ᠵᠦᠸᠧᠽᠢ ᠰᠢᠶᠡᠨ ᠤ ᠴᠢ ᠰᠢᠶᠠ ᠶᠢᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠦ ᠴᠢ ᠬᠤᠩ ᠨᠥᠬᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020-06-04
ᠵᠦᠸᠧᠽᠢ ᠰᠢᠶᠡᠨ ᠤ ᠴᠢ ᠰᠢᠶᠠ ᠶᠢᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠦ ᠴᠢ ᠬᠤᠩ ᠨᠥᠬᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠡᠬᠡ ᠪᠢᠴᠢᠭ    — — ᠴᠢ ᠰᠢᠶᠠ ᠶᠢᠩ  ᠪᠠᠯᠭᠠᠰᠤᠨ ᠤ ᠤᠯᠤᠰ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ  ᠲᠤᠤᠱᠯᠠᠭᠤᠯᠤᠨ ᠬᠡᠷᠡᠭᠵᠢᠭᠦᠯᠬᠦ ᠲᠠᠯ᠎ᠠ ᠪᠠᠷ ᠬᠢ ᠠᠷᠭ᠎ᠠ ᠬᠡᠮᠵᠢᠶ᠎ᠡ    ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ᠶᠠᠳᠠᠭᠤ  ᠬᠦᠴᠢᠷᠳᠡᠯᠲᠠᠢ ᠬᠥᠮᠦᠨ ᠠᠮᠠ ᠪᠣᠯᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠢ ᠪᠦᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠳᠤ ᠣᠷᠣᠭᠤᠯᠬᠤ ᠪᠣᠯ ᠮᠠᠨ ᠤ ᠨᠠᠮ ᠤᠨ ᠲᠥᠪ ᠴᠢᠩᠭ᠎ᠠ ᠠᠮᠠᠯᠠᠯᠲᠠ ᠮᠥᠨ᠃ ᠪᠦᠬᠦ ᠨᠠᠮ ᠪᠦᠬᠦ ᠤᠯᠤᠰ ᠪᠦᠬᠦ ᠨᠡᠶᠢᠭᠡᠮ ᠤᠨ ᠬᠦᠴᠦᠨ ᠢ ᠳᠠᠶᠢᠴᠢᠯᠠᠵᠤ᠂ ᠤᠨᠢᠨ ᠳᠡᠭᠡᠷ᠎ᠡ ᠨᠢ ᠶᠠᠳᠠᠭᠤ ᠶᠢ ᠳᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠪᠣᠯ ᠣᠳᠣᠬᠠᠨ ᠤ ᠮᠠᠨ ᠤ ᠦᠨᠳᠦᠰᠦᠨ  ᠱᠠᠲᠤᠨ ᠤ ᠨᠢᠭᠡᠳᠦᠭᠡᠷ ᠹᠷᠣᠨᠲ ᠤᠨ ᠲᠡᠷᠢᠭᠦᠨ ᠵᠡᠷᠭᠡ ᠶᠢᠨ ᠶᠡᠭᠡ ᠶᠠᠪᠤᠳᠠᠯ ᠮᠥᠨ᠂ ᠮᠥᠨ ᠴᠦ ᠮᠠᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠡᠪ ᠬᠠᠮᠲᠤ ᠨᠠᠮ ᠤᠨ ᠭᠡᠰᠢᠭᠦᠨ ᠤ ᠡᠭᠦᠷᠭᠡ ᠬᠠᠷᠢᠴᠠᠭᠤᠯᠭ᠎ᠠ ᠮᠥᠨ᠃ ᠡᠩ ᠲᠡᠷᠢᠭᠦᠨ ᠳᠤ᠂ ᠮᠠᠨ ᠤ ᠪᠠᠯᠭᠠᠰᠤ ᠤᠯᠤᠰ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ  ᠠᠬᠢᠭᠤᠯᠵᠤ᠂ ᠲᠡᠷᠡ ᠶᠣᠰᠣᠭᠠᠷ ᠨᠢ ︽ᠲᠠᠪᠤᠨ ᠨᠢᠭᠡ ᠪᠦᠯᠦᠭ︾ ᠵᠢᠷᠭᠤᠭᠠᠨ ᠣᠨᠣᠪᠴᠢᠲᠠᠶ ᠪᠠᠶᠢᠬᠤ ᠱᠠᠭᠠᠷᠳᠠᠯᠭ᠎ᠠ ᠶᠢ  ᠴᠢᠩᠭ᠎ᠠ ᠵᠢᠷᠤᠮᠯᠠᠨ᠎ᠠ᠃ ︽ᠬᠤᠶᠠᠷ ᠲᠤ ᠵᠣᠪᠠᠭ᠋ᠤ ᠦᠭᠡᠢ︾ ︽ᠭᠤᠷᠪᠠ ᠶᠢ ᠪᠠᠲᠤᠯᠠᠬᠤ︾ ᠵᠠᠷᠴᠢᠮ ᠢ ᠪᠠᠷᠢᠮᠲᠠᠯᠠᠵᠤ᠂ ᠶᠠᠳᠠᠭᠤ ᠶᠢ ᠲᠡᠳᠬᠦᠬᠦ ᠪᠠ ᠣᠶᠤᠨ ᠤᠬᠠᠭᠠᠨ ᠢ ᠲᠡᠳᠬᠦᠬᠦ ᠶᠢ ᠬᠠᠷᠢᠯᠴᠠᠨ ᠤᠶᠠᠯᠳᠤᠭᠤᠯᠬᠤ᠂ ︽ᠴᠢᠰᠤ ᠶᠡᠭᠦᠯᠡᠬᠦ︾ ᠪᠠ ︽ᠴᠢᠰᠤ ᠤᠶᠢᠯᠡᠳᠬᠦ︾ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠡᠷᠡᠰ ᠰᠢᠭᠤᠷᠬᠠᠢ ᠲᠡᠮᠡᠴᠡᠨ ᠣᠯᠤᠨ᠎ᠠ᠃    ︵ᠨᠢᠭᠡ︶ ᠴᠢ ᠰᠢᠶᠠ ᠶᠢᠩ ᠪᠠᠯᠭᠠᠰᠤᠨ ᠤ ᠦᠨᠳᠦᠰᠦᠨ ᠪᠠᠶᠢᠳᠠᠯ ᠵᠢᠴᠢ ᠶᠠᠳᠠᠭᠤ ᠬᠦᠴᠢᠷᠳᠡᠯᠲᠡᠶ ᠪᠠᠶᠢᠳᠠᠯ    ᠴᠢ ᠰᠢᠶᠠ ᠶᠢᠩ ᠪᠠᠯᠭᠠᠰᠤ ᠵᠦᠸᠧᠽᠢ ᠰᠢᠶᠠᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠲᠤᠯᠤᠭᠠᠨ ᠵᠠᠰᠠᠭ ᠵᠠᠬᠢᠷᠭᠠᠨ ᠤ ᠲᠣᠰᠬᠤᠨ ᠢ ᠬᠠᠷᠢᠶᠠᠯᠠᠨ᠎ᠠ᠃ ᠪᠦᠬᠦ ᠪᠠᠯᠭᠠᠰᠤᠨ ᠳᠤ 2591 ᠡᠷᠦᠬᠡ ᠶᠢᠨ 5945 ᠡᠷᠦᠬᠡ ᠪᠠᠶᠢᠩᠭᠤ ᠰᠠᠭᠤᠵᠤ᠂ 29325 ᠮᠦ ᠲᠠᠷᠢᠶᠠᠨ ᠭᠠᠵᠠᠷ ᠲᠠᠢ᠃ ᠣᠲᠣ ᠪᠣᠯᠲᠠᠯ᠎ᠠ ᠲᠠᠩᠰᠠ ᠪᠠ  ᠺᠠᠷᠲᠠᠯᠠᠭᠰᠠᠨ ᠶᠠᠳᠠᠭᠤ ᠬᠦᠴᠢᠷᠳᠡᠯᠲᠡᠶ 1059 ᠡᠷᠦᠬᠡ ᠶᠢᠨ 2492 ᠬᠥᠮᠦᠨ ᠢ ᠨᠠᠷᠢᠯᠢᠭ ᠣᠨᠣᠴᠠᠲᠠᠶ ᠪᠠᠷ ᠢᠯᠭᠠᠨ ᠲᠠᠨᠢᠵᠤ ᠪᠠᠶᠢᠨ᠎ᠠ᠃ ᠶᠠᠳᠠᠭᠤ ᠬᠦᠴᠢᠷᠳᠡᠯᠲᠡᠶ ᠡᠷᠦᠬᠡ ᠪᠠᠶᠢᠩᠭᠤ ᠰᠠᠭᠤᠭ᠎ᠠ ᠡᠷᠦᠬᠡ 40.87 % ᠶᠢ ᠡᠵᠡᠯᠡᠵᠦ᠂ ᠶᠠᠳᠠᠭᠤ ᠬᠦᠴᠢᠷᠳᠡᠯ ᠤᠨ ᠬᠡᠪᠴᠢᠶ᠎ᠡ ᠥᠷᠭᠡᠨ ᠬᠥᠮᠦᠨ ᠤᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠠᠭ ᠪᠠᠴᠢᠮ ᠡᠭᠦᠷᠭᠡ ᠬᠦᠨᠳᠦ ᠪᠠᠶᠢᠨ᠎ᠠ᠃    ︵ᠬᠤᠶᠠᠷ︶ ᠶᠠᠳᠠᠭᠤ ᠶᠢ ᠲᠡᠳᠬᠦᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ ᠴᠢᠩᠭ᠎ᠠ ᠪᠣᠳᠠᠲᠠᠶᠢᠵᠢᠭᠤᠯᠵᠤ᠂ ︽ᠨᠠᠷᠢᠯᠢᠭ ᠣᠨᠣᠴᠠᠲᠠᠶ︾ ᠪᠠᠶᠢᠬᠤ ᠶᠢ ᠳᠣᠪᠤᠶᠢᠯᠭᠠᠨ᠎ᠠ    1. ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ    ᠬᠤᠪᠢ ᠬᠥᠮᠦᠨ ᠤ ᠭᠤᠶᠤᠴᠢᠯᠠᠯ ᠢ ᠴᠢᠩᠭ᠎ᠠ ᠵᠢᠷᠤᠮᠯᠠᠨ᠂ ᠲᠣᠰᠬᠤᠨ ᠤ ᠠᠷᠠᠳ ᠤᠨ ᠳᠤᠭᠤᠶᠢᠯᠠᠩ ᠤᠨ ᠬᠤᠷᠠᠯ ᠠᠴᠠ ᠠᠷᠠᠳᠴᠢᠯᠠᠯ ᠢᠶᠠᠷ ᠦᠨᠡᠯᠡᠨ ᠶᠠᠷᠢᠯᠴᠠᠵᠤ᠂ ᠨᠠᠮ ᠤᠨ ᠡᠭᠦᠷ ᠤᠨ ᠭᠡᠰᠢᠭᠦᠳ ᠤᠨ ᠬᠤᠷᠠᠯ ᠬᠢᠨᠠᠨ ᠬᠠᠷᠭᠤᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠬᠢᠨᠠᠨ  ᠪᠠᠶᠢᠴᠠᠭᠠᠵᠤ ᠳᠠᠩᠰᠠ ᠪᠣᠳᠣᠵᠤ᠂ ᠵᠠᠷᠯᠠᠨ ᠨᠡᠶᠢᠲᠡᠯᠡᠭᠡᠳ ᠣᠨᠳᠣᠤ ᠰᠠᠨᠠᠯ ᠥᠬᠡᠶ ᠪᠣᠯ᠂ ᠲᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠡᠲᠡᠭᠡᠳ ᠲᠤ ᠣᠷᠣᠭᠤᠯᠤᠨ᠎ᠠ᠃    2. ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ  ᠳᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠬᠠᠪᠰᠤᠷᠤᠨ ᠲᠡᠳᠬᠦᠬᠦ ᠨᠢᠭᠡᠴᠡ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠨᠠᠢᠳᠠᠪᠤᠷᠢᠵᠢᠭᠤᠯᠬᠤ᠂ ᠨᠢᠭᠡ ᠶᠢ ᠨᠢᠭᠡ᠂ ᠬᠤᠤᠰᠯᠠᠯ ᠪᠣᠯᠵᠤ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠬᠠᠪᠰᠤᠷᠤᠨ ᠲᠡᠳᠬᠦᠬᠦ ᠲᠦᠯᠦᠪᠯᠡᠭᠡ ᠲᠣᠭᠲᠠᠭᠠᠬᠤ ᠠᠴᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠦᠷᠲᠡᠯ᠎ᠡ᠃  ᠤᠶᠢᠯᠡᠳᠪᠦᠷᠢᠯᠡᠯ ᠠᠮᠢᠳᠤᠷᠠᠯ ᠠᠴᠠ ᠬᠠᠪᠰᠤᠷᠤᠨ ᠲᠡᠳᠬᠦᠬᠦ ᠲᠥᠷᠥᠯ  ᠵᠦᠢᠯ ᠢ ᠬᠡᠷᠡᠭᠵᠢᠭᠦᠯᠬᠦ ᠬᠦᠷᠲᠡᠯ᠎ᠡ᠃ ᠬᠠᠪᠰᠤᠷᠤᠨ ᠲᠡᠳᠬᠦᠭᠰᠡᠨ ᠦᠷ᠎ᠡ ᠪᠦᠲᠦᠮᠵᠢ᠂ ᠣᠷᠣᠯᠭ᠎ᠠ ᠵᠠᠷᠤᠯᠭ᠎ᠠ ᠶᠢ ᠲᠣᠭᠠᠴᠠᠭ᠎ᠠ ᠬᠢᠵᠦ᠂ ᠨᠠᠷᠢᠯᠢᠭ  ᠤᠨᠤᠴᠢᠲᠠᠢ ᠪᠠᠷ ᠤᠬᠤᠷᠢᠨ ᠭᠠᠷᠴᠤ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠲᠠᠢ ᠬᠥᠮᠦᠨ ᠪᠥᠬᠦ ᠶᠠᠪᠤᠴᠠ ᠶᠢᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠪᠠᠨ  ᠭᠦᠢᠴᠡᠳᠬᠡᠨ᠎ᠡ᠃    3. ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠎ᠡ   ᠡᠷᠦᠬᠡ ᠳᠤ ᠲᠤᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠨᠢᠭᠡ ᠡᠷᠦᠬᠡ ᠳᠤ ᠨᠢᠭᠡ ᠠᠷᠭ᠎ᠠ ᠪᠤᠳᠤᠯᠭ᠎ᠠ ᠠᠪᠴᠤ᠂ ᠰᠤᠳᠠᠯ ᠪᠠᠷᠢᠵᠤ ᠶᠠᠳᠠᠭᠤᠷᠠᠭᠰᠠᠨ ᠰᠢᠯᠲᠠᠭᠠᠨ ᠢ ᠣᠨᠣᠪᠴᠢᠲᠠᠶ ᠡᠵᠡᠮᠳᠡᠵᠦ᠂ ᠦᠨᠡᠨᠬᠦ ᠶᠠᠪᠤᠭᠳᠠᠭᠤᠰᠢᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ᠂ ᠲᠤᠰ ᠪᠡᠶ᠎ᠡ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠠᠴᠠ ᠪᠣᠯᠵᠤ᠂ ᠪᠡᠯᠡ ᠮᠥᠩᠭᠦ  ᠲᠤᠲᠠᠭᠳᠠᠵᠤ᠂ ᠮᠡᠷᠭᠡᠵᠢᠯ ᠳᠤᠲᠠᠮᠠᠭ ᠶᠠᠳᠠᠭᠤ ᠬᠦᠴᠢᠷᠳᠡᠯᠲᠡᠶ ᠡᠷᠦᠬᠡ ᠮᠥᠩᠭᠦᠨ  ᠭᠦᠢᠯᠭᠡᠭᠡᠨ ᠤ ᠰᠠᠯᠠᠭ᠎ᠠ ᠮᠥᠴᠢᠷ᠂ ᠠᠵᠢᠯ ᠣᠯᠬᠤ ᠬᠥᠳᠡᠯᠮᠦᠷᠢ ᠶᠢᠨ ᠰᠠᠯᠠᠭ᠎ᠠ ᠮᠥᠴᠢᠷ ᠲᠠᠢ ᠬᠠᠷᠢᠯᠴᠠᠵᠤ᠂ ᠵᠢᠭᠡᠯᠡᠯᠭᠡ ᠪᠠ ᠲᠧᠭᠨᠢᠭ ᠮᠡᠷᠭᠡᠵᠢᠯ ᠤᠨ ᠪᠣᠯᠪᠠᠰᠤᠷᠠᠯ ᠢ ᠬᠠᠪᠰᠤᠷᠴᠤ᠂ ᠠᠵᠤ  ᠤᠶᠢᠯᠡᠰ ᠢ ᠬᠥᠭᠵᠢᠭᠦᠯᠬᠦ ᠲᠠᠯ᠎ᠠ ᠪᠠᠷ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠪᠡᠶᠡᠯᠡᠭᠦᠯᠬᠦ︔ ᠡᠪᠡᠳᠴᠢᠨ ᠠᠴᠠ ᠪᠣᠯᠵᠤ ᠶᠠᠳᠠᠭᠤᠷᠠᠭᠰᠠᠳ ᠲᠤ ᠡᠮ ᠡᠮᠨᠡᠯᠭᠡ ᠡᠷᠡᠭᠦᠯ ᠮᠡᠨᠳᠦ ᠶᠢᠨ ᠲᠤᠰᠠᠯᠠᠮᠵᠢ ᠦᠵᠡᠭᠦᠯᠵᠦ᠂ ᠡᠮᠨᠡᠯᠭᠡ ᠳᠤ ᠰᠠᠭᠤᠵᠤ ᠳᠠᠩᠰᠠ ᠲᠠᠶᠢᠯᠬᠤ ᠬᠠᠷᠢᠴᠠᠯ ᠪᠠ ᠬᠦᠨᠳᠦ ᠡᠪᠡᠳᠴᠢᠨ ᠤ ᠡᠮ ᠡᠮᠨᠡᠯᠭᠡ ᠶᠢᠨ ᠠᠪᠤᠷᠠᠨ ᠲᠣᠰᠠᠯᠠᠯᠲᠠ ᠶᠢ ᠨᠡᠮᠡᠭᠳᠡᠭᠦᠯᠵᠦ᠂ ᠤᠷᠲᠤ ᠤᠳᠠᠭᠠᠨ ᠡᠪᠡᠳᠴᠢᠨ ᠳᠤ  ᠰᠦᠢᠳᠬᠡᠯ ᠬᠤᠷᠢᠶᠠᠬᠤ ᠦᠭᠡᠢ ᠪᠠᠷ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠡᠮᠴᠢ ᠡᠮ ᠬᠦᠷᠭᠡᠬᠦ︔ ᠰᠤᠷᠤᠯᠭ᠎ᠠ ᠠᠴᠠ ᠪᠣᠯᠵᠤ ᠶᠠᠳᠠᠭᠤᠷᠠᠭᠰᠠᠳ ᠢ ᠰᠤᠷᠭᠠᠨ ᠬᠥᠮᠦᠵᠢᠭᠦᠯᠵᠦ ᠠᠪᠤᠷᠠᠨ ᠲᠤᠰᠠᠯᠠᠬᠤ ᠠᠷᠭ᠎ᠠ ᠠᠪᠴᠤ᠂ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠳᠤᠮᠳᠠᠳᠤ᠂ ᠥᠨᠳᠥᠷ ᠳᠤᠮᠳᠠᠳᠤ᠂ ᠶᠡᠭᠡ ᠰᠤᠷᠭᠠᠭᠤᠯᠢ ᠪᠠᠷ ᠲᠣᠰ ᠲᠣᠰ ᠠᠪᠤᠷᠠᠨ ᠲᠤᠰᠠᠯᠠᠬᠤ ᠨᠥᠬᠦᠪᠥᠷᠢ ᠣᠯᠭᠤᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠢᠯ ᠬᠤᠭᠤᠴᠠᠭ᠎ᠠ ᠶᠢ ᠪᠡᠶᠡᠯᠡᠭᠦᠯᠬᠦ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠠᠴᠠ ᠪᠣᠯᠵᠣ ᠰᠤᠷᠤᠯᠭ᠎ᠠ ᠪᠠᠨ ᠳᠣᠷᠭᠤᠨ ᠵᠣᠭᠰᠣᠬᠤ ᠶᠢ ᠡᠷᠡᠰ ᠬᠤᠷᠢᠭᠯᠠᠬᠤ ᠬᠡᠷᠡᠭᠲᠡᠶ᠃ ᠣᠨᠳᠣᠤ ᠭᠠᠵᠠᠷ ᠨᠡᠭᠦᠯᠭᠡᠬᠦ᠂ ᠠᠮᠢ ᠠᠬᠤᠢ ᠶᠢᠨ ᠠᠷᠠᠳ ᠢ ᠨᠡᠭᠦᠯᠭᠡᠬᠦ ᠠᠵᠢᠯ ᠢ ᠴᠢᠩᠭᠠᠳᠬᠠᠵᠤ᠂  ᠤᠶᠢᠯᠡᠳᠪᠦᠷᠢᠯᠡᠯ ᠠᠮᠢᠳᠤᠷᠠᠯ ᠤᠨ ᠨᠥᠬᠦᠴᠡᠯ ᠪᠠᠷᠤᠭᠲᠠᠶ᠂ ᠪᠠᠶᠢᠭᠠᠯᠢ ᠶᠢᠨ ᠣᠷᠴᠢᠨ ᠲᠣᠭᠤᠷᠢᠨ ᠮᠠᠭᠤ ᠪᠤᠶᠢᠳᠠ ᠪᠥᠭᠯᠡᠭᠦᠦ ᠭᠠᠵᠠᠷ ᠣᠷᠣᠨ ᠳᠤ ᠠᠭᠤᠯᠠ ᠶᠢ ᠪᠢᠲᠡᠭᠦᠮᠵᠢᠯᠡᠨ  ᠮᠠᠯᠵᠢᠬᠤ ᠶᠢ ᠴᠠᠭᠠᠵᠠᠯᠠᠬᠤ ᠶᠢ ᠡᠷᠡᠰ ᠬᠡᠷᠡᠭᠵᠢᠭᠦᠯᠵᠦ᠂ ᠣᠨᠳᠣᠣ ᠭᠠᠵᠠᠷ ᠲᠤ ᠨᠡᠭᠦᠯᠭᠡᠨ ᠠᠮᠢ ᠠᠬᠤᠢ ᠶᠢᠨ ᠨᠡᠭᠦᠳᠡᠯ ᠠᠷᠠᠳ ᠢ ᠬᠠᠪᠰᠤᠷᠤᠨ ᠲᠡᠳᠬᠦᠬᠦ ᠶᠢ ᠬᠡᠷᠡᠭᠵᠢᠭᠦᠯᠪᠡ︔ ᠨᠠᠰᠤ ᠠᠬᠢᠵᠤ ᠪᠡᠶ᠎ᠡ ᠲᠣᠷᠣᠢ᠂ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠶ ᠡᠷᠦᠬᠡ ᠨᠡᠶᠢᠭᠡᠮ ᠤᠨ ᠪᠠᠲᠤᠯᠠᠭ᠎ᠠ ᠶᠢᠨ ᠦᠨᠳᠦᠰᠦᠨ ᠵᠦᠢᠯ ᠢ ᠪᠠᠲᠤᠯᠠᠵᠤ ᠶᠠᠳᠠᠭᠤ ᠶᠢ ᠲᠡᠳᠬᠦᠬᠦ ᠶᠢ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠢᠳᠠᠪᠤᠷᠢᠵᠢᠭᠤᠯᠬᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠨ᠎ᠠ᠃     4.ᠬᠥᠳᠡᠭᠡ ᠲᠣᠰᠬᠤᠨ ᠤ ᠣᠷᠣᠨ ᠰᠠᠭᠤᠴᠠ ᠳᠤ ︽ᠠᠶᠤᠯ ᠲᠦᠭᠰᠢᠭᠦᠷᠢ ᠶᠢ ᠠᠷᠢᠯᠭᠠᠨ ᠬᠥᠷᠥᠰᠥ ᠰᠢᠷᠣᠶ ᠶᠢ ᠥᠭᠡᠷᠡᠴᠢᠯᠡᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠵᠤ᠂ ᠪᠥᠬᠦ ᠪᠠᠯᠭᠠᠰᠤ ᠪᠠᠷ ᠢᠶᠠᠨ ᠣᠲᠣ ᠪᠣᠯᠲᠠᠯ᠎ᠠ᠂ C᠂ D ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢ 128  ᠡᠷᠦᠬᠡ ᠥᠭᠡᠷᠡᠴᠢᠯᠡᠨ ᠰᠢᠨᠡᠴᠢᠯᠡᠪᠡ᠃   5.ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢ ᠺᠤ ᠴᠢᠶᠠᠩ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ  ᠤᠶᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃      ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢ ᠪᠦᠬᠦ  ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ 65  ᠺᠢᠯᠤᠮᠧᠲᠷ ᠵᠠᠰᠠᠮᠠᠯ ᠵᠠᠮ᠂ 134 ᠺᠢᠯᠤᠮᠧᠲᠷ ᠵᠢᠵᠢᠭ ᠵᠡᠭᠡᠯᠢ ᠭᠤᠳᠤᠮᠵᠢ ᠶᠢ ᠬᠠᠲᠠᠭᠤᠷᠠᠭᠤᠯᠤᠨ᠎ᠠ᠃ 36 ᠲᠣᠰᠬᠤᠨ 1265 ᠡᠷᠦᠬᠡ ᠲᠦᠭᠡᠭᠡᠯ ᠤᠰᠤ ᠤᠭᠰᠠᠷᠠᠵᠤ᠂ ᠲᠦᠭᠡᠭᠡᠯ ᠤᠰᠤᠨ ᠤ ᠢᠨᠵᠧᠨᠧᠷᠢᠩ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠨ᠎ᠠ᠃ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ 8 ᠰᠣᠶᠣᠯ ᠴᠡᠩᠭᠡᠯ ᠤᠨ ᠲᠠᠯᠠᠪᠠᠢ ᠶᠢ ᠪᠠᠶᠢᠭᠤᠯᠤᠨ᠎ᠠ᠃    6.ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠠᠩᠭᠢ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ  ᠨᠠᠶᠢᠳᠠᠪᠦᠷᠢᠵᠢᠭᠤᠯᠵᠤ᠂ ᠬᠠᠪᠰᠤᠷᠤᠨ ᠲᠡᠳᠬᠦᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃    ᠪᠠᠯᠭᠠᠰᠤᠨ ᠳᠤ ᠲᠣᠰᠬᠤᠨ ᠳᠤ ᠰᠠᠭᠤᠬᠤ ᠬᠠᠪᠰᠤᠷᠤᠨ ᠲᠡᠳᠬᠦᠬᠦ ᠠᠯᠪᠠᠨ ᠬᠡᠷ ᠪᠠᠶᠢᠭᠤᠯᠵᠤ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠᠶᠢᠭᠤᠯᠵᠤ᠂ ᠲᠣᠰᠬᠤᠨ ᠳᠤ ᠰᠠᠭᠤᠬᠤ ᠨᠢᠭᠡᠳᠦᠭᠡᠷ ᠱᠦᠵᠢ ᠶᠢᠨ ᠰᠢᠯᠢᠳᠡᠭ ᠢ ᠨᠢ ᠰᠤᠩᠭᠤᠵᠤ ᠬᠦᠴᠦᠷᠬᠡᠭ ᠢ ᠨᠢ ᠳᠣᠭᠢᠷᠠᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠢ ᠵᠤᠬᠢᠶᠠᠨ ᠪᠠᠶᠢᠭᠤᠯᠵᠤ᠂ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠲᠣᠰᠬᠤᠨ ᠳᠤ ᠰᠠᠭᠤᠬᠤ ᠠᠵᠢᠯ ᠤᠨ ᠪᠠᠶᠢᠳᠠᠯ ᠳᠤ ᠲᠣᠭᠲᠠᠭᠰᠠᠨ ᠴᠠᠭ ᠤᠨ ᠪᠠᠶᠢᠴᠠᠭᠠᠯᠲᠠ ᠵᠢᠯᠣᠭᠤᠳᠤᠯᠭ᠎ᠠ ᠥᠷᠨᠢᠭᠦᠯᠵᠦ᠂ ᠲᠣᠰᠬᠤᠨ ᠳᠤ ᠰᠠᠭᠤᠬᠤ ᠠᠵᠢᠯ ᠤᠨ ᠴᠢᠩᠭ᠎ᠠ ᠰᠠᠬᠢᠯᠭ᠎ᠠ ᠪᠠᠲᠤ ᠶᠢ ᠲᠣᠭᠲᠠᠭᠠᠬᠤ ᠬᠡᠷᠡᠭᠲᠡᠶ᠃    7.ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠲᠠ ᠰᠢᠪᠲᠤᠯᠬᠤ ᠠᠵᠢᠯ ᠢ ᠪᠦᠬᠦ ᠲᠣᠰᠬᠤᠨ ᠢᠶᠠᠷ ᠨᠢ ᠲᠦᠯᠬᠢᠨ ᠠᠬᠢᠭᠤᠯᠬᠤ ᠬᠡᠷᠡᠭᠲᠡᠶ᠃     ᠪᠡᠯᠡ ᠣᠷᠣᠭᠤᠯᠤᠯᠲᠠ ᠶᠢ ᠢᠳᠡᠪᠬᠢᠲᠡᠶ ᠵᠣᠬᠢᠴᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ  ᠨᠡᠮᠡᠭᠳᠡᠭᠦᠯᠵᠦ᠂ ᠲᠥᠷᠥᠯ  ᠵᠦᠢᠯ ᠢ ᠭᠦᠶᠦᠯᠭᠡᠵᠦ᠂ ᠪᠡᠯᠡ ᠮᠥᠩᠭᠦ ᠲᠠᠲᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠳᠤ ᠣᠳᠣᠬᠠᠨ ᠳᠤ ᠳᠣᠯᠣᠭᠠᠨ ᠲᠣᠰᠬᠤᠨ ᠢ ᠪᠦᠬᠦᠨ ᠢᠶᠠᠷ ᠨᠢ ᠲᠥᠷᠥᠯ ᠵᠦᠢᠯ ᠲᠣᠭᠲᠠᠭᠠᠬᠤ ᠶᠢᠨ ᠬᠠᠮᠲᠤ ᠬᠢᠨᠠᠨ ᠵᠥᠪᠰᠢᠶᠡᠷᠡᠬᠦ ᠶᠢ ᠪᠠᠲᠤᠯᠠᠵᠠᠶ᠃ ᠡᠭᠦᠨ ᠳᠤ 3 ᠲᠣᠰᠬᠤᠨ ᠢ ᠨᠢᠭᠡᠨᠲᠡ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠵᠢᠱᠢᠯᠲᠡ ᠪᠠᠷ ᠡᠨᠡ ᠵᠢᠯ ᠭᠠᠴᠠᠭᠠᠨ ᠤ ᠬᠠᠮᠲᠤ ᠶᠢᠨ ᠠᠵᠤ ᠠᠬᠤᠶ ᠶᠢ ᠥᠬᠡᠶ ᠪᠣᠯᠭᠠᠵᠤ ᠠᠬᠢᠨ ᠨᠡᠮᠡᠭᠳᠡᠭᠦᠯᠬᠦ ᠪᠣᠯᠤᠨ᠎ᠠ᠃ ᠯᠢᠦ ᠵᠧᠤ ᠫᠢᠩ ᠠᠵᠤ ᠠᠬᠤᠶ ᠶᠢᠨ ᠣᠶ ᠵᠢᠮᠢᠰ ᠤᠨ ᠬᠦᠷᠢᠶᠡᠯᠡᠩ ᠢ 120 ᠮᠦ ᠪᠠᠶᠢᠭᠤᠯᠵᠤ ᠳᠠᠭᠤᠰᠬᠠᠵᠠᠶ᠃ ᠰᠧ ᠳ᠋ᠤᠤ ᠭᠸᠦ ᠶᠢᠨ ᠡᠯᠳᠡᠪ ᠠᠮᠤ ᠪᠤᠷᠴᠠᠭ ᠪᠣᠯᠪᠠᠰᠤᠷᠠᠭᠤᠯᠬᠤ ᠤᠶᠢᠯᠡᠳᠪᠦᠷᠢ ᠶᠢ ᠨᠢᠭᠡᠨᠲᠡ ᠪᠠᠶᠢᠭᠤᠯᠵᠤ᠂ ᠹᠦ᠋  ᠬᠤᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠪᠣᠯᠪᠠᠰᠤᠷᠠᠭᠤᠯᠬᠤ ᠤᠶᠢᠯᠡᠳᠪᠦᠷᠢ᠂ ᠨᠢᠭᠡ ᠲᠠᠰᠤᠯᠭ᠎ᠠ ᠭᠡᠷ ᠪᠠᠶᠢᠰᠢᠩ ᠲᠡᠷᠭᠡ ᠵᠣᠭᠰᠣᠬᠤ ᠲᠠᠯᠠᠪᠠᠢ ᠶᠢ ᠶᠠᠭ ᠪᠡᠯᠡᠳᠬᠡᠨ ᠪᠠᠶᠢᠭᠤᠯᠵᠤ᠂ ᠴᠢᠩ ᠱᠠᠨ ᠠᠵᠢᠯ ᠣᠯᠭᠤᠬᠤ ᠪᠣᠯᠪᠠᠰᠤᠷᠠᠭᠤᠯᠤᠯ ᠤᠨ ᠤᠶᠢᠯᠡᠴᠢᠯᠡᠭᠡᠨ ᠤ ᠲᠥᠪ ᠢ ᠨᠢᠭᠡᠨᠲᠡ ᠪᠠᠶᠢᠭᠤᠯᠵᠤ ᠪᠣᠶ᠃    ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠭᠰᠡᠨ ᠠᠴᠠ ᠨᠠᠰᠢ᠂  ᠴᠢ ᠰᠢᠶᠠ ᠶᠢᠩ ᠪᠠᠯᠭᠠᠰᠤᠨ ᠤ ᠰᠢᠨ᠎ᠡ  ᠢ ᠡᠭᠦᠳᠬᠦ ᠠᠵᠢᠯ ᠤᠨ ᠠᠷᠭ᠎ᠠ ᠬᠡᠮᠵᠢᠶ᠎ᠡ ᠠᠪᠴᠤ᠂ ᠶᠡᠭᠡ ᠬᠡᠮᠵᠢᠶᠡᠨ ᠤ ᠠᠵᠢᠯ ᠬᠢᠭᠡᠳ ᠮᠡᠳᠡᠭᠳᠡᠬᠦ᠋ᠢᠴᠡ ᠠᠮᠵᠢᠯᠲᠠ ᠣᠯᠵᠠᠶ᠃ 2017 ᠣᠨ ᠤ ᠡᠴᠦᠰ ᠪᠣᠯᠲᠠᠯ᠎ᠠ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ 1059 ᠡᠷᠦᠬᠡ ᠂ 2492 ᠶᠠᠳᠠᠭᠤ ᠬᠦᠴᠢᠷᠳᠡᠯᠲᠡᠶ ᠡᠷᠦᠬᠡ ᠪᠣᠶ᠃ ᠡᠭᠦᠨ ᠳᠤ ᠶᠠᠳᠠᠭᠤ ᠠᠴᠠ ᠠᠩᠭᠢᠵᠢᠷᠠᠭᠠᠳᠤᠶ 314 ᠡᠷᠦᠬᠡ 782 ᠬᠥᠮᠦᠨ ᠪᠠᠶᠢᠵᠤ᠂ 666 ᠡᠷᠦᠬᠡ᠂ 1506 ᠬᠥᠮᠦᠨ  ᠶᠠᠳᠠᠭᠤ ᠠᠴᠠ ᠠᠩᠭᠢᠵᠢᠷᠠᠵᠠᠶ︔ 38 ᠡᠷᠦᠬᠡ ᠶᠢᠨ 109 ᠬᠥᠮᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠳᠠᠬᠢᠭᠠᠳ 41 ᠡᠷᠦᠬᠡ ᠶᠢᠨ 95 ᠬᠥᠮᠦᠨ ᠢ ᠶᠠᠳᠠᠭᠤ ᠠᠴᠠ ᠠᠩᠭᠢᠵᠢᠷᠠᠭᠤᠯᠪᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2