ᠵᠦᠸᠧᠽᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠤᠷᠪᠡᠳᠤᠭᠡᠷ ᠣᠳᠠᠭᠠᠨ ᠤ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2020-05-09
    5 ᠰᠠᠷ᠎ᠠ ᠶᠢᠨ 8 ᠤ ᠡᠳᠦᠷ᠂ ᠵᠦᠸᠧᠽᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠣᠳᠠᠭᠠᠨ ᠤ ᠬᠤᠷᠠᠯᠳᠤᠭᠠᠨ ᠰᠢᠶᠠᠨ ᠤ ᠺᠢᠨᠣ᠋ ᠵᠦᠴᠦᠭᠡ ᠶᠢᠨ ᠬᠦᠷᠢᠶᠡᠯᠡᠩ ᠳᠤ ᠦᠪᠡᠳᠡᠭᠰᠢ ᠶᠡᠭᠡ ᠪᠠᠷ ᠡᠬᠢᠯᠡᠪᠡ᠃ ᠪᠦᠬᠦ ᠰᠢᠶᠠᠨ ᠤ ᠡᠯ᠎ᠡ ᠭᠠᠵᠠᠷ᠂ ᠡᠯ᠎ᠡ ᠹᠷᠣᠨᠲ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠡᠭᠦᠷᠭᠡᠯᠡᠵᠦ᠂ ᠨᠢᠭᠡ ᠲᠠᠩᠬᠢᠮ ᠳᠤ ᠴᠤᠭᠯᠠᠷᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ 2020 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠵᠢᠷᠤᠭ ᠲᠥᠰᠦᠪ ᠢ ᠬᠠᠮᠲᠤ ᠪᠠᠷ ᠲᠥᠰᠦᠪᠯᠡᠵᠦ  ᠪᠠᠶᠢᠨ᠎ᠠ᠃
   ᠶᠡᠭᠡ ᠬᠤᠷᠠᠯ ᠢ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠯᠢᠦ ᠳ᠋ᠡ ᠮᠤᠤ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠸᠠᠩ ᠰᠢᠶᠤᠤ ᠵᠢᠶᠦ᠋ᠨ᠂ ᠯᠢᠦ ᠳ᠋ᠡ ᠮᠤᠤ᠂ ᠵᠤᠤ ᠵᠢᠶᠠᠨ ᠵᠢᠶᠦ᠋ᠨ ᠵᠢᠴᠢ ᠯᠢ ᠶᠢᠩ᠂ ᠯᠢ ᠵᠢᠶᠦ᠋ᠨ᠂ ᠦ᠋ ᠵᠢᠶᠠᠨ ᠴᠢᠩ᠂ ᠵᠠᠩ ᠷᠦᠨ ᠫᠢᠩ᠂ ᠪᠠᠢ ᠰᠢᠶᠠᠩ ᠯᠢ᠂ ᠫᠧᠩ ᠹᠦ᠋ ᠴᠢᠤᠸᠠᠨ᠂ ᠸᠠᠩ ᠶᠢᠨ ᠰᠢᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠪᠠ᠃ ᠸᠠᠩ ᠢᠦᠶ ᠸᠧᠶ᠂ ᠯᠢᠦ ᠹᠦ᠋ ᠯᠢᠶᠠᠩ᠂ ᠪᠠᠶ ᡁᠢ ᠫᠢᠩ᠂ ᠦ᠋ ᠵᠥᠩ  ᠵᠧ᠂ ᠬᠤ ᠶᠤᠸᠠᠨ᠂ ᠪᠠᠶ ᡁᠢ ᠵᠢᠶᠦ᠋ᠨ᠂ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶᠠᠨ ᠤ ᠳᠠᠷᠤᠭ᠎ᠠ ᠵᠢᠴᠢ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠤᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃    ᠲᠣᠰ ᠬᠤᠭᠤᠴᠠᠭᠠᠨ ᠤ ᠠᠷᠠᠳ ᠤᠨ ᠶᠡᠭᠡ ᠬᠤᠷᠠᠯ ᠳᠤ 174 ᠲᠥᠯᠥᠭᠡᠯᠡᠭᠴᠢ ᠣᠷᠣᠯᠴᠠᠵᠤ᠂ ᠲᠣᠰ ᠤᠳᠠᠭᠠᠨ ᠤ  ᠪᠦᠬᠦᠳᠡ ᠬᠤᠷᠠᠯ ᠳᠤ 151 ᠲᠥᠯᠥᠭᠡᠯᠡᠭᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃
    ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃     ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠶᠢᠩ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠮᠡᠳᠡᠭᠦᠯᠦᠯᠲᠡ ᠨᠢ ᠭᠤᠷᠪᠠᠨ ᠬᠡᠰᠡᠭ ᠲᠤ ᠬᠤᠪᠢᠶᠠᠭᠳᠠᠪᠠ᠄ ᠨᠢᠭᠡ᠂ 2019 ᠣᠨ ᠤ ᠠᠵᠢᠯ ᠤᠨ ᠡᠷᠭᠢᠴᠡᠭᠦᠯᠦᠯ︔ ᠬᠤᠶᠠᠷ᠂ 2020 ᠣᠨ ᠤ ᠭᠤᠤᠯ ᠠᠵᠢᠯ︔ ᠭᠤᠷᠪᠠ᠂ ᠵᠠᠰᠠᠭ ᠤᠨ ᠣᠷᠳᠣᠨ ᠤ ᠵᠠᠰᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠮᠡᠳᠡᠭᠦᠯᠦᠯᠲᠡ ᠳᠤ᠂ 2019 ᠤᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ  ᠵᠠᠩᠭᠢᠯᠭ᠎ᠠ ᠶᠢᠨ ᠵᠢᠯ ᠮᠥᠨ᠂ ᠪᠠᠰᠠ ᠴᠤ ᠮᠠᠨ ᠤ ᠰᠢᠶᠠᠨ ᠤ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠵᠢᠯ ᠮᠥᠨ᠃ ᠨᠢᠭᠡ ᠵᠢᠯ ᠤᠨ ᠲᠤᠷᠰᠢ᠂ ᠪᠥᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ  ᠶᠢᠰᠦᠳᠤᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ ᠴᠢᠩᠭ᠎ᠠ ᠲᠦᠰᠢᠭᠯᠡᠨ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠦᠷᠭᠦᠯᠵᠢᠯᠡᠨ ᠳᠡᠭᠡᠭᠰᠢᠯᠡᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠪᠠ᠃ ᠨᠢᠭᠡ ᠵᠢᠯ ᠤᠨ ᠲᠤᠷᠰᠢ᠂ ᠪᠢᠳᠡ ᠬᠠᠲᠠᠭᠤ ᠰᠢᠷᠦᠭᠦᠨ ᠪᠠᠶᠢᠯᠳᠤᠭᠠᠨ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠮᠵᠢᠯᠴᠠᠨ ᠬᠥᠭᠵᠢᠬᠦ᠂  ᠰᠢᠰᠲ᠋ᠧᠮ ᠲᠠᠢ ᠴᠤᠭᠯᠠᠷᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠪᠦᠬᠦ ᠲᠠᠯ᠎ᠠ  ᠪᠠᠷ ᠭᠦᠨᠵᠡᠭᠡᠶᠢᠷᠡᠭᠦᠯᠬᠦ ᠶᠢ ᠭᠦᠨᠵᠡᠭᠡᠢ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦ ᠲᠠᠯ᠎ᠠ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠳᠦᠷᠰᠦ ᠪᠠᠶᠢᠳᠠᠯ ᠢᠯᠡᠳᠲᠡ ᠳᠡᠭᠡᠭᠰᠢᠯᠡᠵᠦ᠂ ᠠᠷᠠᠳ ᠲᠦᠮᠡᠨ ᠤ ᠲᠥᠯᠥᠭᠡ ᠵᠢᠳᠬᠦᠬᠦ᠂ ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠪᠠ᠃ ᠬᠠᠤᠯᠢ ᠶᠣᠰᠣᠭᠠᠷ ᠰᠢᠶᠠᠨ ᠢ ᠵᠠᠰᠠᠬᠤ᠂ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ  ᠪᠠᠷᠢᠮᠲᠠᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ
  ᠮᠡᠳᠡᠭᠦᠯᠦᠯᠲᠡ ᠳᠤ᠂ 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠪᠣᠯᠤᠨ᠎ᠠ᠂ ᠮᠥᠨᠴᠦ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠭᠡᠷᠡᠴᠢᠯᠡᠬᠦ ᠵᠢᠯ ᠪᠣᠯᠤᠨ᠎ᠠ᠃ ᠰᠢᠨ᠎ᠡ ᠵᠢᠯ ᠡᠬᠢᠯᠡᠮᠡᠭᠴᠡ᠂ ᠨᠢᠭᠡ ᠤᠳᠠᠭᠠᠨ ᠤ ᠭᠡᠨᠡᠳᠲᠡ ᠡᠭᠦᠰᠦᠭᠰᠡᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠳᠲᠡᠷ ᠲᠦᠷᠭᠡᠨ ᠪᠥᠬᠦ ᠤᠯᠤᠰ ᠲᠤ ᠳᠡᠯᠭᠡᠷᠡᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠴᠢᠩᠭ᠎ᠠ ᠰᠢᠯᠭᠠᠯᠲᠠ ᠳᠤ ᠤᠴᠠᠷᠠᠪᠠ᠃ ᠬᠢᠵᠢᠭ ᠤᠨ ᠪᠠᠶᠢᠳᠠᠯ ᠪᠣᠯ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠡᠮᠦᠨ᠎ᠡ ᠹᠷᠣᠨᠲ ᠲᠤ ᠪᠠᠲᠤ ᠰᠠᠬᠢᠵᠤ᠂ ᠪᠠᠭ᠎ᠠ ᠭᠡᠷ ᠢᠶᠠᠨ ᠬᠠᠶᠠᠵᠤ ᠤᠯᠠᠨ ᠤ ᠲᠥᠯᠥᠭᠡ ᠵᠢᠳᠬᠦᠵᠦ᠂ ᠪᠣᠳᠠᠲᠤ ᠠᠵᠢᠯᠯᠠᠭ᠎ᠠ ᠪᠠᠷ ᠢᠶᠠᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠡᠷᠡᠰ ᠪᠠᠲᠤ ᠲᠠᠩᠭᠠᠷᠢᠭ ᠢᠶᠠᠨ ᠲᠠᠶᠢᠯᠪᠦᠷᠢᠯᠠᠨ ᠪᠠᠶᠢᠨ᠎ᠠ︕ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠠᠳᠬᠤᠬᠤ ᠶᠢᠨ ᠬᠠᠮᠲᠤ ᠪᠢᠳᠡ ᠢᠲᠡᠭᠡᠯ ᠵᠣᠷᠢᠭ ᠢᠶᠠᠨ ᠪᠠᠲᠤᠳᠬᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠴᠢᠷᠮᠠᠶᠢᠨ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠪᠠ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠡᠪ ᠤᠨ ᠡᠮᠬᠢ ᠵᠢᠷᠤᠮ ᠢ ᠠᠯᠬᠤᠮ ᠠᠯᠬᠤᠮ ᠢᠶᠠᠷ ᠰᠡᠷᠭᠦᠭᠡᠪᠡ᠃    ᠮᠡᠳᠡᠭᠦᠯᠦᠯᠲᠡ ᠳᠤ᠂ ᠳᠡᠭᠡᠷ᠎ᠡ ᠳᠤᠷᠠᠳᠤᠭᠰᠠᠨ ᠬᠠᠷᠠᠯᠲᠠ ᠪᠠ ᠡᠭᠦᠷᠭᠡ ᠶᠢᠨ ᠲᠣᠭᠤᠷᠢᠨ ᠳᠤ᠂ ᠡᠨᠡ ᠵᠢᠯ ᠪᠢᠳᠡ ᠳᠤᠤᠷᠠᠬᠢ ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ ᠠᠰᠠᠭᠤᠳᠠᠯ ᠢᠶᠠᠷ  ᠣᠳᠣᠷᠢᠳᠣᠮᠵᠢ ᠪᠣᠯᠭᠠᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠬᠢᠨ᠎ᠠ︔ ᠲᠦᠷᠦᠯ ᠵᠦᠢᠯ ᠢᠶᠠᠷ ᠳᠠᠶᠢᠴᠢᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠬᠤᠳᠠ ᠬᠥᠳᠡᠭᠡ ᠶᠢ ᠨᠢᠭᠡ ᠴᠤᠭᠴᠠᠵᠢᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ︔ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︔ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠵᠠ ᠵᠢᠷᠭᠠᠯ ᠢ ᠦᠨᠡᠨ ᠬᠦ ᠨᠡᠮᠡᠭᠳᠡᠭᠦᠯᠦᠨ᠎ᠡ᠃    ᠢᠯᠡᠳᠬᠡᠯ ᠳᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠨᠠᠷᠢᠨ ᠬᠢᠨᠠᠮᠠᠭᠠᠶ  ᠲᠤᠤᠱᠯᠠᠭᠤᠯᠵᠤ᠂ ᠭᠤᠤᠯ ᠰᠡᠳᠦᠪᠲᠦ ᠬᠥᠮᠦᠵᠢᠯ ᠤᠨ ᠡᠯ᠎ᠡ  ᠵᠦᠢᠯ ᠤᠨ ᠠᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠠᠵᠢᠯᠲᠠᠨ ᠤ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠶᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠠᠵᠢᠯ ᠤᠨ ᠲᠤᠭᠲᠠᠮᠠᠯ ᠴᠢᠨᠠᠷ ᠢᠶᠠᠷ ᠪᠠᠶᠢᠳᠠᠯ ᠤᠨ ᠲᠣᠭᠲᠠᠪᠤᠷᠢ ᠥᠬᠡᠶ ᠴᠢᠨᠠᠷ ᠢ ᠠᠷᠭᠠᠴᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠡᠶᠡᠯᠡᠭᠦᠯᠦᠨ᠎ᠡ᠃ ︽ᠭᠤᠷᠪᠠᠨ ᠴᠢᠬᠤᠯᠠ ᠨᠢᠭᠡ ᠶᠡᠭᠡ︾ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ ᠶᠢ ᠦᠨᠡᠯᠡᠨ ᠵᠢᠱᠢᠬᠦ ᠶᠢ ᠪᠦᠲᠦᠮᠵᠢᠲᠡᠶ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠢᠷᠤᠮᠵᠢᠯ ᠢ ᠠᠬᠢᠭᠤᠯᠤᠨ᠂ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠡᠶᠡᠯᠡᠭᠦᠯᠦᠨ᠎ᠡ᠃ ᠵᠣᠷᠢᠯᠲᠠ ᠶᠢᠨ ᠤᠬᠠᠮᠰᠠᠷ ᠢᠶᠠᠨ ᠪᠠᠲᠤ ᠴᠡᠭᠡᠵᠢᠯᠡᠵᠦ᠂ ᠠᠷᠠᠳ ᠤᠨ ᠲᠥᠯᠥᠭᠡ ᠲᠦᠷᠦ ᠪᠠᠷᠢᠬᠤ ᠶᠢ ᠢᠮᠠᠭᠲᠠ ᠪᠡᠶᠡᠯᠡᠭᠦᠯᠦᠨ᠎ᠡ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠢᠩᠭ᠎ᠠ ᠠᠳᠬᠤᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠢᠮᠠᠭᠲᠠ ᠪᠡᠶᠡᠯᠡᠭᠦᠯᠦᠨ᠎ᠡ᠃    ᠬᠤᠷᠠᠯ ᠠᠴᠠ ᠪᠠᠰᠠ ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ  ᠵᠦᠢᠯᠡᠰ ᠤᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠰᠤᠨᠤᠰᠴᠡᠢ᠃
   ᠬᠤᠷᠠᠯ ᠳᠤ ᠰᠤᠯᠠ ᠣᠷᠣᠯᠴᠠᠭᠰᠠᠳ ᠲᠤ᠄ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ᠂ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠰᠢ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ᠂ ᠠᠷᠠᠳ ᠤᠨ ᠵᠡᠪᠰᠡᠭᠲᠦ ᠬᠦᠴᠦᠨ ᠤ ᠶᠠᠮᠤᠨ ᠤ ᠤᠯᠤᠰ ᠲᠥᠷᠥ ᠶᠢᠨ ᠭᠡᠰᠢᠭᠦᠨ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠥᠷᠥ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠰᠢᠭᠦᠬᠦ ᠬᠤᠷᠢᠶᠠᠨ ᠤ ᠳᠡᠳ᠋ ᠳᠠᠷᠤᠭ᠎ᠠ᠂ ᠪᠠᠶᠢᠴᠠᠭᠠᠬᠤ ᠬᠤᠷᠢᠶᠠᠨ ᠤ ᠳᠡᠳ᠋  ᠪᠠᠶᠢᠴᠠᠭᠠᠬᠤ ᠳᠠᠷᠤᠭ᠎ᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠡᠰᠡᠭ ᠠᠬᠠᠮᠠᠳ ᠺᠠᠳ᠋ᠷ᠂ ᠮᠠᠨ ᠤ ᠰᠢᠶᠠᠨ ᠳᠤ ᠰᠠᠭᠤᠭ᠎ᠠ ᠤᠯᠠᠭᠠᠨᠴᠠᠪ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠶᠠᠨ ᠤ ᠰᠢᠭᠤᠳ ᠬᠠᠷᠢᠶ᠎ᠠ ᠵᠢᠴᠢ ᠰᠢᠶᠠᠨ  ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠵᠢᠴᠢ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠣᠨᠴᠠ ᠤᠷᠢᠭᠰᠠᠨ ᠪᠠᠶᠢᠨ᠎ᠠ᠃                                     ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2