5 ᠰᠠᠷ᠎ᠠ ᠶᠢᠨ 27 ᠤ ᠡᠳᠦᠷ᠂ ᠵᠦᠸᠧᠽᠢ ᠰᠢᠶᠠᠨ ᠤ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠠᠮ | ᠲᠡᠷᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠵᠦᠸᠧᠽᠢ ᠬᠤᠶᠠᠳᠤᠭᠠᠷ ᠳᠤᠮᠳᠠᠳᠤ | ᠰᠤᠷᠭᠠᠭᠤᠯᠢ ᠳᠤ ᠶᠠᠪᠤᠭᠳᠠᠪᠠ᠃ ᠵᠦᠸᠧᠽᠢ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠨᠢ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠴᠠᠭ ᠠᠭᠤᠷ ᠤᠨ ᠲᠣᠪᠴᠢᠶ᠎ᠠ | ᠵᠡᠷᠭᠡ ᠨᠢᠭᠡᠴᠡ ᠲᠠᠢ ᠬᠠᠮᠲᠤᠷᠠᠨ ᠨᠣᠮ ᠪᠢᠴᠢᠭ ᠤᠨ ᠦᠵᠡᠭᠦᠯᠦᠯᠭᠡ ᠶᠢᠨ ᠲᠠᠪᠴᠠᠩ᠂ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠦᠵᠡᠭᠦᠯᠦᠯᠭᠡ ᠶᠢᠨ ᠰᠠᠮᠪᠠᠷ᠎ᠠ ᠪᠠᠶᠢᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠣᠯᠠᠨ | ᠲᠥᠷᠥᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠬᠠᠩᠬᠠᠵᠠᠶ᠃ ᠡᠨᠡ ᠤᠳᠠᠭᠠᠨ ᠤ ᠠᠵᠢᠯᠯᠠᠭ᠎ᠠ ᠳᠤ | ᠂ ᠪᠠᠭᠰᠢ ᠰᠤᠷᠤᠭᠴᠢᠳ ᠳᠡᠷᠭᠡᠳᠡᠬᠢ ᠰᠢᠨᠵᠢᠯᠡᠬᠦ ᠤᠬᠠᠭᠠᠨ᠂ ᠣᠷᠴᠢᠨ ᠲᠣᠭᠤᠷᠢᠨ ᠤ ᠬᠠᠮᠠᠭᠠᠯᠠᠯᠲᠠ᠂ ᠭᠠᠮᠰᠢᠭ ᠢ | ᠰᠡᠷᠭᠡᠶᠢᠯᠡᠨ ᠠᠶᠤᠯ ᠠᠴᠠ ᠵᠠᠶᠢᠯᠠᠬᠤ᠂ ᠪᠠᠶᠢᠭᠠᠯᠢ ᠶᠢᠨ ᠡᠬᠢ ᠪᠠᠶᠠᠯᠢᠭ ᠢ ᠠᠰᠢᠭᠯᠠᠬᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠲᠦᠷᠭᠡᠨ ᠠᠪᠤᠷᠠᠯᠲᠠ ᠬᠢᠵᠦ ᠥᠪᠡᠷ ᠢ ᠪᠠᠨ ᠠᠪᠤᠷᠠᠬᠤ ᠵᠢᠴᠢ ᠭᠠᠵᠢᠭᠤ ᠨᠣᠮᠯᠠᠯ ᠢ | ᠡᠰᠡᠷᠭᠦᠴᠡᠬᠦ ᠵᠡᠷᠭᠡ ᠤᠯᠠᠨ ᠲᠠᠯ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠪᠠᠭᠲᠠᠭᠠᠭᠰᠠᠨ ᠡᠯᠪᠡᠭ | ᠪᠠᠶᠠᠯᠢᠭ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ ᠶᠢ ᠤᠷᠮ᠎ᠠ ᠲᠠᠢ ᠲᠠᠨᠢᠯᠴᠠᠭᠤᠯᠵᠦ᠂ ᠠᠵᠢᠯᠯᠠᠭ᠎ᠠ ᠳᠤ | ᠨᠡᠶᠢᠲᠡ 2000 ᠭᠠᠷᠤᠶ ᠳᠡᠪᠲᠡᠷ ᠡᠯ᠎ᠡ ᠲᠥᠷᠥᠯ ᠤᠨ ᠨᠣᠮ ᠪᠢᠴᠢᠭ ᠲᠠᠷᠬᠠᠭᠠᠵᠤ᠂ ᠠᠮᠢᠳᠤᠷᠠᠯ ᠤᠨ ᠬᠡᠷᠡᠭᠰᠡᠯ | 300 ᠭᠠᠷᠤᠶ ᠬᠤᠪᠢ ᠲᠠᠷᠬᠠᠭᠠᠵᠠᠶ᠃ ᠰᠢᠨᠵᠢᠯᠡᠬᠦ ᠤᠬᠠᠭᠠᠨ ᠤ ᠮᠡᠳᠡᠯᠭᠡ ᠶᠢ ᠤᠯᠠᠮᠵᠢᠯᠠᠵᠤ᠂ ᠰᠢᠨᠵᠢᠯᠡᠬᠦ ᠤᠬᠠᠭᠠᠨᠴᠢ | ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠶᠢ ᠡᠭᠦᠳᠬᠦ ᠤᠬᠠᠮᠰᠠᠷ ᠢ ᠬᠥᠮᠦᠵᠢᠭᠦᠯᠵᠤ᠂ ᠬᠡᠤᠬᠡᠳ ᠤᠨ | ᠰᠤᠷᠤᠯᠴᠠᠬᠤ ᠤᠷᠮ᠎ᠠ ᠪᠠᠬ᠎ᠠ ᠶᠢ ᠨᠠᠩ ᠳᠡᠭᠡᠭᠰᠢᠯᠡᠭᠦᠯᠵᠦ᠂ ᠰᠤᠷᠤᠯᠴᠠᠬᠤ ᠢᠳᠡᠪᠬᠢᠵᠢᠯ ᠢ ᠳᠠᠶᠢᠴᠢᠯᠠᠨ᠂ ᠰᠤᠷᠭᠠᠨ | ᠬᠥᠮᠦᠵᠢᠯ ᠤᠨ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |