ᠵᠦᠸᠧᠽᠢ ᠰᠢᠶᠠᠨ ᠪᠠᠶᠢᠴᠠᠭᠠᠨ ᠦᠵᠡᠬᠦ ᠪᠦᠯᠬᠦᠮ ᠵᠣᠬᠢᠶᠠᠨ ᠪᠠᠢᠭᠤᠯᠵᠤ ᠳ᠋ᠦᠩᠱᠧᠩ ᠲᠣᠭᠤᠷᠢᠭ ᠲᠤ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2020-06-10
   
   6 ᠰᠠᠷ᠎ᠠ ᠶᠢᠨ 7 ᠠᠴᠠ 8 ᠤ ᠡᠳᠦᠷ ᠪᠣᠯᠲᠠᠯ᠎ᠠ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠰᠢᠶᠠᠨ ᠤ ᠳᠠᠷᠤᠭ᠎ᠠ ᠸᠠᠩ ᠢᠦᠶ ᠸᠧᠶ ᠨᠥᠬᠦᠷ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂ ᠤᠯᠤᠰ ᠠᠴᠠ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ ᠭᠤᠤᠯ ᠬᠠᠷᠢᠴᠠᠭᠤᠯᠭᠠᠲᠠᠨ ᠪᠣᠯᠤᠨ ᠰᠢᠶᠠᠨ ᠤ ᠳᠣᠲᠣᠷᠠᠬᠢ 2 ᠪᠠᠩᠬᠢ ᠶᠢᠨ ᠲᠥᠯᠥᠭᠡᠯᠡᠭᠴᠢ 13 ᠬᠥᠮᠦᠨ ᠢ ᠳᠠᠭᠠᠭᠤᠯᠤᠨ ᠳ᠋ᠦᠩᠱᠧᠩ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠵᠤ᠂ ᠳ᠋ᠦᠩᠱᠧᠩ ᠲᠣᠭᠤᠷᠢᠭ ᠤᠨ ᠬᠤᠷᠢᠶᠠᠪᠠᠰᠤ ᠵᠣᠬᠢᠬᠤ ᠳᠠᠩᠰᠠᠨ ᠵᠣᠭᠤᠰᠣᠨ ᠤ ᠠᠪᠴᠠᠭᠠᠨ ᠤ ᠭᠡᠷᠡᠴᠢ ᠪᠠᠷᠢᠮᠲᠠ ︵ᠭᠡᠷ᠎ᠡ︶ ᠶᠢᠨ ᠡᠷᠭᠢᠯᠲᠡ ᠶᠢᠨ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠶᠢ ᠭᠤᠤᠯᠳᠠᠯᠭ᠎ᠠ ᠲᠠᠢ ᠰᠤᠷᠤᠯᠴᠠᠵᠤ᠂ ᠳ᠋ᠦᠩᠱᠧᠩ ᠲᠣᠭᠤᠷᠢᠭ ᠤᠨ ᠳᠡᠳ᠋ ᠳᠠᠷᠤᠭ᠎ᠠ  ᠸᠠᠨ ᠬᠦᠶ ᠫᠢᠩ ᠪᠠᠷ᠎ᠠ  ᠪᠤᠯᠵᠤ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠲᠢᠶᠧ ᠰᠢ ᠶᠢᠨ  ᠳ᠋ᠠ ᠵᠦᠩ  ᠲᠡᠷᠭᠡᠨ ᠤ 4S ᠳᠡᠯᠭᠡᠭᠦᠷ᠂ ᠣᠷᠳᠣᠰ ᠤᠨ ᠲᠠᠷᠢᠶᠠᠯᠠᠩ ᠬᠤᠳᠠᠯᠳᠤᠭᠠᠨ ᠤ  ᠪᠠᠩᠭᠢ᠂ ᠶᠸᠦ ᠺᠠᠩ ᠺᠣᠮᠫᠠᠨᠢ᠂ ᠬᠤᠸᠠ ᠶᠠᠨ ᠬᠡᠲᠦ ᠳᠡᠯᠭᠡᠭᠦᠷ ᠲᠤ ᠬᠦᠷᠴᠦ ᠰᠢᠨᠵᠢᠯᠡᠨ ᠪᠠᠶᠢᠴᠠᠭᠠᠪᠠ᠃ ᠭᠤᠤᠯᠳᠠᠭᠤ ᠬᠤᠷᠢᠶᠠᠪᠠᠰᠤ ᠵᠣᠬᠢᠬᠤ ᠳᠠᠩᠰᠠᠨ ᠤ ᠵᠣᠭᠤᠰ ᠤᠨ ᠠᠪᠴᠠᠭᠠᠨ ᠤ ᠡᠷᠬᠡ ᠶᠢᠨ ᠡᠷᠭᠢᠯᠲᠡ ᠶᠢᠨ ᠭᠡᠷᠡᠴᠢ ᠪᠠᠷᠢᠮᠲᠠ ᠶᠢᠨ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠴᠤᠪᠤᠷᠠᠯ᠂ ᠬᠠᠮᠢᠶ᠎ᠠ ᠪᠦᠬᠦᠢ ᠨᠢᠭᠡᠴᠡ ᠶᠢᠨ  ᠲᠤᠬᠠᠶᠢᠯᠠᠭᠰᠠᠨ ᠠᠵᠢᠯ ᠢ ᠠᠬᠢᠭᠤᠯᠤᠭᠰᠠᠨ ᠪᠠᠢᠳᠠᠯ ᠵᠡᠷᠭᠡ ᠪᠠᠶᠢᠳᠠᠯ ᠢ ᠰᠤᠷᠤᠯᠴᠠᠪᠠ᠃ ᠶᠸᠤ ᠺᠠᠩ ᠭᠦᠩᠰᠧ ᠳᠤ ᠬᠤᠷᠢᠶᠠᠬᠤ ᠶᠣᠰᠣᠲᠠᠶ ᠠᠪᠴᠠᠭᠠᠨ ᠤ ᠡᠷᠬᠡ ᠶᠢᠨ ᠭᠡᠷᠡᠴᠢ ᠪᠠᠷᠢᠮᠲᠠ ︵ᠭᠡᠷ᠎ᠡ︶ ᠶᠢᠨ ᠡᠷᠭᠢᠯᠲᠡ ᠶᠢᠨ ᠲᠤᠬᠠᠶᠢᠯᠠᠭᠰᠠᠨ ᠠᠵᠢᠯ ᠤᠨ ᠦᠨᠳᠦᠰᠦᠨ ᠪᠠᠶᠢᠳᠠᠯ ᠢ ᠰᠤᠷᠤᠯᠴᠠᠪᠠ᠂ ᠭᠤᠤᠯᠳᠠᠭᠤ ᠠᠵᠤ ᠠᠬᠤᠶᠢᠯᠠᠯ ᠪᠠᠶᠢᠭᠤᠯᠤᠭᠳᠠᠭᠰᠠᠨ ᠠᠬᠤᠶ ᠪᠠᠶᠢᠳᠠᠯ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ᠂ ᠭᠡᠷᠡᠴᠢ ᠪᠠᠷᠢᠮᠲᠠ ︵ᠭᠡᠷ᠎ᠡ︶ ᠶᠢᠨ ᠲᠠᠨᠢᠯᠴᠠᠭᠤᠯᠭ᠎ᠠ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠤᠪᠤᠷᠠᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠳᠠᠪᠠᠭᠤᠯᠢᠭ ᠪᠠᠶᠢᠳᠠᠯ᠂ ᠣᠳᠣᠬᠠᠨ ᠤ ᠠᠬᠢᠯᠲᠠ ᠶᠢᠨ ᠪᠠᠶᠢᠳᠠᠯ ᠵᠡᠷᠭᠡ ᠠᠭᠤᠯᠭ᠎ᠠ ᠶᠢ ᠪᠠᠭᠲᠠᠭᠠᠨ᠎ᠠ᠃    ᠰᠢᠨᠵᠢᠯᠡᠨ ᠪᠠᠶᠢᠴᠠᠭᠠᠵᠤ ᠰᠤᠷᠤᠯᠴᠠᠬᠤ ᠬᠠᠮᠤᠭ ᠡᠴᠦᠰ ᠤᠨ ᠱᠠᠲᠤᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠳ᠋ᠦᠩᠱᠧᠩ ᠲᠣᠭᠤᠷᠢᠭ ᠤᠨ ᠨᠠᠮ ᠵᠠᠰᠠᠭ ᠤᠨ ᠲᠤᠮᠤ ᠠᠰᠠᠷ ᠲᠤ ᠶᠠᠷᠢᠯᠴᠠᠬᠤ ᠬᠤᠷᠠᠯ ᠬᠢᠵᠡᠢ᠃ ᠬᠤᠷᠠᠯ ᠳᠡᠭᠡᠷ᠎ᠡ᠂ ᠳ᠋ᠣᠩᠱᠧᠩ ᠲᠣᠭᠤᠷᠢᠭ ᠤᠨ ᠳᠡᠳ᠋ ᠳᠠᠷᠤᠭ᠎ᠠ ᠸᠧᠨ ᠬᠦᠶ ᠫᠢᠩ ᠨᠥᠬᠦᠷ ᠣᠳᠣᠬᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠳ᠋ᠣᠩᠱᠧᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠠᠮᠢᠶ᠎ᠠ  ᠪᠦᠬᠦᠢ ᠠᠵᠢᠯ ᠡᠷᠬᠢᠯᠡᠬᠦ ᠪᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠥᠪᠡᠷ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠵᠠᠶ᠃ ᠰᠢᠨᠵᠢᠯᠡᠨ ᠪᠠᠶᠢᠴᠠᠭᠠᠬᠤ ᠪᠦᠯᠬᠦᠮ ᠳᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ᠂ ᠲᠤᠬᠠᠶᠢᠯᠠᠭᠰᠠᠨ  ᠠᠵᠢᠯ ᠢ ᠥᠷᠨᠢᠭᠦᠯᠦᠭᠰᠡᠨ ᠪᠠᠶᠢᠳᠠᠯ᠂ ᠨᠡᠶᠢᠭᠡᠮ ᠤᠨ ᠠᠶᠠᠳᠠᠨ ᠳᠠᠭᠠᠭᠰᠠᠨ ᠪᠠᠶᠢᠳᠠᠯ ᠵᠡᠷᠭᠡ ᠶᠢ ᠨᠠᠷᠢᠨ ᠲᠣᠳᠣᠷᠬᠠᠶ ᠲᠠᠶᠢᠯᠪᠤᠷᠢᠯᠠᠪᠠ᠃    ᠸᠠᠩ ᠢᠦᠶ ᠸᠧᠶ ᠴᠢᠬᠤᠯᠠᠴᠢᠯᠠᠭᠰᠠᠨ ᠨᠢ᠂ ᠡᠨᠡ ᠤᠳᠠᠭᠠᠨ ᠤ ᠰᠢᠨᠵᠢᠯᠡᠨ ᠪᠠᠶᠢᠴᠠᠭᠠᠯᠲᠠ ᠶᠢᠨ ᠣᠯᠤᠯᠲᠠ ᠳᠦᠭᠦᠷᠡᠩ᠂ ᠳ᠋ᠦᠩᠱᠧᠩ ᠲᠣᠭᠤᠷᠢᠭ ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ ᠠᠵᠢᠯ ᠤᠨ ᠲᠠᠯ᠎ᠠ ᠪᠠᠷ ᠰᠢᠨ᠎ᠡ ᠠᠷᠭ᠎ᠠ ᠠᠪᠴᠤ ᠂ ᠰᠠᠶᠢᠨ ᠦᠷ᠎ᠡ ᠪᠦᠲᠦᠮᠵᠢ ᠣᠯᠵᠠᠶ᠃ ᠲᠡᠷᠢᠭᠦᠨ ᠤ ᠠᠷᠭ᠎ᠠ ᠪᠠᠷᠢᠯ ᠪᠠ ᠡᠷᠬᠢᠮ ᠨᠠᠨᠳᠢᠨ ᠲᠤᠷᠰᠢᠯᠭ᠎ᠠ ᠶᠢ ᠰᠢᠨᠵᠢᠯᠡᠨ ᠪᠠᠶᠢᠴᠠᠭᠠᠬᠤ ᠪᠦᠯᠬᠦᠮ ᠤᠨ ᠨᠥᠬᠦᠳ ᠨᠠᠷᠢᠨ ᠬᠢᠨᠠᠮᠠᠭᠠᠶ ᠰᠤᠷᠤᠯᠴᠠᠵᠤ᠂ ᠰᠡᠳᠬᠢᠯ ᠲᠠᠯᠪᠢᠨ ᠣᠶᠢᠯᠠᠭᠠᠬᠤ ᠬᠡᠷᠡᠭᠲᠡᠶ᠃ ᠤᠯᠠᠭᠠᠨᠴᠠᠪ ᠬᠤᠲᠠ ᠶᠢᠨ ᠠᠵᠢᠯ ᠢ ᠠᠬᠢᠭᠤᠯᠬᠤ ᠬᠤᠷᠠᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠭᠤᠷᠪᠠᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠦᠷᠢᠵᠢᠭᠤᠯᠵᠤ᠂ ᠲᠡᠷᠢᠭᠦᠨ ᠤ ᠲᠤᠷᠰᠢᠯᠭ᠎ᠠ ᠶᠢ ᠰᠢᠩᠭᠡᠭᠡᠨ ᠠᠪᠴᠤ᠂ ᠮᠠᠨ ᠤ ᠰᠢᠶᠠᠨ ᠤ ᠥᠷᠢ ᠰᠢᠷᠢ ᠶᠢ ᠠᠷᠢᠯᠭᠠᠬᠤ ᠠᠵᠢᠯ ᠢ ᠠᠬᠢᠭᠤᠯᠵᠤ ᠳᠠᠬᠢᠨ ᠰᠢᠨ᠎ᠡ ᠶᠢ ᠡᠭᠦᠳᠬᠦ ᠪᠠᠷ ᠴᠢᠷᠮᠠᠶᠢᠨ᠎ᠠ︕           ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2