ᠵᠦᠸᠧᠽᠢ ᠰᠢᠶᠡᠨ ᠤ ᠰᠢᠭᠦᠭᠦ ᠬᠤᠷᠢᠶᠠᠨ ᠤ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020-06-09
    ᠠᠰᠠᠭᠤᠭᠰᠠᠨ ᠨᠢ᠄ ᠰᠢᠶᠠᠨ ᠤ ᠰᠢᠭᠦᠬᠦ ᠬᠤᠷᠢᠶᠠᠨ ᠤ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ  ᠭᠤᠤᠯᠳᠠᠯᠭ᠎ᠠ ᠨᠢ ᠶᠠᠭᠤ ᠶᠠᠭᠤ ᠪᠠᠶᠢᠬᠤ ᠪᠤᠢ︖    ᠬᠠᠷᠢᠭᠤᠯᠲᠠ᠄ ᠮᠠᠨ ᠤ ᠬᠤᠷᠢᠶ᠎ᠠ ᠢᠮᠠᠭᠲᠠ ᠨᠠᠮ ᠤᠨ ᠪᠠᠶᠢᠭᠤᠯᠤᠯᠲᠠ ᠶᠢᠨ ᠠᠵᠢᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠨᠠᠮ ᠤᠨ ᠡᠭᠦᠷ ᠪᠣᠯᠤᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠬᠠᠳᠬᠠᠵᠤ᠂ ᠨᠠᠮ ᠤᠨ ᠪᠠᠶᠢᠭᠤᠯᠤᠯᠲᠠ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠶ᠃ ︽ᠨᠠᠮ ᠤᠨ ᠪᠠᠶᠢᠭᠤᠯᠤᠯᠲᠠ ᠶᠢ ᠠᠳᠬᠤᠬᠤ᠂ ᠡᠩᠨᠡᠭᠡ ᠪᠠᠨ ᠳᠠᠶᠢᠴᠢᠯᠠᠬᠤ᠂ ᠰᠢᠭᠦᠨ ᠲᠠᠰᠤᠯᠤᠯᠲᠠ ᠶᠢ ᠠᠬᠢᠭᠤᠯᠬᠤ︾  ᠠᠵᠢᠯ ᠤᠨ ᠰᠡᠳᠬᠢᠴᠡ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠯᠠᠪᠳᠠᠭᠤᠨ ᠪᠠᠲᠤᠲᠠᠶ ᠪᠥᠭᠡᠳ ᠪᠦᠲᠦᠮᠵᠢᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ ᠡᠨᠡ ᠵᠢᠯ ᠪᠣᠯ ᠮᠠᠨ ᠤ ᠬᠤᠲᠠ ᠶᠢᠨ ︽ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ︾  ᠮᠥᠨᠴᠦ ᠪᠥᠬᠦ ᠤᠯᠤᠰ  ᠶᠢᠨ ᠰᠢᠭᠦᠬᠦ ᠬᠤᠷᠢᠶᠠᠨ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠭᠰᠡᠨ ᠨᠢᠭᠡ ᠵᠢᠯ ᠪᠣᠯᠤᠨ᠎ᠠ᠃ ᠮᠠᠨ ᠤ ᠬᠤᠷᠢᠶ᠎ᠠ ᠳᠡᠭᠡᠲᠦ ᠱᠠᠲᠤᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠨᠠᠢᠳᠠᠪᠤ‌‍ᠷᠢᠵᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠮᠠᠨ ᠤ ᠬᠤᠷᠢᠶᠠᠨ ᠤ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠲᠣᠭᠲᠠᠭᠠᠵᠠᠶ᠂ ᠳᠠᠷᠤᠶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠠᠶ᠃ ᠡᠯ᠎ᠡ ᠱᠠᠲᠤᠨ ᠤ ᠨᠠᠮ ᠤᠨ ᠬᠤᠷᠢᠶ᠎ᠠ ᠵᠢᠴᠢ  ᠳᠡᠭᠡᠲᠦ ᠱᠠᠲᠤᠨ ᠤ ᠰᠢᠭᠦᠬᠦ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠲᠤᠬᠠᠶ ᠡᠯ᠎ᠡ ᠵᠦᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠨᠢᠭᠡ ᠤᠬᠠᠮᠰᠠᠷ︾ ᠢ ᠪᠤᠢ ᠪᠣᠯᠭᠠᠬᠤ᠂ ︽ᠭᠤᠷᠪᠠᠨ ᠬᠥᠮᠦᠵᠢᠯ︾ ᠢ ᠥᠷᠨᠢᠭᠦᠯᠬᠦ᠂ ︽ᠠᠷᠪᠠᠨ ᠬᠤᠶᠠᠷ ᠠᠵᠢᠯᠯᠠᠭ᠎ᠠ︾ ᠶᠢ ᠲᠦᠯᠬᠢᠨ ᠠᠬᠢᠭᠤᠯᠬᠤ ᠪᠠᠷ ᠭᠠᠷᠳᠠᠴᠠ ᠪᠣᠯᠭᠠᠨ᠂ ᠰᠢᠭᠦᠬᠦ ᠬᠤᠷᠢᠶᠠᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠨᠢᠭᠡᠪᠦᠷᠢ ᠶᠢ ᠶᠡᠭᠡ ᠪᠠᠷ ᠴᠢᠩᠭᠠᠳᠬᠠᠵᠤ᠂ ︽ᠳᠣᠯᠣᠭᠠᠨ ᠶᠠᠰᠤ ᠴᠢᠨᠠᠷ︾ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠲᠠᠪᠤ ᠶᠢ ᠳᠡᠭᠡᠭᠰᠢᠯᠡᠭᠦᠯᠬᠦ︾ ᠶᠢ ᠪᠡᠶᠡᠯᠡᠭᠦᠯᠵᠦ᠂ ᠰᠢᠭᠦᠬᠦ ᠬᠤᠷᠢᠶᠠᠨ ᠤ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠠ ᠪᠤᠰᠤᠳ ᠡᠯ᠎ᠡ ᠵᠦᠢᠯ ᠤᠨ ᠠᠵᠢᠯ ᠤᠨ ︽ ᠵᠢᠷᠭᠤᠭᠠᠨ ᠣᠳᠣᠬᠢᠴᠢᠯᠠᠯᠲᠠ ᠶᠢ ᠬᠠᠮᠵᠢᠯᠴᠠᠭᠤᠯᠬᠤ᠂ ᠬᠤᠶᠠᠷ ᠲᠠᠯ᠎ᠠ ᠶᠢ ᠬᠠᠮᠲᠤ ᠳᠤᠨᠢ ᠳᠤᠷᠠᠳᠬᠤ︾ ᠶᠢ ᠠᠬᠢᠭᠤᠯᠵᠤ᠂  ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠪᠠ᠃ ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠢᠮ᠎ᠡ ᠶᠣᠰᠣ ᠶᠢ ᠡᠵᠡᠮᠳᠡᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠨᠡᠩ ᠰᠢᠨᠵᠢᠯᠡᠬᠦ ᠤᠬᠠᠭᠠᠨᠴᠢ ᠪᠠᠶᠢᠬᠤ ᠶᠢ ᠠᠬᠢᠭᠤᠯᠤᠨ᠎ᠠ︔ ᠬᠤᠶᠠᠷ ᠲᠤ᠂ ᠬᠦᠰᠡᠯᠡᠩ ᠢᠲᠡᠭᠡᠯ ᠪᠢᠰᠢᠷᠡᠯ ᠵᠣᠷᠢᠯᠲᠠ ᠪᠠᠨ ᠪᠠᠲᠤᠳᠬᠠᠬᠤ ᠪᠠᠷ ᠰᠠᠭᠤᠷᠢ ᠪᠣᠯᠭᠠᠵᠤ ᠂ ᠬᠥᠮᠦᠵᠢᠯ ᠬᠠᠮᠢᠶᠠᠷᠤᠯᠲᠠ ᠬᠢᠨᠠᠯᠲᠠ ᠶᠢ ᠴᠢᠩᠳᠠᠯᠠᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠨᠡᠩ ᠨᠢᠭᠲᠠ ᠴᠢᠩᠭ᠎ᠠ ᠪᠣᠯᠭᠠᠬᠤ ᠬᠡᠷᠡᠭᠲᠡᠢ︔ ᠭᠤᠷᠪᠠ ᠳᠤ ᠨᠠᠮ ᠤᠨ ᠭᠡᠰᠢᠭᠦᠨ ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ ᠪᠠᠷ ᠬᠦᠴᠦᠯᠡᠬᠦ ᠴᠡᠭ ᠪᠣᠯᠭᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ ᠭᠤᠣᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢ ᠨᠡᠩ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠠᠯᠢ ᠣᠯᠠᠨ ᠠᠵᠢᠯ ᠢ ᠨᠠᠢᠳᠠᠪᠤᠷᠢᠵᠢᠭᠤᠯᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠤᠯᠢ ᠴᠠᠭᠠᠵᠠ ᠶᠢᠨ ᠬᠡᠷᠡᠭᠴᠡᠭᠡ ᠶᠢ ᠴᠢᠷᠮᠠᠶᠢᠨ ᠬᠠᠩᠬᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠣᠬᠢᠷᠠᠭᠤᠯᠤᠭᠰᠠᠨ ᠡᠭᠦᠷᠭᠡ᠂ ᠵᠢᠷᠤᠭᠯᠠᠭᠰᠠᠨ ᠵᠢᠷᠤᠭ  ᠲᠦᠰᠦᠪ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠪᠣᠯᠤᠨ ᠲᠥᠪ ᠭᠤᠤᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠣᠶ ᠪᠣᠯᠭᠠᠬᠤ᠃ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ  ᠰᠢᠢᠳᠪᠦᠷᠢᠲᠦ ᠢᠯᠠᠯᠲᠠ ᠶᠢ ᠤᠯᠬᠤ ᠳᠤ ᠨᠡᠩ ᠬᠦᠴᠦᠲᠡᠶ ᠬᠠᠤᠯᠢ ᠪᠠᠷᠢᠬᠤ  ᠤᠶᠢᠯᠡᠴᠢᠯᠡᠭᠡ ᠪᠠ  ᠪᠠᠲᠤᠯᠠᠭ᠎ᠠ ᠬᠠᠩᠭᠠᠨ᠎ᠠ᠃    ᠠᠰᠠᠭᠤᠭᠰᠠᠨ ᠨᠢ᠄ ᠰᠢᠶᠠᠨ ᠤ ᠰᠢᠭᠦᠬᠦ ᠬᠤᠷᠢᠶ᠎ᠠ ᠡᠨᠡ ᠵᠢᠯ ᠬᠠᠤᠯᠢ ᠪᠠᠷᠢᠯᠲᠠ ᠪᠠᠷ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭᠲᠠᠶ ᠪᠠᠶᠢᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖   ᠬᠠᠷᠢᠭᠤᠯᠲᠠ᠄ ᠮᠠᠨ ᠤ ᠬᠤᠷᠢᠶ᠎ᠠ ᠨᠡᠶᠢᠭᠡᠮ ᠤᠨ ᠠᠩᠬᠠᠷᠤᠯ ᠲᠠᠯᠪᠢᠵᠤ  ᠪᠠᠶᠢᠭ᠎ᠠ ᠠᠰᠠᠭᠤᠳᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠬᠦ ᠶᠢ ᠢᠮᠠᠭᠲᠠ ᠪᠠᠷᠢᠮᠲᠠᠯᠠᠵᠤ᠂ ᠠᠷᠠᠳ ᠤᠨ ᠲᠥᠯᠥᠭᠡ ᠬᠠᠤᠯᠢ ᠪᠠᠷᠢᠬᠤ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠶᠢ  ᠡᠭᠦᠳᠴᠦ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠦᠨᠳᠦᠰᠦᠨ  ᠪᠠᠷᠢᠮᠵᠢᠶ᠎ᠠ ᠪᠣᠯᠭᠠᠬᠤ ᠶᠢ ᠪᠠᠷᠢᠮᠲᠠᠯᠠᠨ᠎ᠠ᠃ ᠡᠨᠡ ᠵᠢᠯ ᠤᠯᠠᠨ ᠲᠦᠮᠡᠨ ᠤ ᠵᠠᠷᠭᠤ ᠬᠢᠬᠦ ᠳᠤ ᠲᠦᠬᠦᠮ ᠦᠵᠡᠭᠦᠯᠬᠦ ᠲᠠᠯ᠎ᠠ ᠪᠠᠷ ᠮᠠᠨ ᠤ ᠬᠤᠷᠢᠶ᠎ᠠ ᠬᠤᠶᠠᠷ ᠶᠡᠭᠡ ᠭᠤᠤᠯᠳᠠᠯᠭ᠎ᠠ ᠶᠢ ᠲᠤᠪᠤᠶᠢᠯᠭᠠᠪᠠ᠂ ᠨᠢᠭᠡ ᠳᠤ ᠵᠠᠷᠭᠤ ᠶᠢᠨ  ᠤᠶᠢᠯᠡᠴᠢᠯᠡᠭᠡᠨ ᠤ ᠲᠥᠪ ᠤᠨ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠪᠡ᠃ ᠣᠯᠠᠨ ᠠᠷᠭ᠎ᠠ ᠵᠠᠮ᠂ ᠨᠢᠭᠡ ᠥᠷᠲᠡᠭᠡ ᠮᠠᠶ᠋ᠢᠭ ᠤᠨ᠂ ᠶᠡᠷᠦᠩᠬᠡᠶᠢᠯᠡᠭᠰᠡᠨ ᠴᠢᠨᠠᠷᠲᠠᠶ ᠵᠠᠷᠭᠤ ᠶᠢᠨ  ᠤᠶᠢᠯᠡᠴᠢᠯᠡᠭᠡᠨ ᠤ ᠲᠥᠪ ᠤᠨ ᠳᠡᠰ ᠳᠠᠪᠰᠢᠭᠰᠠᠨ ᠬᠡᠪᠯᠡᠯ ᠢ ᠬᠦᠴᠦᠯᠡᠨ ᠪᠠᠶᠢᠭᠤᠯᠵᠤ᠂ ᠬᠡᠷᠡᠭ ᠪᠣᠯᠭᠠᠨ ᠳᠠᠩᠰᠠᠯᠠᠬᠤ ᠠᠵᠢᠯ ᠤᠨ ᠴᠤᠪᠤᠷᠠᠯ᠂ ᠪᠠᠷᠢᠮᠵᠢᠶ᠎ᠠ᠂ ᠪᠢᠴᠢᠭ ᠬᠠᠷ᠎ᠠ ᠶᠢᠨ ᠵᠠᠭᠪᠤᠷ ᠵᠡᠷᠭᠡ ᠵᠠ ᠷᠭᠤ ᠳᠤ ᠡᠷᠬᠡᠪᠰᠢ ᠮᠡᠳᠡᠬᠦ ᠴᠢᠬᠤᠯᠠᠲᠠᠶ ᠠᠭᠤᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭ ᠪᠠᠶᠢᠲᠠᠯ᠎ᠠ ᠬᠡᠷᠡᠭ ᠪᠣᠯᠭᠠᠬᠤ ᠦᠭᠡᠢ᠂ ᠵᠠᠷᠭᠤ ᠪᠠᠶᠢᠲᠠᠯ᠎ᠠ ᠣᠶᠢᠰᠢᠶᠠᠬᠤ ᠦᠭᠡᠢ ᠪᠠᠶᠢᠬᠤ ᠵᠡᠷᠭᠡ ᠦᠵᠡᠭᠳᠡ ᠯ᠊ ᠢ ᠡᠷᠡᠰ ᠬᠤᠷᠢᠭᠯᠠᠨ᠎ᠠ︔ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠬᠤ ᠪᠠ ᠠᠯᠤᠰ ᠠᠴᠠ ᠤᠷᠢᠳᠴᠢᠯᠠᠨ ᠪᠣᠯᠵᠣᠵᠤ ᠬᠡᠷᠡᠭ ᠪᠣᠯᠭᠠᠨ ᠳᠠ ᠩᠰᠠᠯᠠᠬᠤ ᠶᠢ ᠶᠡᠬᠡᠪᠡᠷ ᠬᠡᠷᠡᠭᠵᠢᠭᠦᠯᠵᠦ᠂ ᠵᠠᠷᠭᠤ ᠶᠢᠨ ᠦᠢᠯᠡᠴᠢᠯᠡᠭᠡᠨ ᠤ ᠰᠦᠯᠵᠢᠶ᠎ᠡ᠂ 12368 ᠵᠠᠷᠭᠤ ᠶᠢᠨ ᠦᠢᠯᠡᠴᠢᠯᠡᠭᠡᠨ ᠤ ᠬᠠᠯᠠᠭᠤᠨ ᠤᠲᠠᠰᠤ ᠶᠢ ᠭᠦᠢᠴᠡᠳ ᠠᠰᠢᠭᠯᠠᠨ ᠤᠯᠠᠨ ᠲᠦᠮᠡᠨ ᠳᠤ ᠨᠡᠩ ᠳᠥᠭᠦᠮ ᠳᠥᠲᠡ ᠵᠠᠷᠭᠤ ᠶᠢᠨ ᠦᠢᠯᠡᠴᠢᠯᠡᠭᠡ ᠬᠠᠩᠭᠠᠪᠠᠯ᠂ ᠲᠤᠬᠠᠢ ᠶᠢᠨ ᠬᠥᠮᠦᠨ ᠭᠡᠷ ᠠᠴᠠ ᠪᠠᠨ ᠭᠠᠷᠬᠤ ᠦᠭᠡᠢ ᠪᠠᠷ ᠬᠡᠷᠡᠭ ᠪᠣᠯᠭᠠᠨ ᠳᠠᠩᠰᠠᠯᠠᠬᠤ᠂ ᠬᠡᠷᠡᠭ ᠰᠢᠢᠳᠪᠦᠷᠢᠯᠡᠬᠦ ᠠᠬᠢᠴᠠ ᠶᠢ ᠪᠠᠶᠢᠴ ᠠᠭᠠᠨ ᠯᠠᠪᠯᠠᠬᠤ ᠵᠡᠷᠭᠡ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠡᠨᠡ ᠵᠢᠯ ᠤᠨ 6 ᠰᠠᠷ᠎ᠠ ᠶᠢᠨ 25 ᠤ ᠡᠳᠦᠷ ᠪᠣᠯᠲᠠᠯ᠎ᠠ᠂ ᠮᠠᠨ ᠤ ᠬᠤᠷᠢᠶ᠎ᠠ ᠨᠡᠶᠢᠲᠡ 1521 ᠬᠡᠷᠡᠭ ︵ᠰᠢᠨ᠎ᠡ ᠪᠠᠷ ᠬᠤᠷᠢᠶᠠᠭᠰᠠᠨ + ᠬᠠᠭᠤᠴᠢᠨ ᠬᠠᠳᠠᠭᠠᠯᠠᠭᠰᠠᠨ︶︔ ᠬᠤᠶᠠᠷ ᠲᠤ ᠵᠠᠷᠭᠤ ᠶᠢ ᠬᠥᠲᠥᠯᠥᠨ ᠵᠢᠯᠣᠭᠤᠳᠬᠤ᠂ ᠰᠢᠭᠦᠨ ᠲᠠᠰᠤᠯᠤᠭᠰᠠᠨ ᠤ ᠳᠠᠷᠠᠭ᠎ᠠ ᠰᠡᠵᠢᠭᠯᠡᠯ ᠢ ᠬᠠᠷᠢᠭᠤᠯᠬᠤ ᠵᠢᠴᠢ ᠬᠤᠷᠢᠶᠠᠨ ᠤ ᠤᠳᠤᠷᠢᠳᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠵᠢᠵᠢᠭᠦᠷ ᠭᠠᠷᠠᠭ ᠤᠨ ᠲᠦᠷᠢᠮ ᠢ ᠦᠷ ᠭᠦᠯᠵᠢᠯᠡᠨ ᠴᠢᠩᠭᠠᠷᠠᠭᠤᠯᠤᠨ᠎ᠠ︔ ᠭᠤᠷᠪᠠ ᠳᠤ ᠠᠷᠠᠳ ᠤᠨ ᠰᠢᠭᠦᠬᠦ ᠲᠢᠩᠬᠢᠮ ᠤᠨ ᠪᠠᠶᠢᠭᠤᠯᠤᠯᠲᠠ ᠶᠢ ᠰᠢᠯᠢᠳᠡᠭᠵᠢᠭᠦᠯᠪᠡ᠃ ᠬᠥᠮᠦᠨ ᠵᠣᠭᠤᠰ ᠮᠥᠩᠭᠦ ᠡᠳ᠋ ᠪᠣᠳᠠᠰ ᠢ ᠦᠨᠳᠦᠰᠦᠨ ᠱᠠᠲᠤᠨ ᠤ ᠰᠢᠭᠦᠬᠦ ᠲᠢᠩᠬᠢᠮ ᠲᠡᠰᠢ ᠬᠡᠯᠪᠠᠶᠢᠯᠭᠡᠵᠦ᠂ ᠮᠠᠨ ᠤ ᠬᠤᠷᠢᠶ᠎ᠠ 2017 ᠣᠨ ᠤ 10 ᠰᠠᠷ᠎ᠠ ᠳᠤ ᠬᠤᠰᠢᠭᠤᠨ ᠳᠣᠤᠷ᠎ᠠ ᠬᠤᠸᠠᠷᠠᠨ ᠤ ᠰᠢᠭᠦᠬᠦ ᠲᠢᠩᠬᠢᠮ ᠢ ᠨᠡᠭᠦᠯᠭᠡ ᠨ᠊ ᠪᠠᠶᠢᠭᠤᠯᠬᠤ ᠢᠨᠵᠧᠨᠧᠷᠢᠩ ᠢ ᠳᠠᠭᠤᠰᠬᠠᠵᠤ᠂ ᠪᠠᠷᠢᠯᠭ᠎ᠠ ᠶᠢᠨ ᠪᠠᠷᠢᠮᠵᠢᠶ᠎ᠠ ᠶᠢ ᠨᠢᠭᠡᠳᠦᠭᠡᠷ ᠲᠥᠷᠥᠯ ᠤᠨ ᠰᠢᠭᠦᠬᠦ ᠲᠢᠩᠬᠢᠮ ᠤᠨ ᠶᠣᠰᠣᠭᠠᠷ ᠪᠠᠶᠢᠭᠤᠯᠪᠠ᠃ ᠲᠣᠭᠤᠷᠢᠨ ᠰᠢᠭᠦᠨ ᠲᠠᠰᠤᠯᠬᠤ ᠡᠷᠴᠢᠮ ᠢᠶᠠᠨ ᠴᠢᠩᠭᠠᠷᠠᠭᠤᠯᠵᠤ᠂ᠬᠠᠷᠢᠶ᠎ᠠ ᠣᠷᠣᠨ ᠤ ᠠᠮᠤᠷ ᠠᠮᠤᠭᠤᠯᠠᠩ᠂ ᠡᠶ᠎ᠡ ᠵᠣᠬᠢᠴᠠᠩᠭᠤᠶ᠂ ᠬᠠᠤᠯᠢ ᠪᠠᠷ ᠵᠠᠰᠠᠬᠤ᠂ ᠲᠣᠭᠲᠠᠭᠤᠨ ᠢᠶᠠᠷ ᠬᠥᠭ ᠵᠢᠬᠦ ᠶᠢ ᠠᠬᠢᠭᠤᠯᠤᠨ᠎ᠠ᠃    ᠠᠰᠠᠭᠤᠯᠲᠠ᠄ ᠡᠨᠡ ᠵᠢᠯ ᠪᠣᠯ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠤᠷᠠᠳᠤᠭᠰᠠᠨ ︽ᠬᠤᠶᠠᠷ ᠠᠴᠠ ᠭᠤᠷᠪᠠᠨ ᠶᠢ ᠯ᠊ ᠤᠨ ᠬᠤᠭᠤᠴᠠᠭ᠎ᠠ ᠶᠢ ᠬᠡᠷᠡᠭᠯᠡᠵᠦ ᠭᠦᠶ᠋ᠴᠡᠳᠬᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠦᠨᠳᠦᠰᠦᠨ ᠳᠡᠭᠡᠨ ᠰᠢ ᠶᠳᠪᠦᠷᠢᠯᠡᠬᠦ︾ ᠰᠢᠶ᠋ᠳᠪᠦᠷᠢᠲᠦ ᠪᠠᠶᠢᠯᠳᠤᠭᠠᠨ ᠤ ᠵᠢᠯ ᠪᠣᠯᠤᠨ᠎ᠠ᠃ ᠰᠢᠶᠠᠨ ᠤ ᠰᠢᠭᠦᠬᠦ ᠬᠤᠷᠢᠶ᠎ᠠ ᠭᠦᠢᠴᠡᠳᠬᠡᠬᠦ ᠠᠵᠢᠯ ᠤᠨ ᠲᠠᠯ᠎ᠠ ᠪᠠᠷ ᠶᠠᠮᠠᠷ ᠶᠠᠮᠠᠷ ᠪᠠᠶᠢᠷᠢᠯᠠᠭᠤᠯᠤᠯᠲᠠ ᠪᠠ ᠠᠷᠭ ᠎ᠠ ᠬᠡᠮᠵᠢᠶ᠎ᠡ ᠠᠪᠤᠭᠰᠠᠨ ᠪᠤᠢ︖ ᠬᠠᠷᠢᠭᠤᠯᠲᠠ᠄ ᠭᠦᠢᠴᠡᠳᠬᠡᠬᠦ ᠳᠤ ᠬᠦᠴᠢᠷᠲᠡᠶ ᠠᠰᠠᠭᠤᠳᠠᠯ ᠪᠣᠯ ᠢᠮᠠᠭᠲᠠ ᠨᠡᠶᠢᠭᠡᠮ ᠳᠠᠶᠠᠭᠠᠷ ᠤᠨ ᠠᠩᠬᠠᠷᠤᠯ ᠤᠨ ᠲᠥᠪ ᠪᠣᠯᠤᠭᠰᠠᠭᠠᠷ ᠢᠷᠡᠭᠰᠡᠨ ᠶᠤᠮ᠂ ᠦᠷ᠎ᠡ ᠶᠢᠨ ᠵᠢᠯ ᠠᠴᠠ ᠨᠠᠰᠢ ᠮᠠᠨ ᠤ ᠬᠤᠷᠢᠶ᠎ᠠ ᠴᠥᠬᠦᠷᠡᠰᠢ ᠦᠭᠡᠢ ᠴᠢᠷᠮᠠᠶᠢᠵᠤ᠂ ᠵᠣᠬᠢᠬᠤ ᠠᠮᠵᠢᠯᠲᠠ ᠣᠯᠪᠠ᠃ ᠭᠦᠶ᠋ᠴᠡᠳᠬᠡᠬᠦ ᠳᠤ ᠬᠦᠴᠢᠷᠲᠡᠶ ᠪᠣᠯᠭᠠᠭᠰᠠᠨ ᠰᠢᠯᠲᠠᠭᠠᠨ ᠮᠠᠰᠢ ᠤᠯᠠᠨ ᠪᠠᠶᠢᠨ᠎ᠠ᠂ ᠰᠢᠭᠦᠬᠦ ᠬᠤᠷᠢᠶᠠᠨ ᠤ ᠲᠤᠰ ᠪᠡᠶ ᠎ᠡ ᠠᠴᠠ ᠨᠢ ᠠᠪᠴᠤ ᠦᠵᠡᠪᠡᠯ᠂ ᠭᠦᠶ᠋ᠴᠡᠳᠬᠡᠬᠦ ᠡᠷᠴᠢᠮ᠂ ᠭᠦᠶ᠋ᠴᠡᠳᠬᠡᠬᠦ ᠠᠷᠭ᠎ᠠ ᠶᠢᠨ ᠲᠠᠯ᠎ᠠ ᠪᠠᠷ ᠬᠢ ᠠᠰᠠᠭᠤᠳᠠᠯ ᠵᠡ ᠷᠭᠡ ᠪᠠᠶᠢᠨ᠎ᠠ︔ ᠲᠤᠬᠠᠶ ᠶᠢᠨ ᠬᠥᠮᠦᠨ ᠤ ᠲᠠᠯ᠎ᠠ ᠠᠴᠠ ᠦᠵᠡᠪᠡᠯ᠂ ᠬᠡᠰᠡᠭ ᠲᠤᠬᠠᠶ ᠶᠢᠨ ᠬᠥᠮᠦᠨ ᠤ ᠦᠨᠡᠨᠴᠢ ᠢᠲᠡᠭᠡᠮᠵᠢ ᠳᠤᠲᠠᠭᠳᠠᠵᠤ᠂ ᠬᠠᠤᠯᠢ ᠴᠠᠭᠠᠵᠠ ᠶᠢᠨ ᠦᠵᠡᠯ ᠤᠬᠠᠮᠰᠠᠷ ᠨᠢ ᠲᠤ ᠲᠠᠮᠠᠭ᠂ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠭᠦᠶ᠋ᠴᠡᠳᠬᠡᠬᠦ ᠤᠬᠠᠮᠰᠠᠷᠲᠤ ᠴᠢᠨᠠᠷ ᠨᠢ ᠥᠨᠳᠥᠷ ᠪᠢᠰᠢ ᠪᠠᠶᠢᠨ᠎ᠠ︔ ᠨᠡᠶᠢᠭᠡᠮ ᠤᠨ ᠲᠠᠯ᠎ᠠ ᠠᠴᠠ ᠦᠵᠡᠪᠡᠯ᠂ ᠰᠢᠭᠦᠬᠦ ᠬᠤᠷᠢᠶ᠎ᠠ ᠭᠦᠢᠴᠡᠳᠬᠡᠬᠦ ᠶᠠᠪᠤᠴᠠ ᠳᠤ᠂ ᠪᠠᠩᠬᠢ᠂ ᠦᠯᠦ ᠬᠥᠳᠡᠯᠬᠦ ᠬᠦᠷᠦᠩᠭᠡ ᠵᠡᠷᠭᠡ ᠤᠯᠠᠨ ᠰᠠᠯᠠᠭ᠎ᠠ ᠮᠥᠴᠢᠷ ᠤᠨ ᠲᠠᠯ᠎ᠠ ᠲᠠᠯ᠎ᠠ ᠶᠢᠨ ᠬᠠᠮᠵᠢᠯᠴᠠᠭ᠎ᠠ ᠴᠢ ᠬᠤᠯᠠᠲᠠᠶ᠂ ᠬᠠᠪᠰᠤᠷᠬᠤ ᠠᠵᠢᠯ ᠢ ᠬᠡᠷᠬᠢᠨ ᠬᠢᠭᠰᠡᠨ ᠨᠢ ᠰᠢᠭᠦᠬᠦ ᠬᠤᠷᠢᠶᠠᠨ ᠤ ᠭᠦᠶ᠋ᠴᠡᠳᠬᠡᠬᠦ ᠦᠷ᠎ᠡ ᠪᠦᠲᠦᠮᠵᠢ ᠶᠢ ᠰᠢᠭᠤᠳ ᠨᠥᠯᠥᠭᠡᠯᠡᠬᠦ ᠬᠡᠷᠡᠭᠲᠡᠶ᠃ ᠡᠶᠢᠮᠦ ᠠᠴᠠ ᠰᠢᠭᠦᠬᠦ ᠬᠤᠷᠢᠶᠠᠨ ᠤ ᠭᠦᠶ᠋ᠴᠡᠳᠬᠡᠬᠦ ᠶᠠᠪᠤᠳᠠᠯ ᠪᠣᠯ ᠶᠡᠷᠦᠩᠬᠡᠶᠢᠯᠡᠭᠰᠡᠨ ᠴᠢᠨᠠᠷᠲᠠᠶ ᠠᠰᠠᠭᠤᠳᠠᠯ ᠤ ᠣᠯᠤᠨ᠎ᠠ᠃ ᠡᠨᠡ ᠬᠦ ᠠᠰᠠᠭᠤᠳᠠᠯ ᠤᠨ ᠡᠮᠦᠨ᠎ᠡ᠂ ᠮᠠᠨ ᠤ ᠬᠤᠷᠢᠶ᠎ᠠ ᠦᠷ᠎ᠡ ᠶᠢᠨ ᠵᠢᠯ ᠳᠤ ᠠᠯᠢ ᠣᠯᠠᠨ ᠠᠷᠭ᠎ᠠ ᠬᠡᠮᠵᠢᠶ᠎ᠡ ᠠᠪ ᠴᠤ᠂ ᠵᠢᠱᠢᠶᠡᠯᠡᠪᠡᠯ ᠭᠦᠶ᠋ᠴᠡᠳᠬᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠭᠦᠶ᠋ᠴᠡᠳᠬᠡᠬᠦ ᠵᠢᠯᠣᠭᠤᠳᠬᠤ ᠲᠥᠪ ᠢ ᠲᠡᠭᠦ ᠯᠳᠡᠷᠵᠢᠭᠦᠯᠬᠦ᠂ ︽ᠶᠡᠷᠦᠩᠬᠡᠶ ᠳᠤᠨᠢ ᠶᠡᠷᠦᠩᠬᠡᠶᠢᠯᠡᠨ ᠶᠡᠷᠦᠩᠬᠡᠶᠢᠯᠡᠨ ᠬᠢᠬᠦ︾ ᠪᠠᠶᠢᠴᠠᠭᠠᠨ ᠡᠵᠡᠮᠳᠡᠬᠦ ᠰᠢᠰᠲ᠋ᠧᠮ ᠢ ᠨᠡᠪᠲᠡᠷᠡᠭᠦᠯᠬᠦ᠂ ᠭᠦᠶ᠋ᠴᠡᠳᠬᠡᠬᠦ ᠮᠡᠳᠡᠭᠡ ᠵᠠᠩᠭᠢ ᠶᠢ ᠢᠯᠡ ᠪᠣᠯᠭᠠᠬᠤ᠂ ᠡᠯ᠎ᠡ ᠲᠠᠯ᠎ᠠ ᠶᠢᠨ ᠬᠢᠨ ᠢ ᠵᠣᠬᠢᠴ ᠠᠭᠤᠯᠤᠨ ᠭᠦᠶ᠋ᠴᠡᠳᠬᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠣᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠡᠨᠡ ᠬᠦ ᠬᠦᠴᠢᠷ ᠠᠰᠠᠭᠤᠳᠠᠯ ᠢ ᠰᠢᠶ᠋ᠳᠪᠦᠷᠢᠯᠡᠬᠦ ᠬᠡᠷᠡᠭᠲᠡᠶ᠃ ᠬᠠᠮᠤᠭ ᠤᠨ ᠳᠡᠭᠡᠳᠦ ᠬᠠᠤᠯᠢ ᠳᠤ ᠳᠤᠷᠠᠳᠤᠭᠰᠠᠨ ᠬᠤᠶᠠᠷ ᠠᠴᠠ ᠭᠤᠷᠪᠠᠨ ᠵᠢᠯ ᠤᠨ ᠬᠤᠭᠤᠴᠠᠭᠠᠨ ᠳᠤ ᠬᠡᠷᠡᠭᠵᠢ ᠭᠦᠯᠬᠦ ᠳᠤ ᠬᠦᠴᠢᠷᠲᠡᠶ ᠠᠰᠠᠭᠤᠳᠠᠯ ᠢ ᠦᠨᠳᠦᠰᠦᠨ ᠳᠡᠭᠡᠨ ᠰᠢᠶ᠋ᠳᠪᠦᠷᠢᠯᠡᠨ᠎ᠡ︾ ᠭᠡᠰᠡᠨ ᠲᠥᠪ ᠴᠢᠩᠭ᠎ᠠ ᠠᠮᠠᠯᠠᠯᠲᠠ ᠶᠢ ᠪᠡᠶᠡᠯᠡᠭᠦᠯᠬᠦ ᠶᠢᠨ ᠲᠥᠯᠥᠭᠡ ᠡᠨᠡ ᠵᠢᠯ ᠠᠴᠠ ᠨᠠᠰᠢ ᠪᠢᠳᠡ ᠭᠦᠢᠴᠡᠳᠬᠡᠬᠦ ᠠᠵᠢᠯ ᠢ ᠬᠦᠴᠦᠲᠡᠶ ᠠᠬᠢᠭᠤᠯᠵᠤ᠂ ᠵᠢᠯ ᠤᠨ ᠡᠬᠢᠨ ᠳᠤ ᠲᠥᠪᠯᠡᠷᠡᠭᠦᠯᠦᠨ ᠬᠡᠷᠡᠭᠵᠢᠭᠦᠯᠬᠦ ᠠᠵᠢᠯ ᠤᠨ ᠲᠥᠰᠦᠯ ᠢ ᠤᠷᠢᠳᠴᠢᠯᠠᠨ ᠲᠥᠰᠦᠪᠯᠡᠵᠦ᠂ ︽ᠵᠢᠷ ᠤᠭ ᠡᠯᠭᠦᠬᠦ ᠳᠠᠶᠢᠨ ᠬᠢᠬᠦ︾ ᠬᠡᠯᠪᠡᠷᠢ ᠶᠢ ᠠᠪᠴᠠᠶ᠃ ᠬᠡᠷᠡᠭ ᠤᠨ ᠭᠦᠢᠴᠡᠳᠬᠡᠬᠦ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠲᠣᠳᠣᠷᠬᠠᠶ ᠰᠡᠳᠬᠢᠴᠡ ᠪᠠ ᠠᠷᠭ᠎ᠠ ᠮᠠᠶ᠋ᠢᠭ ᠢᠶᠠᠷ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠶᠢ  ᠦᠨᠡᠨᠬᠦ ᠪᠠᠲᠤᠯᠠᠵᠤ᠂  ᠭᠦᠢᠴᠡᠳᠬᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠦᠢᠴᠡᠳᠬᠡᠬᠦ ᠪᠠᠷ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠡᠷᠡᠭᠵᠢᠭᠦᠯᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠪᠦᠬᠦ ᠬᠤᠷᠢᠶ᠎ᠠ ᠶᠢᠨ ᠬᠦᠴᠦᠨ ᠢᠶᠠᠷ ᠭᠦᠢᠴᠡᠳᠬᠡᠬᠦ ᠳᠤ ᠬᠦᠴᠢᠷ ᠲᠠᠢ ᠲᠤᠯᠠ ᠬᠤᠪᠢᠳᠠᠨ ᠬᠠᠮᠢᠶᠠᠷᠴᠤ ᠪᠦᠬᠦᠢ ᠳᠡᠳ᠋ ᠬᠤᠷᠢᠶᠠᠨ ᠳᠠᠷᠤᠭ᠎ᠠ᠂ ᠭᠦᠢᠴᠡᠳᠬᠡᠬᠦ ᠲᠣᠪᠴᠢᠶᠠᠨ ᠤ ᠳᠠᠷᠤᠭ᠎ᠠ ᠶᠢ ᠳᠠᠭᠠᠭᠤᠯᠤᠨ ᠬᠡᠷᠡᠭ ᠰᠢᠢᠳᠪᠦᠷᠢᠯᠡᠬᠦ ᠠᠷᠭ᠎ᠠ ᠶᠢ ᠠᠪᠴᠤ᠂ ᠤᠯᠠᠨ ᠬᠡᠷᠡᠭᠵᠢᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠦᠴᠦᠨ ᠢᠶᠠᠨ ᠲᠥᠪᠯᠡᠷᠡᠭᠦᠯᠦᠨ ︽ᠯᠠᠶᠢᠮᠤᠤᠷ︾ ᠵᠦᠭ ᠬᠤᠷᠴᠠ ᠰᠡᠯᠡᠮ᠎ᠡ ᠪᠠᠨ ᠳᠡᠯᠭᠡᠨ ᠦᠵᠡᠭᠦᠯᠪᠡ᠃ ᠳᠡᠭᠡᠳᠦ ᠰᠤᠷᠭᠠᠭᠤᠯᠢ ᠶᠢᠨ ᠤᠳᠤᠷᠢᠳᠬᠤ ᠪᠠᠭ ᠭᠦᠢᠴᠡᠳᠬᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠤᠯᠠᠨ ᠤᠳᠠᠭ᠎ᠠ ᠲᠤᠰᠬᠠᠢ ᠰᠡᠳᠦᠪ ᠢᠶᠠᠷ ᠰᠣᠨᠣᠰᠴᠤ᠂ ᠭᠦᠢᠴᠡᠳᠬᠡᠬᠦ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠪᠡ᠃ ᠡᠨᠡ ᠵᠢᠯ ᠤᠨ 1 — 6 ᠰᠠᠷ᠎ᠠ ᠳᠤ᠂ ᠨᠡᠶᠢᠲᠡ 175 ᠬᠡᠷᠡᠭ ᠢ  ᠭᠦᠢᠴᠡᠳᠬᠡᠨ ᠳᠠᠭᠤᠰᠬᠠᠵᠤ᠂ 4 ᠬᠥᠮᠦᠨ ᠢ ᠬᠠᠤᠯᠢ  ᠰᠢᠢᠳᠬᠡᠪᠡ᠃ ᠡᠭᠦᠨ ᠠᠴᠠ ᠭᠠᠳᠠᠨ᠎ᠠ᠂ ᠪᠢᠳᠡ ᠬᠡᠷᠡᠭᠵᠢᠭᠦᠯᠬᠦ ᠶᠢ ᠰᠦᠷᠳᠡᠭᠦᠯᠬᠦ ᠲᠣᠭᠲᠠᠴᠠ ᠶᠢ ᠪᠠᠶᠢᠭᠤᠯᠬᠤ ᠶᠢ ᠲᠤᠩ  ᠴᠢᠬᠤᠯᠠᠴᠢᠯᠠᠪᠠ᠂ ᠡᠨᠡ ᠵᠢᠯ ᠠᠴᠠ ᠨᠠᠰᠢ᠂ ᠪᠢᠳᠡ ︽ᠯᠠᠶᠢᠮᠤᠤᠰ︾ ᠢ ᠢᠯᠡᠴᠢᠯᠡᠵᠦ᠂ ᠬᠡᠷᠡᠭᠵᠢᠭᠦᠯᠬᠦ ᠶᠢ ᠲᠡᠪᠴᠢᠭᠰᠡᠨ ᠭᠦᠢᠴᠡᠳᠬᠡᠭᠴᠢ ᠶᠢ ᠪᠦᠬᠦᠨ ᠢ ᠢᠲᠡᠭᠡᠯ ᠢᠶᠠᠨ ᠠᠯᠳᠠᠭᠰᠠᠨ ᠭᠦᠢᠴᠡᠳᠬᠡᠭᠴᠢ ᠶᠢᠨ ᠬᠠᠷ᠎ᠠ ᠳᠠᠩᠰᠠᠨ ᠳᠤ ᠣᠷᠣᠭᠤᠯᠵᠠᠶ᠃ ᠲᠡᠭᠦᠨ ᠤ ᠨᠢᠰᠬᠡᠯ ᠳᠤ ᠰᠠᠭᠤᠬᠤ᠂ ᠳᠡᠭᠡᠳᠦ ᠬᠤᠷᠳᠤᠴᠠᠲᠤ ᠲᠡᠮᠦᠷ ᠵᠠᠮ ᠳᠤ ᠰᠠᠭᠤᠬᠤ᠂ ᠥᠨᠳᠥᠷ ᠬᠡᠷᠡᠭᠯᠡᠭᠡ ᠬᠢᠬᠦ ᠵᠡᠷᠭᠡ ᠶᠢ ᠬᠢᠵᠠᠭᠠᠷᠯᠠᠨ᠎ᠠ᠃ ᠡᠳᠡᠭᠡᠷ ᠠᠯᠢ ᠤᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠦᠢᠴᠡᠳᠬᠡᠬᠦ ᠳᠤ ᠬᠦᠴᠢᠷᠲᠡᠶ ᠪᠠᠶᠢᠬᠤ ᠠᠰᠠᠭᠤᠳᠠᠯ ᠪᠦᠲᠦᠮᠵᠢᠲᠡᠶ ᠰᠢᠢᠳᠪᠦᠷᠢᠯᠡᠭᠳᠡᠪᠡ᠃    ᠠᠰᠠᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠰᠢᠶᠠᠨ ᠤ ᠰᠢᠭᠦᠬᠦ  ᠬᠤᠷᠢᠶ᠎ᠠ ᠡᠨᠡ ᠵᠢᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠠᠯ᠎ᠠ ᠪᠠᠷ ᠶᠠᠮᠠᠷ ᠶᠠᠮᠠᠷ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠤᠢ︖    ᠬᠠᠷᠢᠭᠤᠯᠲᠠ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠲᠣᠳᠣᠷᠬᠠᠶ ᠵᠢᠭᠠᠵᠤ ᠭᠠᠷᠭᠠᠭᠰᠠᠨ ᠨᠢ᠂ ᠶᠠᠳᠠᠭᠤ ᠬᠦᠴᠢᠷᠳᠡᠯᠲᠡᠶ ᠬᠥᠮᠦᠨ ᠠᠮᠠ ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠢ ᠪᠦᠬᠦ ᠤᠯᠤᠰ ᠲᠠᠢ ᠬᠠᠮᠲᠤᠪᠡᠷ ᠴᠢᠨᠡᠭᠡᠯᠢᠭ ᠨᠡᠶᠢᠭᠡᠮ ᠳᠤ ᠣᠷᠣᠭᠤᠯᠬᠤ ᠪᠣᠯ ᠮᠠᠨ ᠤ ᠨᠠᠮ ᠤᠨ ᠲᠥᠪ ᠴᠢᠩᠭ᠎ᠠ ᠠᠮᠠᠯᠠᠯᠲᠠ ᠪᠣᠯᠤᠨ᠎ᠠ᠂ ᠡᠷᠬᠡᠪᠰᠢ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠶ᠃ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ᠮᠠᠨ ᠤ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠡᠯ᠎ᠡ ᠵᠤᠶᠢᠯ ᠤᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠮᠠᠨ ᠤ ᠬᠤᠷᠢᠶᠠᠨ ᠤ ᠴᠢᠭ ᠲᠣᠭᠲᠠᠭᠠᠨ ᠬᠠᠪᠰᠤᠷᠤᠨ ᠲᠡᠳᠬᠦᠬᠦ ᠲᠣᠰᠬᠤᠨ ᠪᠣᠯ ᠵᠦᠸᠧᠽᠢ ᠱᠠᠨ ᠪᠠᠯᠭᠠᠰᠤᠨ ᠤ ᠮᠠᠮᠢᠲᠦ ᠵᠠᠰᠠᠭ ᠵᠠᠬᠢᠷᠭᠠᠨ ᠤ ᠲᠣᠰᠬᠤᠨ ᠪᠣᠯᠤᠨ᠎ᠠ᠃ ᠠᠵᠢᠯ ᠤᠨ ᠳᠤᠮᠳᠠ ᠮᠠᠨ ᠤ ᠬᠤᠷᠢᠶ᠎ᠠ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠳᠤᠮᠳᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠠᠳᠬᠤᠬᠤ ᠶᠢ ᠢᠮᠠᠭᠲᠠ ᠪᠠᠷᠢᠮᠲᠠᠯᠠᠭᠰᠠᠭᠠᠷ ᠢᠷᠡᠵᠡᠢ᠃ ᠰᠢᠶᠠᠨ ᠤ ᠨᠠᠮ ᠤᠨ ᠬᠤᠷᠢᠶᠠᠨ ᠤ ᠳᠤᠷᠠᠳᠤᠭᠰᠠᠨ ︽ᠭᠤᠷᠪᠠᠨ ᠱᠤᠭᠤᠮ ᠲᠠᠪᠤᠨ ᠬᠦᠴᠦᠨ︾ ᠤ ᠨᠠᠮ ᠤᠨ ᠪᠠᠶᠢᠭᠤᠯᠤᠯᠲᠠ  ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠠᠬᠢᠭᠤᠯᠬᠤ ᠠᠵᠢᠯ ᠤᠨ ᠰᠡᠳᠬᠢᠴᠡ ᠶᠢ ᠭᠦᠨᠵᠡᠭᠡᠶ ᠨᠠᠢᠳᠠᠪᠤᠷᠢᠵᠢᠭᠤᠯᠬᠤ᠂ ᠨᠢᠭᠡ ᠳᠤ ᠨᠠᠮ ᠤᠨ ᠶᠡᠷᠦᠩᠬᠡᠶ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠰᠢᠭᠤᠳ ᠠᠳᠬᠤᠵᠤ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠᠶᠢᠭᠤᠯᠵᠤ᠂ ᠶᠠᠳᠠᠭᠤ ᠬᠦᠴᠢᠷᠳᠡᠯᠲᠡᠶ ᠭᠡᠷ ᠪᠦᠯᠢ ᠳᠤ  ᠭᠦᠨᠵᠡᠭᠡᠶᠢᠷᠡᠨ᠂ ᠶᠠᠳᠠᠭᠤ ᠬᠦᠴᠢᠷᠳᠡᠯᠲᠡᠶ ᠡᠷᠦᠬᠡ ᠶᠢᠨ ᠦᠨᠳᠦᠰᠦᠨ ᠪᠠᠶᠢᠳᠠᠯ᠂ ᠶᠠᠳᠠᠭᠤᠷᠠᠭᠰᠠᠨ ᠰᠢᠯᠲᠠᠭᠠᠨ ᠢ ᠪᠠᠶᠢᠴᠠᠭᠠᠨ ᠰᠤᠳᠤᠯᠤᠨ ᠣᠶᠢᠯᠠᠭᠠᠵᠤ᠂ ᠶᠠᠳᠠᠭᠤ ᠠᠴᠠ ᠠᠩᠭᠢᠵᠢᠷᠠᠭᠤᠯᠬᠤ ᠶᠢ ᠬᠠᠪᠰᠤᠷᠤᠨ ᠲᠡᠳᠬᠦᠬᠦ ᠬᠡᠷᠡᠭᠵᠢᠭᠦᠯᠬᠦ ᠲᠥᠰᠦᠯ ᠢ ᠪᠦᠬᠦ ᠲᠠᠯ᠎ᠠ ᠪᠠᠷ ᠲᠤᠭᠲᠤᠭᠠᠵᠤ᠂ ︽ᠨᠢᠭᠡ ᠡᠷᠦᠬᠡ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠵᠠᠷᠴᠢᠮ ᠶᠣᠰᠣᠭᠠᠷ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠠᠳᠠᠭᠤ ᠠᠴᠠ ᠠᠩᠭᠢᠵᠢᠷᠠᠭᠤᠯᠬᠤ ᠠᠵᠢᠯ ᠢ ᠨᠠᠷᠢᠨ ᠨᠢᠮᠪᠠᠶ  ᠪᠠᠶᠢᠷᠢᠯᠠᠭᠤᠯᠤᠯᠲᠠ ᠶᠢ ᠨᠠᠢᠳᠠᠪᠤᠷᠢᠵᠢᠭᠤᠯᠬᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠᠬᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ︔ ᠬᠤᠶᠠᠷ ᠲᠤ ᠲᠣᠰ ᠬᠤᠷᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢ ᠪᠠᠳᠠᠷᠠᠭᠤᠯᠵᠤ᠂ ᠮᠠᠨ ᠤ ᠬᠤᠷᠢᠶᠠᠨ ᠤ ᠪᠦᠬᠦ ᠨᠠᠮ ᠤᠨ ᠭᠡᠰᠢᠭᠦᠨ ᠺᠠᠳ᠋ᠷᠴᠤᠳ ᠬᠠᠪᠰᠤᠷᠤᠨ ᠲᠡᠳᠬᠦᠬᠦ ᠲᠣᠰᠬᠤᠨ ᠤ 78 ᠶᠠᠳᠠᠭᠤ ᠬᠦᠴᠢᠷᠳᠡᠯᠲᠠᠢ ᠡᠷᠦᠬᠡ ᠲᠠᠢ ᠬᠠᠷᠢᠴᠠᠭ᠎ᠠ ᠪᠠᠶᠢᠭᠤᠯᠵᠤ ᠬᠠᠪᠰᠤᠷᠤᠨ ᠲᠡᠳᠬᠦᠵᠦ᠂ ᠬᠠᠷᠢᠯᠴᠠᠵᠤ ᠪᠠᠶᠢᠭ᠎ᠠ ᠶᠠᠳᠠᠭᠤ  ᠬᠦᠴᠢᠷᠳᠡᠯᠲᠠᠢ ᠡᠷᠦᠬᠡ ᠶᠢᠨ ᠭᠡᠷ ᠲᠤ ᠬᠦᠷᠴᠦ ᠰᠤᠷᠪᠤᠯᠵᠢᠯᠠᠪᠠ᠃ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠪᠣᠳᠠᠲᠠᠶ ᠬᠦᠴᠢᠷᠳᠡᠯ ᠢ ᠨᠢ  ᠰᠢᠢᠳᠪᠦᠷᠢᠯᠡᠨ ᠥᠭᠴᠦ᠂ ᠪᠠᠶᠠᠷ ᠤᠨ ᠡᠳᠦᠷ ᠤᠨ ᠬᠤᠭᠤᠴᠠᠭᠠᠨ ᠳᠤ ᠶᠠᠳᠠᠭᠤ ᠬᠦᠴᠢᠷᠳᠡᠯᠲᠡᠶ ᠡᠷᠦᠬᠡ ᠳᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠲᠤᠬᠤᠨᠢᠭᠤᠯᠬᠤ ᠡᠳ᠋ ᠢ ᠰᠠᠨᠠᠭᠠᠴᠢᠯᠠᠭ᠎ᠠ ᠠᠴᠠ ᠪᠠᠨ ᠬᠠᠨᠳᠢᠪᠯᠠᠪᠠ︔ ᠭᠤᠷᠪᠠ ᠳᠤ ᠬᠠᠪᠰᠤᠷᠤᠨ ᠲᠡᠳᠬᠦᠬᠦ ᠲᠣᠰᠬᠤᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠨᠢᠲᠤ ᠶᠢᠨ ᠵᠠᠰᠠᠭ ᠵᠠᠬᠢᠷᠭᠠᠨ ᠤ ᠲᠣᠰᠬᠤᠨ ᠤ ᠤᠤᠯ ᠤᠨ ᠲᠣᠰᠬᠤᠨ ᠤ ᠠᠷᠠᠳ ᠤᠨ ᠵᠥᠪᠯᠡᠯ ᠤᠨ ᠠᠯᠪᠠᠨ ᠭᠡᠷ ᠢ ᠠᠶᠢᠯ ᠲᠣᠰᠬᠤᠨ ᠳᠤ ᠪᠠᠶᠢᠭᠤᠯᠵᠤ᠂ ᠮᠠᠨᠢᠲᠤ ᠶᠢᠨ ᠵᠠᠰᠠᠭ ᠵᠠᠬᠢᠷᠭᠠᠨ ᠤ ᠲᠣᠰᠬᠤᠨ ᠤ  ᠪᠠᠷᠠᠭᠤᠨ ᠬᠤᠶᠢᠲᠤ ᠵᠠᠬ᠎ᠠ ᠳᠤ ᠪᠠᠶᠢᠷᠢᠯᠠᠭᠤᠯᠤᠨ᠎ᠠ᠃ ᠲᠣᠰᠬᠤᠨ ᠤ ᠠᠷᠠᠳ ᠤᠨ ᠵᠥᠪᠯᠡᠯ ᠤᠨ ᠭᠡᠷ ᠪᠠᠶᠢᠰᠢᠩ ᠢ ᠤᠳᠠᠭᠠᠨ ᠵᠢᠯ ᠵᠠᠰᠠᠭᠰᠠᠨ ᠦᠭᠡᠶ ᠪᠣᠯᠬᠤᠷ ᠵᠢᠭᠰᠠᠭᠠᠯ ᠤᠨ ᠭᠠᠵᠠᠷ ᠤᠨ ᠴᠢᠳᠠᠮᠵᠢ ᠶᠢᠨ ᠤᠶᠢᠯᠡᠳᠤᠯ ᠢ ᠢᠯᠡᠳᠲᠡ ᠪᠠᠳᠠᠷᠠᠭᠤᠯᠤᠭᠰᠠᠨ ᠦᠭᠡᠶ᠃ ᠬᠠᠮᠤᠭ ᠤᠨ ᠬᠤᠯᠠ ᠠᠶᠢᠯ ᠲᠣᠰᠬᠤᠨ ᠨᠢ ᠭᠠᠴᠠᠭᠠᠨ ᠤ ᠵᠥᠪᠯᠡᠯ ᠠᠴᠠ 20 ᠺᠢᠯᠣᠮᠧᠲᠷ ᠵᠠᠶᠢᠲᠠᠶ᠂ ᠭᠠᠴᠠᠭᠠᠨ ᠤ ᠠᠷᠠᠳ ᠤᠨ ᠤᠴᠢᠷ ᠶᠠᠪᠤᠳᠠᠯ ᠰᠢᠢᠳᠪᠦᠷᠢᠯᠡᠬᠦ᠂ ᠬᠤᠷᠠᠯ ᠬᠢᠬᠦ᠂ ᠰᠤᠷᠤᠯᠴᠠᠬᠤ ᠳᠤ ᠲᠦᠢᠯ ᠤᠨ ᠳᠥᠭᠦᠮ ᠦᠭᠡᠢ ᠪᠠᠶᠢᠬᠤ ᠨᠢ ᠪᠠᠰᠠ ᠭᠠᠴᠠᠭᠠᠨ ᠤ ᠺᠠᠳ᠋ᠷ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠳᠤ ᠬᠦᠴᠢᠷᠳᠡᠯ ᠠᠪᠴᠢᠷᠠᠭᠰᠠᠨ ᠪᠠᠶᠢᠨ᠎ᠠ᠃ ᠬᠠᠪᠰᠤᠷᠤᠨ ᠲᠡᠳᠬᠦᠬᠦ ᠨᠢᠭᠡᠴᠢ ᠪᠣᠯᠤᠭᠰᠠᠨ ᠤ ᠬᠤᠪᠢ ᠳᠤ᠂ ᠮᠠᠨ ᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠪᠠᠯᠭᠠᠰᠤᠨ ᠤ ᠨᠠᠮ ᠤᠨ  ᠬᠤᠷᠢᠶᠠᠨ ᠤ ᠰᠠᠨᠠᠯ ᠢ ᠰᠤᠳᠤᠯᠤᠨ ᠬᠤᠷᠢᠶᠠᠭᠰᠠᠨ ᠤ ᠳᠠᠷᠠᠭ᠎ᠠ᠂ ᠬᠠᠮᠲᠤᠪᠠᠷ ᠪᠡᠯᠡ ᠮᠥᠩᠭᠦ ᠭᠠᠷᠭᠠᠵᠤ ᠮᠠᠨᠢᠲᠤ ᠶᠢᠨ ᠵᠠᠰᠠᠭ ᠵᠠᠬᠢᠷᠭᠠᠨ ᠤ ᠲᠣᠰᠬᠤᠨ ᠤ ᠭᠤᠤᠯ ᠣᠷᠣᠨ ᠪᠦᠰᠡ ᠶᠢᠨ  ᠤᠪᠤᠭᠠᠨ ᠠᠭᠤᠯᠠᠨ ᠤ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠭᠠᠵᠠᠷ ᠲᠤ᠂ 360 ᠲᠡᠭᠰᠢ ᠳᠥᠷᠪᠡᠯᠵᠢᠨ ᠮᠧᠲᠷ ᠲᠠᠯᠠᠪᠠᠶ ᠡᠵᠡᠯᠡᠵᠦ᠂ ᠵᠢᠱᠢᠯᠲᠡ ᠪᠠᠷ ᠨᠠᠮ ᠪᠠᠶᠢᠭᠤᠯᠤᠭᠳᠠᠭᠰᠠᠨ 97 ᠵᠢᠯ ᠤᠨ ᠣᠶ ᠪᠣᠯᠬᠤ ᠦᠶ᠎ᠡ ᠳᠤ ᠨᠡᠭᠦᠵᠦ ᠣᠷᠣᠵᠤ ᠰᠠᠭᠤᠬᠤ ᠪᠣᠯᠤᠨ᠎ᠠ᠃ ᠰᠢᠨ᠎ᠡ ᠭᠠᠵᠠᠷ ᠢ ᠨᠡᠭᠦᠯᠭᠡᠭᠰᠡᠨ ᠤ ᠳᠠᠷᠠᠭ᠎ᠠ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠨᠥᠬᠦᠴᠡᠯ ᠨᠢ ᠲᠦᠢᠯᠪᠤᠷᠢᠲᠠᠢ ᠰᠠᠶᠢᠵᠢᠷᠠᠵᠤ᠂ ᠪᠠᠰᠠ ᠭᠠᠴᠠᠭᠠᠨ ᠤ ᠠᠷᠠᠳ ᠤᠨ ᠬᠡᠷᠡᠭ  ᠡᠷᠬᠢᠯᠡᠬᠦ᠂ ᠠᠵᠢᠯᠯᠠᠭ᠎ᠠ ᠬᠢᠬᠦ ᠳᠤ ᠳᠦᠭᠦᠮ ᠦᠵᠡᠭᠦᠯᠬᠦ ᠪᠣᠯᠤᠨ᠎ᠠ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2