5 ᠰᠠᠷ᠎ᠠ ᠶᠢᠨ 10 ᠤ ᠡᠳᠦᠷ᠂ ᠮᠠᠨ ᠤ ᠰᠢᠶᠠᠨ 2020 ᠣᠨ ᠤ ᠰᠢᠶᠠᠨ ᠤ ᠨᠠᠮ ᠤᠨ ᠬᠤᠷᠢᠶᠠᠨ ᠤ | ᠴᠡᠷᠢᠭ ᠵᠥᠪᠯᠡᠯᠭᠡᠨ ᠤ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ | ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠶᠢ ᠴᠢᠩᠬᠠᠳᠬᠠᠬᠤ ᠲᠤᠬᠠᠶ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠤ᠂ ᠳᠡᠭᠡᠳᠦ ᠱᠠᠲᠤᠨ ᠤ ᠤᠯᠤᠰ ᠤᠨ ᠪᠠᠲᠤᠯᠠᠨ ᠬᠠᠮᠠᠭᠠᠯᠠᠯᠲᠠ | ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠲᠤᠬᠠᠶ ᠠᠯᠢ ᠣᠯᠠᠨ ᠴᠢᠭᠯᠡᠯᠲᠡ ᠲᠥᠷᠥ ᠶᠢᠨ ᠪᠣᠳᠣᠯᠭ᠎ᠠ | ᠪᠣᠯᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ 2019 ᠣᠨ ᠠᠴᠠ | ᠨᠠᠭᠠᠰᠢᠬᠢ ᠨᠠᠮ ᠶᠢᠨ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠪᠦᠬᠦ ᠲᠠᠯ ᠠ ᠪᠠᠷ ᠳ᠋ᠦᠩᠨᠡᠵᠦ᠂ ᠳᠠᠷᠠᠭᠠᠴᠢ ᠶᠢᠨ | ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | | ᠰᠢᠶᠠᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ | ᠬᠤᠷᠢᠶᠠᠨ ᠤ ᠨᠢᠭᠡᠳᠤᠭᠡᠷ ᠱᠦᠵᠢ ᠸᠠᠩ ᠰᠢᠶᠤᠤ ᠵᠢᠶᠦ᠋ᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | | ᠬᠤᠷᠠᠯ ᠳᠡᠭᠡᠷ᠎ᠡ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ | ᠯᠢᠦ ᠰᠢᠤᠸᠠᠢ ᠹᠧᠩ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠴᠡᠷᠢᠭ ᠵᠥᠪᠯᠡᠬᠦ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠤᠤ ᠶᠤᠸᠠᠨ 2019 | ᠣᠨ ᠤ ᠪᠥᠬᠦ ᠰᠢᠶᠠᠨ ᠤ ᠵᠡᠪᠰᠡᠭᠲᠦ ᠬᠦᠴᠦᠨ ᠤ ᠠᠵᠢᠯ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ | ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | | | ᠸᠠᠩ ᠰᠢᠶᠣᠤ ᠵᠢᠶᠦ᠋ᠨ ᠱᠦᠵᠢ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ | ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠶᠢᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠶᠢᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ | ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠠᠯᠢ ᠣᠯᠠᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠭᠤᠯᠤᠯᠲᠠ ᠶᠢ ᠡᠷᠡᠰ ᠲᠤᠭᠤᠰᠢᠯᠠᠭᠤᠯᠵᠤ᠂ ᠵᠡᠪᠰᠡᠭᠲᠦ ᠬᠦᠴᠦᠨ ᠤ ᠠᠵᠢᠯ ᠢ ᠢᠮᠠᠭᠲᠠ ᠴᠢᠬᠤᠯᠠ ᠪᠠᠶᠢᠷᠢᠨ ᠳᠤ | ᠲᠠᠯᠪᠢᠵᠤ᠂ ᠶᠡᠭᠡ ᠶᠠᠪᠤᠳᠠᠯ ᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠶᠠᠪᠤᠳᠠᠯ ᠬᠢᠵᠦ᠂ | ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠲᠣᠪᠦ᠋ᠮ᠎ᠠ ᠦᠷ᠎ᠡ ᠪᠦᠲᠦᠮᠵᠢ ᠣᠯᠵᠤ᠂ ᠪᠠᠴᠢᠮ ᠪᠠᠶᠢᠳᠠᠯ ᠢ | ᠠᠷᠭᠠᠴᠠᠬᠤ ᠪᠠᠶᠢᠯᠳᠤᠬᠤ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠦᠨᠳᠦᠰᠦᠨ ᠱᠠᠲᠤᠨ ᠤ ᠰᠠᠭᠤᠷᠢ ᠠᠵᠢᠯ ᠢ | ᠯᠠᠪᠳᠠᠭᠤᠨ ᠪᠠᠲᠤᠲᠠᠶ ᠠᠬᠢᠭᠤᠯᠵᠤ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠡᠯᠪᠡᠭ ᠦᠷ᠎ᠡ | ᠪᠦᠲᠦᠮᠵᠢ ᠣᠯᠵᠤ᠂ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠪᠡᠯᠡᠳᠬᠡᠯ ᠬᠦᠴᠦᠨ ᠤ ᠪᠠᠶᠢᠭᠤᠯᠤᠯᠲᠠ ᠬᠠᠷᠢᠯᠴᠠᠨ ᠠᠬᠢᠭᠤᠯᠵᠤ ᠬᠠᠮᠲᠤ ᠪᠠᠷ ᠠᠬᠢᠬᠤ᠂ ᠵᠡᠷᠭᠡ ᠪᠠᠷ ᠳᠡᠭᠡᠭᠰᠢᠯᠡᠬᠦ ᠶᠢ | ᠪᠡᠶᠡᠯᠡᠭᠦᠯᠵᠦ᠂ ᠦᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠳᠤ ᠭᠠᠷᠮᠠᠭᠠᠶ ᠬᠤᠪᠢ ᠨᠡᠮᠡᠷᠢ ᠦᠵᠡᠭᠦᠯᠪᠡ᠃ | ᠠᠳᠡ ᠰᠢᠶᠠᠨ ᠤ ᠨᠠᠮ ᠤᠨ ᠬᠤᠷᠢᠶ᠎ᠠ ᠶᠢ ᠲᠥᠯᠥᠭᠡᠯᠡᠵᠦ ᠰᠢᠶᠠᠨ ᠰᠢᠶᠠᠩ ᠤᠨ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠪᠦᠬᠦ ᠺᠠᠳ᠋ᠷ ᠠᠵᠢᠯᠳᠠᠨ ᠠᠵᠢᠯᠴᠢᠨ᠂ ᠪᠦᠬᠦ ᠡᠷᠦᠬᠡ ᠶᠢᠨ ᠴᠡᠷᠢᠭ ᠵᠢᠴᠢ ᠠᠷᠠᠳ ᠤᠨ ᠵᠡᠪᠰᠡᠭᠲᠦ | ᠬᠦᠴᠦᠨ ᠤ ᠠᠵᠢᠯ ᠢ ᠬᠠᠯᠠᠮᠵᠢᠯᠠᠨ ᠳᠡᠮᠵᠢᠭᠰᠡᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠤᠳᠤᠷᠢᠳᠤᠯᠭ᠎ᠠ ᠵᠢᠴᠢ | ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | | ᠸᠠᠩ ᠰᠢᠶᠤᠤ ᠵᠢᠶᠦ᠋ᠨ ᠱᠦᠵᠢ ᠴᠢᠬᠤᠯᠠᠴᠢᠯᠠᠭᠰᠠᠨ ᠨᠢ᠂ ᠵᠡᠪᠰᠡᠭᠲᠦ ᠬᠦᠴᠦᠨ ᠤ ᠠᠵᠢᠯ ᠨᠢ ᠤᠯᠤᠰ ᠤᠨ ᠠᠮᠤᠷ | ᠲᠦᠪᠰᠢᠨ᠂ ᠤᠯᠤᠰ ᠲᠥᠷᠥ ᠶᠢᠨ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠠᠵᠤ ᠠᠬᠤᠶ ᠶᠢᠨ ᠬᠥᠭᠵᠢᠯᠲᠡ᠂ | ᠨᠡᠶᠢᠭᠡᠮ ᠤᠨ ᠡᠶ᠎ᠡ ᠵᠣᠬᠢᠴᠠᠯ ᠳᠤ ᠬᠤᠯᠪᠣᠭᠳᠠᠵᠤ ᠪᠠᠶᠢᠳᠠᠭ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠶᠢᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢᠶᠠᠨ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠵᠡᠪᠰᠡᠭᠲᠦ ᠬᠦᠴᠦᠨ ᠢ ᠨᠠᠮ | ᠬᠠᠮᠢᠶᠠᠷᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠤᠭ ᠰᠠᠨᠠᠭ᠎ᠠ ᠪᠠᠨ ᠦᠯᠦ ᠮᠠᠷᠲᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ | ᠦᠨᠡᠨᠬᠦ ᠠᠳᠬᠤᠨ ᠪᠣᠳᠠᠲᠠᠶ ᠠᠵᠢᠯᠯᠠᠵᠤ᠂ ᠪᠦᠬᠦ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕ | | ᠨᠠᠮ ᠶᠢᠨ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠸᠠᠩ | ᠰᠢᠶᠣᠤ ᠵᠢᠶᠦ᠋ᠨ ᠱᠦᠵᠢ ᠱᠠᠭᠠᠷᠳᠠᠭᠰᠠᠨ ᠨᠢ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠢᠶᠠᠨ ᠳᠤ | ᠰᠠᠭᠤᠭ᠎ᠠ ᠴᠡᠷᠢᠭ ᠠᠩᠭᠢ ᠪᠣᠯᠤᠨ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠲᠠᠨᠢᠯᠲᠠ ᠪᠠᠨ | ᠭᠦᠨᠵᠡᠭᠡᠶᠢᠷᠡᠭᠦᠯᠵᠦ᠂ ᠪᠦᠬᠦ ᠲᠠᠯ᠎ᠠ ᠪᠣᠯᠤᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠵᠡᠪᠰᠡᠭᠲᠦ ᠬᠦᠴᠦᠨ ᠢ | ᠨᠠᠮ ᠬᠠᠮᠢᠶᠠᠷᠬᠤ ᠶᠢᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠡᠪᠰᠡᠭᠲᠦ ᠬᠦᠴᠦᠨ ᠢ ᠨᠠᠮ | ᠬᠠᠮᠢᠶᠠᠷᠬᠤ ᠤᠯᠤᠰ ᠲᠦᠷᠦ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠶ︔ ᠭᠤᠣᠯ | ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠡᠷᠦᠬᠡ ᠶᠢᠨ ᠴᠡᠷᠢᠭ ᠤᠨ ᠪᠦᠬᠦᠯᠢ ᠳᠤᠭᠤᠶᠢᠯᠠᠩ᠂ ᠲᠡᠶᠢᠨ ᠤ | ᠪᠡᠯᠡᠳᠬᠡᠯ ᠤᠨ ᠪᠣᠯᠪᠠᠰᠤᠷᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠵᠡᠷᠭᠡ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠰᠢᠶᠡᠨ ᠤ ᠤᠯᠤᠰ ᠤᠨ ᠪᠠᠲᠤᠯᠠᠨ ᠬᠠᠮᠠᠭᠠᠯᠠᠯᠲᠠ ᠪᠠ ᠪᠡᠯᠡᠳᠬᠡᠯ | ᠬᠦᠴᠦᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠢᠳᠡᠪᠬᠢᠲᠡᠢ | ᠠᠵᠢᠯᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠬᠤᠶᠠᠷ ᠢ ᠬᠦᠷᠢᠶᠡᠯᠡᠵᠦ ᠬᠠᠮᠲᠤᠪᠠᠷ | ᠪᠠᠶᠢᠭᠤᠯᠬᠤ᠂ ᠴᠡᠷᠢᠭ ᠠᠩᠭᠢ ᠪᠣᠯᠤᠨ ᠣᠷᠣᠨ ᠨᠤᠲᠤᠭ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠴᠡᠷᠢᠭ ᠢ | ᠬᠦᠷᠢᠶᠡᠯᠡᠵᠦ ᠠᠰᠠᠷᠠᠮᠵᠢ ᠦᠵᠡᠭᠦᠯᠬᠦ ᠵᠡᠷᠭᠡ ᠠᠵᠢᠯ ᠢ ᠭᠦᠨᠵᠡᠭᠡᠶᠢᠷᠡᠭᠦᠯᠵᠦ᠂ ᠰᠢᠨ᠎ᠡ ᠪᠠᠶᠢᠳᠠᠯ ᠳᠣᠤᠷ᠎ᠠ ᠴᠡᠷᠢᠭ ᠢ | ᠠᠷᠠᠳ ᠲᠤ ᠠᠬᠤᠭᠤᠯᠬᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠰᠢᠨ᠎ᠡ ᠠᠷᠭ᠎ᠠ ᠵᠠᠮ᠂ ᠰᠢᠨ᠎ᠡ | ᠠᠷᠭ᠎ᠠ ᠬᠡᠮᠵᠢᠶ᠎ᠡ ᠶᠢ ᠰᠦᠪᠡᠭᠴᠢᠯᠡᠨ᠎ᠡ᠃ ᠮᠠᠨ ᠤ ᠰᠢᠶᠠᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ | ᠭᠦᠨᠵᠡᠭᠡᠢ ᠬᠥᠭᠵᠢᠭᠦᠯᠬᠦ ᠶᠢ ᠴᠢᠷᠮᠠᠶᠢᠨ ᠠᠬᠢᠭᠤᠯᠤᠨ᠎ᠠ︔ ᠤᠯᠤᠰ ᠲᠥᠷᠥ ᠶᠢᠨ ᠤᠬᠠᠮᠰᠠᠷ ᠪᠠ ᠶᠡᠭᠡ ᠲᠠᠯ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠲᠠᠯ᠎ᠠ ᠪᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠲᠠᠯ᠎ᠠ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠯ᠎ᠠ ᠪᠠᠷ ᠨᠡᠶᠢᠯᠡᠮᠡᠯ | ᠬᠦᠴᠦᠨ ᠢ ᠪᠦᠷᠢᠯᠳᠤᠭᠦᠯᠵᠦ ᠵᠡᠪᠰᠡᠭᠲᠦ ᠬᠦᠴᠦᠨ ᠢ ᠨᠠᠮ ᠠᠴᠠ ᠬᠠᠮᠢᠶᠠᠷᠬᠤ ᠠᠵᠢᠯ ᠢ ᠨᠡᠩ ᠤᠬᠠᠮᠰᠠᠷ ᠠᠴᠠ ᠪᠠᠨ | ᠴᠢᠩᠬᠠᠳᠬᠠᠨ᠎ᠠ᠃ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠨᠡᠶᠢᠯᠡᠮᠡᠯ ᠬᠦᠴᠦᠨ ᠢ ᠴᠢᠷᠮᠠᠶᠢᠨ | ᠪᠤᠢ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠠᠷᠮᠠᠭᠠᠶ ᠲᠠᠶᠢᠴᠢᠯᠠᠯᠳᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ | ᠰᠢᠶᠠᠨ ᠤ ᠤᠳᠤᠷᠢᠳᠤᠯᠭ᠎ᠠ ᠯᠢ ᠶᠢᠩ᠂ ᠵᠤᠤ ᠵᠢᠶᠠᠨ ᠵᠢᠶᠦ᠋ᠨ᠂ ᠸᠠᠩ ᠢᠦᠶ ᠸᠧᠶ᠂ ᠬᠤᠤ ᠶᠤᠸᠠᠨ᠂ ᠸᠠᠩ | ᠸᠧᠶ᠂ ᠯᠢᠦ ᠰᠢᠤᠸᠠᠢ ᠹᠧᠩ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠠᠵᠢᠯ᠂ | ᠴᠡᠷᠢᠭ ᠤᠨ ᠶᠠᠪᠤᠳᠠᠯ ᠤᠨ ᠱᠲ᠋ᠠᠪᠴᠢ᠂ ᠪᠠᠲᠤᠯᠠᠭ᠎ᠠ ᠵᠡᠷᠭᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠰᠢᠶᠠᠩ | ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ | ᠠᠵᠢᠯᠯᠠᠭᠴᠢ ᠵᠢᠴᠢ ᠰᠢᠶᠠᠨ ᠤ ᠰᠢᠭᠤᠳ ᠬᠠᠷᠢᠶ᠎ᠠ ᠵᠢᠴᠢ ᠰᠢᠶᠠᠨ ᠳᠤ ᠰᠠᠭᠤᠭ᠎ᠠ ᠬᠠᠮᠢᠶ᠎ᠠ ᠪᠦᠬᠦᠢ ᠨᠢᠭᠡᠴᠢ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | | | ᠨᠠᠶᠢᠷᠠᠭᠤᠯᠤᠭᠴᠢ ᠣᠷᠴᠢᠭᠤᠯᠤᠭᠴᠢ ᠪᠠᠶᠠᠨᠪᠠᠲᠦ |