ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠵᠦᠸᠧᠽᠢ ᠰᠢᠶᠠᠨ ᠤ ᠤᠯᠤᠰ ᠤᠨ  ᠡᠯᠧᠺᠲᠷᠦᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ  ᠦᠵᠡᠭᠦᠯᠬᠦ ᠲᠥᠷᠥᠯ ᠵᠦᠢᠯ ᠳᠤ ᠦᠨᠡᠯᠡᠨ ᠵᠢᠱᠢᠯᠲᠡ ᠬᠢᠵᠦ ᠰᠢᠯᠭᠠᠨ ᠠᠪᠤᠨ᠎ᠠ
ᠨᠡᠶᠢᠲᠡᠯᠡᠭᠰᠡᠨ ᠴᠠᠭ᠄
2020-06-10
    2020 ᠣᠨ ᠤ 6 ᠰᠠᠷ᠎ᠠ ᠶᠢᠨ 4 ᠤ ᠡᠳᠦᠷ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠤ ᠪᠦᠯᠬᠦᠮ ᠮᠠᠨ ᠤ ᠰᠢᠶᠠᠨ ᠳᠤ ᠢᠷᠡᠵᠦ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠵᠦᠢᠯᠡᠰ ᠲᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ ᠳᠠᠬᠢᠨ ᠬᠢᠨᠠᠯᠲᠠ ᠬᠢᠪᠠ᠃ ᠲᠣᠰ ᠤᠳᠠᠭ᠎ᠠ ᠶᠢᠨ ᠦᠨᠡᠯᠡᠨ ᠵᠢᠱᠢᠬᠦ ᠠᠵᠢᠯᠯᠠᠭ᠎ᠠ ᠶᠢ ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠵᠣᠬᠢᠶᠠᠨ ᠪᠠᠶᠢᠭᠤᠯᠵᠤ᠂ ᠮᠠᠨ ᠤ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠤᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠯ᠎ᠠ ᠪᠠᠷ ᠣᠯᠤᠭᠰᠠᠨ ᠪᠣᠳᠠᠲᠠᠶ ᠦᠷ᠎ᠡ ᠪᠦᠲᠦᠮᠵᠢ ᠵᠢᠴᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠪᠠ ᠡᠳ᠋ ᠤᠨ ᠵᠠᠰᠠᠭ ᠤᠨ ᠲᠤᠰᠬᠠᠶ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠢ ᠪᠠᠶᠢᠴᠠᠭᠠᠨ ᠤᠶᠢᠯᠭᠠᠬᠤ ᠶᠢᠨ ᠲᠥᠯᠥᠭᠡ ᠶᠤᠮ᠃    ᠦᠨᠡᠯᠡᠨ ᠵᠢᠱᠢᠬᠦ ᠲᠤᠰᠬᠠᠶ ᠮᠡᠷᠭᠡᠵᠢᠯᠲᠡᠨ ᠤ ᠪᠦᠯᠬᠦᠮ ᠮᠠᠨ ᠤ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠣᠳᠠᠯ ᠤᠨ ᠠᠵᠢᠯ ᠥᠷᠨᠢᠭᠦᠯᠦᠭᠰᠡᠨ ᠦᠷ᠎ᠡ ᠪᠦᠲᠦᠮᠵᠢ ᠶᠢ ᠳᠠᠭᠡᠲᠦ ᠬᠡᠮᠵᠢᠶ᠎ᠡ ᠪᠠᠷ ᠨᠤᠲᠠᠯᠠᠵᠤ᠂ ᠵᠦᠸᠧᠽᠢ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠲᠥᠷᠥᠯ  ᠵᠦᠢᠯ ᠣᠳᠣ ᠪᠣᠯᠲᠠᠯ᠎ᠠ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰᠴᠢᠯᠡᠯᠲᠡ ᠶᠢᠨ ᠬᠥᠭᠵᠢᠯᠲᠡ ᠶᠢ ᠠᠬᠢᠭᠤᠯᠬᠤ ᠪᠠ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ ᠯᠤᠲᠤ ᠶᠡᠭᠡ ᠤᠶᠢᠯᠡᠳᠤᠯ ᠪᠠᠳᠠᠷᠠᠭᠤᠯᠪᠠ᠃    2019 ᠣᠨ ᠳᠤ᠂ ᠪᠥᠬᠦ ᠰᠢᠶᠠᠨ ᠤ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ 3.5 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 99% ᠨᠡᠮᠡᠭᠳᠡᠪᠡ᠃ ᠡᠭᠦᠨ ᠳᠤ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠤᠭ᠎ᠠ 6201.68 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 239% ᠨᠡᠮᠡᠭᠳᠡᠪᠡ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ︽ᠬᠠᠮᠤᠭ ᠰᠡᠭᠦᠯ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠲᠥᠯᠥᠭᠡ᠂ ᠵᠦᠸᠧᠽᠢ ᠰᠢᠶᠠᠨ ᠤ 70 ᠲᠣᠰᠬᠤᠨ ᠤ ᠱᠠᠲᠤᠨ ᠤ ᠡᠯᠧᠺᠲᠷᠣᠨ ᠬᠤᠳᠠᠯᠳᠤᠭᠠᠨ ᠤ ᠣᠶᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ 64.2% ᠤᠨ ᠵᠠᠰᠠᠭ ᠵᠠᠬᠢᠷᠭᠠᠨ ᠤ ᠲᠣᠰᠬᠤᠨ ᠢ ᠬᠠᠮᠤᠷᠴᠠᠶ᠃ ᠡᠭᠦᠨ ᠳᠤ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠲᠣᠰᠬᠤᠨ ᠤ ᠤᠶᠢᠯᠡᠴᠢᠯᠡᠭᠡᠨ ᠤ ᠥᠷᠲᠡᠭᠡ 50 ᠪᠣᠶ᠃ 5 ᠰᠠᠷ᠎ᠠ ᠶᠢᠨ ᠰᠡᠭᠦᠯᠴᠢ ᠪᠣᠯᠲᠠᠯ᠎ᠠ᠂ ᠡᠯ᠎ᠡ  ᠤᠶᠢᠯᠡᠴᠢᠯᠡᠭᠡᠨ ᠤ ᠥᠷᠲᠡᠭᠡ ᠶᠢᠨ ᠰᠠᠷ᠎ᠠ ᠪᠦᠷᠢ ᠶᠢᠨ ᠳᠤᠮᠳᠠᠴᠢ ᠡᠯᠧᠺᠲᠷᠣᠨ ᠬᠤᠳᠠᠯᠳᠤᠭᠠᠨ ᠤ ᠣᠶᠢᠯᠡᠴᠢᠯᠡᠭᠡᠨ ᠤ ᠵᠣᠭᠤᠰᠣᠨ ᠲᠤᠭ᠎ᠠ 1819.46 ᠲᠥᠭᠦᠷᠢᠭ ᠲᠤ ᠬᠦᠷᠴᠦ᠂ ᠣᠶᠢᠯᠡᠴᠢᠯᠡᠭᠡᠨ ᠤ ᠥᠷᠲᠡᠭᠡᠨ ᠤ ᠥᠷᠨᠢᠭᠦᠯᠦᠭᠰᠡᠨ ᠠᠰᠢᠭ ᠬᠤᠨᠵᠢᠪᠣᠷᠢ ᠦᠭᠡᠶ ᠪᠠᠷ ᠪᠠᠷᠠᠭ᠎ᠠ ᠬᠤᠳᠠᠯᠳᠤᠨ ᠠᠪᠬᠤ ᠠᠵᠢᠯᠯᠠᠭ᠎ᠠ ᠪᠠᠷ ᠳᠠᠮᠵᠢᠨ᠂ 619 ᠶᠠᠳᠠᠭᠤ ᠬᠦᠴᠢᠷᠳᠡᠯᠲᠡᠶ ᠡᠷᠦᠬᠡ ᠳᠤ ᠨᠡᠶᠢᠲᠡ 7019 ᠲᠥᠭᠦᠷᠢᠭ ᠤᠨ ᠵᠠᠷᠤᠯᠭ᠎ᠠ ᠠᠷᠪᠢᠯᠠᠵᠤ ᠥᠭᠴᠡᠶ᠃ ᠣᠳᠣ ᠪᠣᠯᠲᠠᠯ᠎ᠠ᠂ ᠵᠦᠸᠧᠽᠢ ᠱᠠᠨ  ᠪᠠᠯᠭᠠᠰᠦᠨ ᠤ ᠡᠯᠧᠺᠲᠷᠣᠨ ᠬᠤᠳᠠᠯᠳᠤᠭᠠᠨ ᠤ ᠶᠠᠳᠠᠭᠤ ᠶᠢ ᠲᠡᠳᠬᠦᠬᠦ ᠣᠯᠠᠨ ᠨᠡᠶᠢᠲᠡ ᠶᠢᠨ ᠨᠡᠷᠡᠲᠦ ᠲᠡᠮᠳᠡᠭ ᠨᠢ 7 ᠭᠤᠤᠯ ᠠᠵᠤ ᠠᠬᠤᠶᠢᠯᠠᠯ ᠳᠤ ᠨᠡᠷᠡᠲᠦ ᠲᠡᠮᠳᠡᠭ ᠤᠨ ᠳᠦᠷᠢ ᠲᠥᠷᠬᠦ᠂ ᠰᠦᠯᠵᠢᠶᠡᠨ ᠳᠡᠭᠡᠷᠡᠬᠢ  ᠰᠢᠰᠲ᠋ᠧᠮᠵᠢ ᠶᠢ ᠳᠦᠷᠢᠮᠵᠢᠭᠦᠯᠵᠦ᠂ 30 ᠭᠠᠷᠤᠶ ᠰᠦᠯᠵᠢᠶᠡᠨ ᠳᠡᠯᠭᠡᠭᠦᠷ ᠤᠨ ᠤᠶᠢᠯᠡᠳᠬᠦᠨ ᠢ ᠬᠠᠪᠰᠤᠷᠤᠨ ᠪᠤᠷᠣᠯᠠᠭᠤᠯᠵᠡᠢ᠃ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢ ᠰᠢᠭᠤᠳ ᠬᠠᠪᠰᠤᠷᠤᠨ ᠲᠡᠳᠬᠦᠵᠦ ᠰᠦᠯᠵᠢᠶᠡᠨ ᠳᠡᠭᠡᠷᠡᠬᠢ 1024 ᠳᠡᠯᠭᠡᠭᠦᠷ ᠨᠡᠭᠡᠭᠡᠪᠡ᠃ ᠡᠯᠧᠺᠲᠷᠣᠨ ᠬᠤᠳᠠᠯᠳᠤᠭᠠᠨ ᠤ ᠲᠥᠪ ᠣᠯᠠᠨ ᠳᠡᠰ ᠳᠠᠪᠬᠤᠷᠭ᠎ᠠ ᠶᠢᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠨᠢᠭᠡᠨᠲᠡ 50 ᠬᠤᠭᠤᠴᠠᠭᠠᠨ ᠤ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠵᠦ᠂ 5144 ᠬᠥᠮᠦᠨ ᠤᠳᠠᠭ᠎ᠠ ᠪᠤᠯᠪᠠᠰᠤᠷᠠᠭᠤᠯᠵᠤ᠂ ᠡᠭᠦᠨ ᠳᠤ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ 2448 ᠬᠥᠮᠦᠨ ᠤᠳᠠᠭ᠎ᠠ ᠪᠣᠶ᠃                            ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2