ ᠤ ᠶᠠᠰᠤ ᠴᠢᠨᠠᠷ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠢᠯ ᠢ ᠨᠠᠷᠢᠨ ᠪᠠᠶᠢᠴᠠᠭᠠᠨ ᠣᠶᠢᠯᠠᠭᠠᠪᠠ᠃ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ᠂ ᠶᠠᠳᠠᠭᠤ ᠬᠦᠴᠢᠷᠳᠡᠯᠲᠡᠶ ᠡᠷᠦᠬᠡ ᠶᠢᠨ ᠠᠵᠢᠯᠴᠢᠨ ᠬᠡᠷᠡᠭᠯᠡᠬᠦ  ᠲᠦᠷᠦ ᠶᠢᠨ ᠪᠣᠳᠣᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠨ᠎ᠠ᠃ ᠸᠠᠩ ᠰᠢᠨ ᠢᠦᠢ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠳᠠᠭᠠᠭᠤᠯᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠲᠣᠭᠲᠠᠴᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠠᠯᠳᠠᠨ ᠲᠠᠬᠢᠶ᠎ᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠦᠷᠦᠯ ᠵᠦᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠩ ᠤᠯᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠬᠡᠷᠡᠭᠲᠡᠢ᠃ ᠠᠵᠤ ᠠᠬᠤᠶᠢᠯᠠᠯ ᠤᠳ ᠣᠷᠣᠨ ᠨᠤᠲᠤᠭ ᠤᠨ ᠵᠠᠰᠠᠭ ᠤᠨ ᠣᠷᠳᠣᠨ ᠯᠤᠭ᠎ᠠ ᠢᠳᠡᠪᠬᠢᠲᠡᠶ ᠵᠣᠯᠭᠠᠭᠤᠯᠵᠤ᠂ ᠰᠠᠶᠢᠨ ᠰᠠᠶᠢᠬᠠᠨ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠤ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠭᠠᠵᠤ᠂ ᠡᠬᠢ ᠪᠠᠶᠠᠯᠢᠭ ᠪᠣᠯᠤᠨ ᠮᠡᠳᠡᠭᠡ ᠵᠠᠩᠭᠢ ᠶᠢ ᠬᠠᠮᠲᠤᠪᠠᠷ ᠡᠳᠡᠯᠡᠬᠦ ᠶᠢ ᠪᠡᠶᠡᠯᠡᠭᠦᠯᠵᠦ᠂  ᠶᠡᠷᠦᠩᠬᠡᠢ ᠡᠵᠡᠮᠰᠢᠯ ᠶᠢᠨ ᠲᠠᠯ᠎ᠠ ᠪᠠᠷ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠭᠦᠨᠵᠡᠭᠡᠶᠢᠷᠡᠭᠦᠯᠬᠦ ᠬᠡᠷᠡᠭᠲᠡᠶ  ᠭᠡᠵᠡᠢ᠃   ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ᠂ ᠸᠠᠩ ᠰᠢᠨ ᠢᠦᠢ ᠨᠡᠷ ᠵᠦᠩ ᠬᠠᠢ ᠳᠤᠰᠤᠨ ᠤ ᠠᠵᠢᠯ ᠲᠦᠷᠦᠯ ᠢᠶᠠᠷ ᠢᠶᠠᠨ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ︔ ᠲᠠᠷᠢᠶᠠᠯᠠᠩ ᠤᠨ ᠣᠨᠴᠠ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠳᠤ᠂ ᠪᠠᠷᠠᠭ᠎ᠠ ᠭᠦᠢᠯᠭᠡᠭᠡᠨ ᠤ ᠲᠤᠬᠢᠷᠠᠭᠤᠯᠤᠨ ᠬᠦᠷᠭᠡᠬᠦ᠂ ᠰᠦᠯᠵᠢᠶᠡᠨ ᠤ ᠪᠠᠷᠠᠭ᠎ᠠ ᠶᠢᠨ ᠬᠠᠩᠭᠠᠯᠭ᠎ᠠ ᠵᠡᠷᠭᠡ ᠡᠯᠧᠺᠲᠷᠣᠨ ᠬᠤᠳᠠᠯᠳᠤᠭ᠎ᠠ  ᠶᠢᠨ ᠤᠶᠢᠯᠡᠴᠢᠯᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠪᠠᠶᠢᠳᠠᠯ ᠢ  ᠨᠠᠷᠢᠨ ᠣᠶᠢᠯᠠᠭᠠᠬᠤ ᠬᠡᠷᠡᠭᠲᠡᠶ ᠭᠡᠮᠡᠨ ᠵᠠᠬᠢᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠰᠢᠨ ᠢᠦᠶ ᠮᠠᠨ ᠤ ᠰᠢᠶᠠᠨ ᠤ ᠡᠯᠧᠺᠲᠷᠣᠨ ᠬᠤᠳᠠᠯᠳᠤᠭᠠᠨ ᠤ  ᠶᠠᠪᠤᠳᠠᠯ ᠤᠨ ᠲᠠᠪᠴᠠᠩ ᠪᠠᠶᠢᠭᠤᠯᠬᠤ᠂ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠣᠯᠤᠭᠰᠠᠨ ᠠᠮᠵᠢᠯᠲᠠ  ᠪᠦᠲᠦᠮᠵᠢ ᠶᠢ  ᠭᠦᠢᠴᠡᠳ ᠨᠤᠲᠠᠯᠠᠪᠠ᠃ ᠲᠡᠷᠡ᠂ ᠦᠢᠯᠡᠳᠬᠦᠨ ᠤ ᠶᠠᠰᠤ ᠴᠢᠨᠠᠷ ᠢ ᠴᠢᠩᠭ᠎ᠠ ᠠᠳᠬᠤᠵᠤ᠂ ᠡᠬᠢ ᠡᠭᠦᠰᠦᠯ ᠢ ᠨᠢ ᠡᠷᠢᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠬᠦᠨ ᠤ ᠮᠡᠳᠡᠭᠡ ᠵᠠᠩᠭᠢ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ  ᠪᠦᠲᠦᠭᠡᠭᠳᠡᠬᠦᠨ ᠤ ᠶᠠᠰᠤ ᠴᠢᠨᠠᠷ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ  ᠬᠡᠷᠡᠭᠲᠡᠢ︔ ᠬᠥᠲᠥᠴᠢ ᠠᠵᠤ ᠠᠬᠤᠶᠢᠯᠠᠯ ᠢ ᠶᠡᠬᠡᠪᠡᠷ ᠪᠤᠶᠢᠵᠢᠭᠤᠯᠤᠨ ᠪᠤᠵᠠᠭᠠᠶᠢᠷᠠᠭᠤᠯᠵᠤ᠂ ᠭᠦᠨᠵᠡᠭᠡᠶ ᠤᠬᠠᠭᠠᠯᠠᠨ ᠲᠦᠯᠦᠪᠯᠡᠬᠦ ᠶᠢ ᠴᠢᠩᠭᠠᠳᠬᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠣᠯᠠᠨ ᠲᠦᠮᠡᠨ ᠤ ᠶᠠᠳᠠᠭᠤ ᠠᠴᠠ  ᠠᠩᠭᠢᠵᠢᠷᠠᠨ ᠴᠢᠨᠡᠭᠡᠯᠢᠭᠵᠢᠬᠦ ᠶᠢᠨ ᠪᠦᠲᠦᠮᠵᠢᠲᠡᠶ ᠠᠷᠭ᠎ᠠ ᠵᠠᠮ ᠪᠠ ᠴᠢᠬᠤᠯᠠ ᠭᠠᠷᠳᠠᠴᠠ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ᠂ ᠰᠣᠶᠣᠯ ᠤᠨ ᠳᠠᠪᠠᠭᠤᠯᠢᠭ ᠢ ᠠᠰᠢᠭᠯᠠᠨ᠂ ᠠᠵᠤ ᠤᠶᠢᠯᠡᠰ ᠤᠨ ᠲᠤᠯᠭᠠᠭᠤᠷᠢᠯᠠᠯ ᠢ ᠲᠠᠰᠤᠷᠠᠯᠲᠠ ᠥᠬᠡᠶ ᠴᠢᠩᠭᠠᠷᠠᠭᠤᠯᠵᠤ᠂ ᠣᠨᠴᠠᠯᠢᠭᠲᠤ ᠠᠵᠤ  ᠤᠶᠢᠯᠡᠰ ᠤᠨ ᠪᠠᠷᠢᠮᠵᠢᠶᠠᠵᠢᠭᠤᠯᠤᠯᠲᠠ᠂ ᠬᠡᠪᠴᠢᠶᠡᠵᠢᠯᠲᠡ᠂ ᠨᠠᠷᠠᠲᠤ ᠲᠥᠷᠥᠯ ᠲᠡᠮᠳᠡᠭᠵᠢᠯᠲᠡ ᠶᠢ ᠪᠣᠶ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠵᠤ᠂ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠳᠤ ᠲᠦᠰᠢᠭᠯᠡᠨ᠂ ᠶᠠᠳᠠᠭᠤ ᠶᠢ ᠲᠡᠳᠬᠦᠬᠦ ᠵᠠᠭᠪᠤᠷ ᠲᠤ ᠲᠦᠰᠢᠭᠯᠡᠨ᠂ ᠲᠦᠢᠯ ᠤᠨ ᠣᠨᠣᠪᠴᠢᠲᠠᠶ ᠪᠠᠷ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠯᠧᠺᠲᠷᠣᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠥᠭᠵᠢᠭᠦᠯᠵᠦ᠂ ᠭᠠᠷᠮᠠᠭᠠᠶ ᠪᠠᠯᠠ ᠣᠷᠣᠭᠤᠯᠤᠭᠰᠠᠨ ᠣᠨᠴᠠᠯᠢᠭᠲᠤ ᠲᠠᠷᠢᠶᠠᠯᠠᠩ ᠤᠨ ᠪᠦᠲᠦᠭᠡᠭᠲᠡᠭᠦᠨ ᠢ ᠭᠠᠳᠠᠭᠰᠢ ᠭᠠᠷᠭᠠᠵᠤ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠪᠠᠷ ᠦᠨᠡᠨᠬᠦ ᠳᠠᠮᠵᠢᠵᠤ᠂ ᠬᠥᠳᠡᠭᠡ  ᠲᠤᠰᠬᠤᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠶ ᠭᠡᠮᠡᠨ ᠵᠠᠬᠢᠪᠠ᠃                      ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2